ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠤᠨ᠎ᠬᠢᠨ ᠠᠷᠪᠠ ᠶᠢᠰᠦᠨ ᠪᠣᠳᠠᠲᠠᠢ ᠠᠷᠭ᠎ᠠ ᠵᠢ ᠲᠣᠭᠲᠠᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠪᠠ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2023-06-09

     ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠵᠢ ᠬᠠᠮᠤᠷᠤᠭᠰᠠᠨ᠂ ᠱᠠᠲᠤ ᠬᠤᠪᠢᠶᠠᠨ ᠲᠥᠷᠥᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠪᠦᠲᠦᠮᠵᠢᠲᠡᠶ ᠨᠡᠢ᠌ᠭᠡᠮ᠎ᠤᠨ ᠲᠤᠰᠠᠯᠠᠮᠵᠢ ᠵᠢᠨ ᠪᠠᠢ᠌ᠷᠢᠰᠢᠯ᠎ᠢ ᠲᠡᠭᠦᠯᠳᠡᠷᠵᠢᠭᠦᠯᠬᠦ ᠵᠢ ᠲᠦᠷᠬᠡᠳᠬᠡᠬᠦ ᠵᠢᠨ ᠲᠦᠯᠤᠬᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠢ᠌ᠷ᠎ᠠ᠎ᠳᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠲᠢᠩᠬᠢᠮ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠲᠠᠢ ᠬᠠᠮᠲᠤᠷᠠᠨ ᠮᠡᠳᠡᠭᠳᠡᠯ ᠲᠠᠷᠬᠠᠭ᠋ᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠠᠬᠢᠭᠤᠯᠬᠤ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠷᠪᠠ ᠶᠢᠰᠦᠨ ᠪᠣᠳᠠᠲᠠᠢ ᠠᠷᠭ᠎ᠠ ᠵᠢ ᠳᠤᠷᠠᠳᠤᠨ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠦᠨᠡᠨ ᠬᠦ᠌ ᠪᠠᠲᠤᠯᠠᠵᠤ᠂ ᠣᠨᠣᠪᠴᠢᠲᠠᠶ ᠪᠠᠲᠤᠯᠠᠵᠤ᠂ ᠰᠠᠢ᠌ᠲᠤᠷ ᠪᠠᠲᠤᠯᠠᠬᠤ ᠬᠡᠷᠡᠭᠲᠡᠢ ᠭᠡᠵᠡᠢ᠃
     ᠮᠡᠳᠡᠭᠳᠡᠯ᠎ᠳᠤ ᠵᠢᠭ᠋ᠠᠬᠰᠠᠨ᠎ᠨᠢ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠭᠤᠶᠤᠴᠢᠯᠠᠭᠴᠢ ᠵᠢᠨ ᠭᠡᠷ ᠪᠦᠯᠢ ᠵᠢᠨ ᠬᠥᠮᠥᠨ ᠠᠮᠠ᠂ ᠣᠷᠣᠯᠭ᠎ᠠ᠂ ᠡᠳ᠋ ᠬᠥᠷᠥᠩᠭᠡ ᠵᠢᠨ ᠪᠠᠢ᠌ᠳᠠᠯ᠂ ᠵᠠᠢ᠌ᠯᠠᠰᠢ ᠦᠭᠡᠢ ᠵᠠᠷᠤᠯᠭ᠎ᠠ᠂ ᠴᠢᠬᠤᠯᠠ ᠪᠦᠬᠦᠢ ᠠᠵᠢᠯ ᠣᠯᠭᠣᠯᠲᠠ ᠵᠢᠨ ᠥᠪᠡᠷ᠎ᠤᠨ ᠥᠷᠲᠡᠭ ᠵᠡᠷᠭᠡ ᠵᠢ ᠶᠡᠷᠦᠩᠬᠡᠢ᠌ᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠰᠠᠢ᠌ᠲᠤᠷ ᠬᠢᠨ᠎ᠡ᠃ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠣᠷᠣᠯᠭ᠎ᠠ ᠵᠢᠨ ᠲᠣᠭ᠋ᠠᠴᠠᠭ᠎ᠠ ᠬᠢᠬᠦ ᠠᠷᠭ᠎ᠠ ᠪᠠ ᠡᠳ᠋ ᠬᠥᠷᠥᠩᠭᠡ ᠵᠢ ᠦᠨᠡᠯᠡᠨ  ᠲᠣᠭᠲᠠᠭ᠋ᠠᠬᠤ ᠠᠷᠭ᠎ᠠ ᠵᠢ ᠲᠡᠭᠦᠯᠳᠡᠷᠵᠢᠭᠦᠯᠵᠦ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠨᠠᠷᠢᠯᠢᠭᠵᠢᠭᠤᠯᠤᠨ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠤᠶᠤᠴᠢᠯᠠᠬᠤ ᠭᠣᠭᠴᠣᠭ᠎ᠠ᠎ᠳᠤ ᠠᠮᠠᠯᠳᠠᠨ ᠮᠡᠳᠡᠭᠳᠡᠬᠦ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠬᠦᠯᠵᠤ᠂ ᠠᠵᠢᠯ ᠣᠯᠬᠤ ᠴᠢᠳᠠᠪᠤᠷᠢ᠎ᠲᠠᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠵᠦ ᠪᠠᠢ᠌ᠭ᠎ᠠ ᠭᠡᠷ ᠪᠦᠯᠢ ᠵᠢᠨ᠎ᠬᠢᠨ᠎ᠤ ᠢᠳᠡᠪᠬᠢᠲᠡᠢ᠎ᠪᠠᠷ ᠠᠵᠢᠯ ᠣᠯᠬᠤ ᠵᠢ ᠵᠣᠷᠢᠭᠵᠢᠭᠤᠯᠵᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ ᠢᠳᠡᠭ ᠢᠳᠡᠭ ᠵᠶ᠋ᠡᠷ ᠰᠠᠯᠭ᠋ᠠᠬᠤ ᠬᠡᠷᠡᠭᠳᠡᠢ᠃
     ᠮᠡᠳᠡᠭᠳᠡᠯ᠎ᠳᠤ ᠱᠠᠭ᠋ᠠᠷᠳᠠᠭᠰᠠᠨ᠎ᠨᠢ᠂ ᠣᠨᠳᠣᠣ ᠭᠠᠵᠠᠷ᠎ᠲᠤ ᠨᠡᠭᠦᠯᠭᠡᠬᠦ ᠪᠠ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠵᠣᠯᠭ᠋ᠠᠭᠤᠯᠬᠤ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠪᠠ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ᠂ ᠵᠠᠷᠤᠯᠭ᠎ᠠ ᠶᠡᠬᠡᠳᠡᠢ ᠬᠦᠴᠢᠷᠳᠡᠯᠲᠡᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠵᠣᠯᠭ᠋ᠠᠭᠤᠯᠬᠤ᠂ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ᠂ ᠣᠷᠣᠯᠭ᠎ᠠ  ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠊ᠤ᠋ ᠪᠠ ᠲᠠᠰ ᠲᠥᠷᠥᠯ ᠬᠤᠪᠢᠶᠠᠨ ᠲᠤᠰᠠᠯᠠᠬᠤ ᠳᠥᠷᠪᠡᠨ ᠵᠦᠢ᠍ᠯ᠎ᠤᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
     ᠮᠡᠳᠡᠭᠳᠡᠯ᠎ᠳᠤ ᠴᠢᠬᠤᠯᠠᠴᠢᠯᠠᠭᠰᠠᠨ᠎ᠨᠢ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠬᠢᠨᠠᠨ ᠬᠠᠷᠭᠤᠭᠤᠯᠵᠤ ᠨᠤᠲᠠᠯᠠᠬᠤ ᠡᠯ᠎ᠡ ᠪᠣᠳᠠᠲᠠᠢ ᠵᠠᠩᠭᠢᠯᠠᠭ᠎ᠠ ᠵᠢᠨ ᠭᠦᠢ᠍ᠴᠡᠳᠬᠡᠬᠦ ᠬᠤᠭᠤᠴᠠᠭ᠎ᠠ ᠬᠢᠵᠠᠭ᠋ᠠᠷ᠎ᠢ ᠤᠯᠠᠮ  ᠴᠢᠨᠠᠬᠰᠢᠳᠠ ᠲᠣᠳᠣᠷᠬᠠᠢ᠌ᠯᠠᠵᠤ᠂ ᠡᠷᠬᠡ ᠮᠡᠳᠡᠯ᠎ᠤᠨ ᠬᠡᠪᠴᠢᠶ᠎ᠡ ᠵᠢ ᠰᠤᠮᠤ ᠰᠢᠶᠠᠩ ᠪᠠᠯᠭ᠋ᠠᠰᠤᠨ᠎ᠳᠤ ᠪᠠᠭᠤᠯᠭ᠋ᠠᠭᠰᠠᠨ ᠪᠠᠢ᠌ᠪᠠᠯ 20 ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠢᠯᠡᠵᠢᠬᠦᠯᠬᠦ᠂ ᠨᠡᠢ᠌ᠲᠡᠯᠡᠬᠦ ᠳᠦᠷᠢᠮ᠎ᠢ ᠰᠢᠯᠢᠳᠡᠭᠵᠢᠭᠦᠯᠦᠨ ᠨᠠᠢ᠌ᠳᠠᠪᠤᠷᠢᠵᠢᠭᠤᠯᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠢᠯᠡᠵᠢᠬᠦᠯᠬᠦ᠂ ᠨᠡᠢ᠌ᠲᠡᠯᠡᠬᠦ ᠠᠭᠤᠯᠭ᠎ᠠ ᠵᠢ ᠵᠢᠷᠤᠮᠵᠢᠭᠤᠯᠤᠨ᠂ ᠨᠠᠰᠤᠨ᠎ᠳᠤ ᠥᠯᠥ ᠭᠦᠷᠦᠭᠰᠡᠳ᠎ᠤᠨ ᠮᠡᠳᠡᠭᠡ ᠵᠠᠩᠭᠢ ᠵᠢ ᠢᠯᠡᠵᠢᠬᠦᠯᠬᠦ ᠪᠤᠶᠤ ᠨᠡᠢ᠌ᠲᠡᠯᠡᠵᠦ ᠪᠣᠯᠬᠤ ᠦᠭᠡᠢ᠃ ᠡᠷᠤᠬᠡ ᠠᠮᠨ ᠵᠢᠨ ᠲᠠᠡᠭᠰᠨ᠎ᠳᠤ ᠲᠤᠰ ᠭᠠᠵᠠᠷ᠎ᠲᠤ ᠪᠠᠢ᠌ᠬᠤ ᠦᠬᠡᠢ ᠬᠥᠮᠥᠰ᠎ᠢ ᠲᠤᠰᠠᠯᠠᠬᠤ ᠠᠵᠢᠯ᠎ᠢ ᠴᠢᠩᠭ᠋ᠠᠳᠬᠠᠵᠤ᠂ ᠪᠠᠴᠢᠮ ᠪᠠ ᠬᠦᠴᠢᠷᠳᠡᠯ᠎ᠳᠤ ᠲᠤᠯᠭ᠋ᠠᠷᠠᠬᠰᠠᠨ  ᠭᠠᠵᠠᠷ᠎ᠲᠤ᠎ᠨᠢ ᠰᠢᠭᠤᠳ ᠲᠦᠷ ᠴᠠᠭ᠎ᠤᠨ ᠲᠤᠰᠠᠯᠠᠮᠵᠢ ᠵᠢ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃
     ᠮᠡᠳᠡᠭᠳᠡᠯ᠎ᠳᠤ ᠪᠠᠰᠠ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠂ ᠪᠡᠯᠡ ᠮᠥᠩᠭᠥ ᠵᠢᠨ ᠪᠠᠲᠤᠯᠠᠭ᠎ᠠ᠂ ᠬᠢᠨᠠᠯᠲᠠ ᠪᠠᠢ᠌ᠴᠠᠭ᠋ᠠᠯᠲᠠ ᠂ ᠴᠢᠳᠠᠪᠤᠷᠢ ᠵᠢᠨ ᠪᠠᠢ᠌ᠭᠤᠯᠤᠯᠲᠠ᠂ ᠨᠡᠢ᠌ᠭᠡᠮ᠎ᠤᠨ ᠲᠤᠰᠠᠯᠠᠮᠵᠢ ᠢᠲᠡᠭᠡᠮᠵᠢ ᠵᠢᠨ  ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠪᠠ᠃





ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠭᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠲᠡᠳᠬᠦᠮᠵᠢ ᠵᠢᠨ ᠨᠠᠷᠢᠨ ᠲᠠᠡᠭᠰᠨ ᠪᠠ ᠲᠥᠷᠥ ᠵᠢᠨ ᠪᠣᠳᠣᠯᠭ᠎ᠠ ᠵᠢᠨ ᠲᠣᠳᠣᠷᠬᠠᠢ ᠺᠠᠷᠲ》᠎ᠢ ᠲᠠᠷᠬᠠᠭ᠋ᠠᠵᠤ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠨᠠᠩ ᠢᠯᠡ ᠲᠣᠳᠣ ᠪᠣᠯᠭ᠋ᠠᠪᠠ
ᠠᠯᠠᠱ᠌ᠠ ᠠᠢ᠌ᠮᠠᠭ᠎ᠤᠨ᠎ᠬᠢᠨ 2023 ᠣᠨ᠎ᠤ ᠨᠡᠢ᠌ᠭᠡᠮ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠲᠡᠭᠡᠭᠰᠢᠯᠡᠬᠦᠯᠦᠭᠰᠡᠨ᠎ᠤ ᠪᠡᠯᠡ ᠮᠥᠩᠭᠥ ᠵᠢ ᠨᠥᠬᠥᠨ ᠤᠯᠭᠤᠪᠠ
ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠬᠣᠷᠢᠳᠤᠭ᠋ᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠵᠤ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
《ᠶᠡᠷᠦᠩᠬᠡᠢ ᠱᠦᠵᠢ ᠪᠢᠳᠡᠨ᠎ᠳᠤ ᠨᠢᠭᠡᠨ ᠲᠠᠩᠰᠠ ᠪᠤᠳᠤᠵᠤ ᠥᠭᠪᠡ》 — ᠶᠡᠷᠦᠩᠬᠡᠢ ᠱᠦᠵᠢ ᠰᠢ ᠵᠢᠨ ᠫᠢᠩ᠎ᠤᠨ ᠤᠯᠠᠭ᠋ᠠᠨᠰᠤᠬᠠᠢ ᠵᠢᠨ ᠡᠮᠦᠨ᠎ᠡ ᠬᠥᠪᠡᠭᠡᠨ ᠎ᠳᠠᠬᠢ ᠣᠳᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
 
            