ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 4 ᠰᠠᠷ᠎ᠠ ᠵᠢᠨ 21᠎ᠤ ᠡᠳᠤᠷ 2023 ᠣᠨ᠎ᠤ 5 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠨᠠᠮ᠎ᠤᠨ ᠡᠭᠦᠷ᠎ᠤᠨ ᠱᠦᠵᠢ ᠵᠣᠣ ᠵᠢᠩ ᠪᠥᠸᠧ 《ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ》 ᠵᠢᠨ ᠲᠣᠭᠣᠷᠢᠨ᠎ᠳᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠭᠦᠳᠴᠦ᠂ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠳᠤᠮᠳᠠᠳᠤ ᠵᠢᠨ ᠦᠨᠳᠦᠰᠦᠲᠡᠨ᠎ᠤ ᠮᠢᠩᠭ᠋ᠠᠨ ᠣᠨ᠎ᠤ ᠬᠦᠰᠡᠯ ᠵᠡᠭᠦᠳᠦ᠎ᠠᠴᠠ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠳᠤᠷᠠᠳᠬᠤ ᠵᠢᠨ ᠬᠠᠮᠲᠤ ᠲᠤᠭᠤᠰᠢᠯᠠᠭᠤᠯᠵᠤ᠂ ᠨᠡᠩ ᠢᠳᠡᠪᠬᠢᠲᠡᠢ ᠰᠠᠨᠠᠭ᠋ᠠᠴᠢᠯᠠᠭ᠎ᠠ᠎ᠲᠠᠢ ᠨᠡᠭᠡᠭᠡᠯᠲᠡᠲᠤ ᠰᠠᠨᠠᠭ᠋ᠠᠴᠢᠯᠠᠭ᠎ᠠ ᠵᠢ ᠬᠡᠷᠡᠭᠵᠢᠭᠦᠯᠵᠦ᠂ ᠨᠠᠮ᠎ᠤᠨ ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ ᠵᠢ ᠲᠣᠭᠲᠠᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠶᠡᠬᠡ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢ ᠪᠦᠬᠦ ᠲᠠᠯ᠎ᠠ᠎ᠪᠠᠷ ᠠᠬᠢᠭᠤᠯᠬᠤ ᠲᠤᠯᠤᠭ᠋ᠠᠨ ᠲᠠᠯ᠎ᠠ᠎ᠪᠠᠷ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠠᠢ᠌ᠯᠪᠤᠷᠢᠯᠠᠪᠠ᠃


ᠵᠣᠣ ᠵᠢᠩ ᠪᠥᠸᠧ ᠴᠢᠬᠤᠯᠠᠴᠢᠯᠠᠭᠰᠠᠨ᠎ᠨᠢ᠂ ᠰᠢᠨ᠎ᠡ ᠴᠠᠭ ᠦᠶ᠎ᠡ ᠵᠢᠨ ᠠᠷᠪᠠᠨ ᠵᠢᠯ᠎ᠳᠤ ᠮᠠᠨ᠎ᠤ ᠨᠠᠮ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠵᠤ᠂ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠨᠠᠮ᠎ᠤᠨ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠷᠭ᠎ᠠ᠎ᠪᠠᠷ ᠠᠯᠢ ᠣᠯᠠᠨ ᠬᠤᠪᠢᠰᠤᠯᠲᠠ ᠵᠢᠨ ᠴᠢᠨᠠᠷᠲᠠᠢ ᠦᠢ᠍ᠯᠡᠳᠦᠯᠭᠡ ᠵᠢ ᠠᠬᠢᠭᠤᠯᠵᠤ᠂ ᠠᠯᠢ ᠤᠯᠠᠨ ᠰᠢᠪᠲᠤᠯᠤᠯᠲᠠ ᠵᠢᠨ ᠴᠢᠨᠠᠷᠲᠠᠢ ᠠᠬᠢᠴᠠ ᠵᠢ ᠪᠡᠶᠡᠯᠡᠭᠦᠯᠵᠦ᠂ ᠠᠯᠢ ᠤᠯᠠᠨ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ᠎ᠢ ᠣᠯᠵᠤ᠂ ᠤᠷᠳᠤ ᠬᠤᠭᠤᠴᠠᠭ᠎ᠠ᠎ᠪᠠᠷ ᠰᠢᠢ᠍ᠳᠪᠦᠷᠢᠯᠡᠵᠦ ᠳᠡᠢ᠌ᠯᠦᠭᠡᠳᠦᠢ ᠪᠠᠢ᠌ᠭᠰᠠᠨ ᠮᠠᠰᠢ ᠤᠯᠠᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠯᠤᠰ ᠬᠡᠳᠤ᠎ᠳᠤ ᠬᠣᠯᠪᠣᠭᠳᠠᠬᠤ ᠮᠠᠰᠢ ᠤᠯᠠᠨ ᠶᠡᠬᠡ ᠶᠠᠪᠤᠳᠠᠯ ᠴᠢᠬᠤᠯᠠ ᠶᠠᠪᠤᠳᠠᠯ᠎ᠢ ᠪᠦᠲᠦᠭᠡᠵᠦ᠂ ᠤᠯᠤᠰ ᠲᠦᠷᠦ᠂ ᠠᠵᠤ ᠠᠬᠤᠢ᠂ ᠦᠵᠡᠯ ᠤᠬᠠᠮᠰᠠᠷ᠎ᠤᠨ ᠬᠡᠯᠪᠡᠷᠢ᠂ ᠪᠠᠢ᠌ᠭ᠋ᠠᠯᠢ ᠶᠢᠷᠲᠢᠨᠴᠦ ᠵᠡᠷᠭᠡ ᠲᠠᠯ᠎ᠠ ᠵᠢᠨ ᠠᠶᠤᠯ ᠲᠦᠭᠰᠢᠭᠦᠷᠢ ᠥᠷᠢᠰᠦᠯᠳᠦᠭᠡᠨ ᠰᠢᠯᠭ᠋ᠠᠯᠲᠠ ᠵᠢ ᠳᠠᠭ᠋ᠠᠭ᠋ᠠᠵᠤ᠂ ᠨᠠᠮ ᠪᠣᠯᠣᠨ ᠤᠯᠤᠰ᠎ᠤᠨ ᠠᠵᠢᠯ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠪᠠ᠃ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ᠎ᠨᠢ ᠨᠠᠮ᠎ᠠᠴᠠ ᠰᠢ ᠵᠢᠨ ᠫᠢᠩ ᠨᠥᠬᠥᠷ᠎ᠤᠨ ᠨᠠᠮ᠎ᠤᠨ ᠲᠥᠪ ᠬᠣᠷᠢᠶᠠᠨ᠎ᠤ ᠭᠣᠣᠯᠯᠠᠭᠴᠢ᠂ ᠪᠦᠬᠦ ᠨᠠᠮ᠎ᠤᠨ ᠭᠣᠣᠯᠯᠠᠭᠴᠢ ᠵᠢᠨ ᠪᠠᠢ᠌ᠷᠢ ᠰᠠᠭᠤᠷᠢ ᠵᠢ ᠲᠣᠭᠲᠠᠭ᠋ᠠᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠤᠭᠣᠳᠬᠤ ᠪᠠᠢ᠌ᠷᠢ ᠰᠠᠭᠤᠷᠢ ᠵᠢ ᠲᠣᠭᠲᠠᠭ᠋ᠠᠭᠰᠠᠨ᠎ᠨᠢ ᠰᠢᠨ᠎ᠡ ᠴᠠᠭ ᠦᠶ᠎ᠡ ᠵᠢᠨ ᠨᠠᠮ ᠪᠣᠯᠣᠨ ᠤᠯᠤᠰ᠎ᠤᠨ ᠦᠢ᠍ᠯᠡᠰ᠎ᠤᠨ ᠬᠥᠭᠵᠢᠯᠲᠡ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠲᠡᠦᠬᠡᠨ ᠠᠬᠢᠴᠠ ᠵᠢ ᠠᠬᠢᠭᠤᠯᠬᠤ᠎ᠳᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠢ ᠭᠡᠳᠡᠭ᠎ᠢ ᠭᠦᠢ᠍ᠴᠡᠳ ᠭᠡᠷᠡᠴᠢᠯᠡᠵᠡᠢ᠃