ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠠᠯᠠᠱ᠌ᠠ ᠠᠢ᠌ᠮᠠᠭ᠎ᠤᠨ᠎ᠬᠢᠨ 2023 ᠣᠨ᠎ᠤ ᠨᠡᠢ᠌ᠭᠡᠮ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠲᠡᠭᠡᠭᠰᠢᠯᠡᠬᠦᠯᠦᠭᠰᠡᠨ᠎ᠤ ᠪᠡᠯᠡ ᠮᠥᠩᠭᠥ ᠵᠢ ᠨᠥᠬᠥᠨ ᠤᠯᠭᠤᠪᠠ
ᠨᠡᠶᠢᠲᠡᠯᠡᠭᠰᠡᠨ ᠴᠠᠭ᠄ 2023-06-19

     ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ᠨᠡᠢ᠌ᠭᠡᠮ᠎ᠤᠨ  ᠲᠤᠰᠠᠯᠠᠮᠵᠢ ᠵᠢᠨ ᠳᠦᠷᠢᠮ᠎ᠤᠨ ᠬᠣᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠠᠵᠢᠯ᠎ᠢ ᠠᠬᠢᠭᠤᠯᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ  ᠲᠤᠰᠠᠯᠠᠮᠵᠢ ᠵᠢᠨ ᠠᠵᠢᠯ᠎ᠢ ᠰᠠᠢ᠌ᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠵᠢ ᠦᠷᠭᠦᠯᠵᠢᠯᠡᠨ ᠪᠡᠬᠢᠵᠢᠭᠦᠯᠦᠨ ᠦᠷᠬᠡᠳᠬᠡᠬᠦ ᠵᠢᠨ ᠲᠦᠯᠤᠬᠡ᠂ ᠠᠯᠠᠱ᠌ᠠ ᠠᠢ᠌ᠮᠠᠭ᠎ᠤᠨ᠎ᠬᠢᠨ ᠦᠨᠤ ᠵᠢᠯ ᠨᠡᠢ᠌ᠭᠡᠮ᠎ᠤᠨ ᠲᠤᠰᠠᠯᠠᠮᠵᠢ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠥ ᠠᠢ᠌ᠮᠠᠭ᠎ᠤᠨ ᠬᠡᠪᠴᠢᠶᠡᠨ᠎ᠳᠤ᠎ᠬᠢ ᠨᠡᠢ᠌ᠭᠡᠮ᠎ᠤᠨ  ᠲᠤᠰᠠᠯᠠᠮᠵᠢ ᠵᠢᠨ ᠪᠠᠷᠢᠮᠵᠢᠶ᠎ᠠ ᠵᠢ ᠬᠣᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠵᠢ ᠪᠡᠶᠡᠯᠡᠭᠦᠯᠪᠡ᠃ ᠡᠯ᠎ᠡ ᠬᠣᠰᠢᠭᠤ (ᠲᠣᠭᠣᠷᠢᠭ)᠎ᠬᠢᠨ ᠤᠳᠤ ᠴᠥᠮ ᠰᠢᠨ᠎ᠡ ᠪᠠᠷᠢᠮᠵᠢᠶ᠎ᠠ ᠶᠣᠰᠣᠭ᠋ᠠᠷ ᠳᠠᠭ᠋ᠠᠭ᠋ᠠᠴᠢᠯᠠᠯᠲᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ ᠨᠥᠬᠥᠪᠦᠷᠢᠯᠡᠨ ᠣᠯᠭᠣᠬᠤ ᠪᠡᠯᠡ ᠮᠥᠩᠭᠥ ᠵᠢ ᠲᠠᠷᠬᠠᠭ᠋ᠠᠬᠤ ᠠᠵᠢᠯ᠎ᠢ ᠤᠷᠢᠳᠴᠢᠯᠠᠨ ᠪᠡᠶᠡᠯᠡᠭᠦᠯᠵᠦ᠂ 529 ᠡᠷᠦᠬᠡ᠂ ᠬᠣᠲᠠ ᠬᠥᠳᠡᠭᠡ ᠵᠢᠨ 831 ᠬᠦᠴᠢᠷᠳᠡᠯᠲᠡᠢ ᠣᠯᠠᠨ ᠲᠦᠮᠡᠨ᠎ᠳᠤ ᠲᠤᠰᠠᠯᠠᠮᠵᠢ ᠵᠢᠨ ᠪᠠᠷᠢᠮᠵᠢᠶ᠎ᠠ ᠵᠢ ᠲᠡᠭᠡᠭᠰᠢᠯᠡᠬᠦᠯᠦᠭᠰᠡᠨ᠎ᠤ ᠪᠡᠯᠡ ᠮᠥᠩᠭᠥ ᠵᠢ 113.02 ᠲᠦᠮᠡᠨ ᠲᠥᠭᠥᠷᠢᠭ ᠨᠥᠬᠥᠪᠦᠷᠢᠯᠡᠨ ᠣᠯᠭᠣᠪᠠ᠃
 


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠬᠣᠷᠢᠳᠤᠭ᠋ᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠵᠤ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
《ᠶᠡᠷᠦᠩᠬᠡᠢ ᠱᠦᠵᠢ ᠪᠢᠳᠡᠨ᠎ᠳᠤ ᠨᠢᠭᠡᠨ ᠲᠠᠩᠰᠠ ᠪᠤᠳᠤᠵᠤ ᠥᠭᠪᠡ》 — ᠶᠡᠷᠦᠩᠬᠡᠢ ᠱᠦᠵᠢ ᠰᠢ ᠵᠢᠨ ᠫᠢᠩ᠎ᠤᠨ ᠤᠯᠠᠭ᠋ᠠᠨᠰᠤᠬᠠᠢ ᠵᠢᠨ ᠡᠮᠦᠨ᠎ᠡ ᠬᠥᠪᠡᠭᠡᠨ ᠎ᠳᠠᠬᠢ ᠣᠳᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠶᠡᠷᠦᠩᠬᠡᠢ ᠱᠦᠵᠢ ᠪᠠᠭ᠋ᠠᠰᠬᠠᠯ ᠬᠡᠪ᠎ᠤᠨ 《ᠪᠣᠷᠣᠳᠣᠬᠤᠢ ᠵᠢᠨ ᠤᠰᠤᠯᠠᠯᠲᠠ ᠵᠢᠨ ᠣᠷᠣᠨ》᠎ᠢ ᠦᠵᠡᠪᠡ — ᠶᠡᠷᠦᠩᠬᠡᠢ ᠱᠦᠵᠢ ᠰᠢ ᠵᠢᠨ ᠫᠢᠩ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠶᠡᠷᠦᠩᠬᠡᠢ ᠱᠦᠵᠢ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ᠎ᠳᠤ ᠭᠠᠷᠬᠤ ᠶᠠᠪᠤᠴᠠ ᠮᠥᠨ ᠭᠡᠵᠦ ᠬᠡᠯᠡᠪᠡ — ᠶᠡᠷᠦᠩᠬᠡᠢ ᠱᠦᠵᠢ ᠰᠢ ᠵᠢᠨ ᠫᠢᠩ᠎ᠤᠨ ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
 
            