ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠠᠵᠢᠯ᠎ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄ 2023-07-03

     ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠯᠤᠰ ᠲᠥᠷᠥ ᠵᠢᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢᠨ ᠲᠥᠯᠥᠭᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 6 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠣᠯᠲᠠᠯ᠎ᠠ ᠬᠥᠬᠡᠬᠣᠲᠠ᠎ᠳᠤ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠣᠯᠪᠠᠰᠤᠷᠠᠯ ᠡᠷᠭᠢᠯᠡᠪᠡ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠨ ᠵᠢᠭ᠋ᠠᠨ ᠵᠢᠯᠤᠭᠣᠳᠴᠤ ᠬᠢᠴᠢᠶᠡᠯ ᠣᠷᠣᠪᠠ᠃

W020230630594873140363.png


     ᠲᠤᠰ ᠪᠣᠯᠪᠠᠰᠤᠷᠠᠯ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠰᠢ ᠵᠢᠨ ᠫᠢᠩ ᠶᠡᠷᠦᠩᠬᠡᠢ ᠱᠦᠵᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ  ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠰᠠᠨᠠᠯ》 ᠎ᠢ ᠨᠠᠢ᠌ᠳᠠᠪᠤᠷᠢᠵᠢᠭᠤᠯᠬᠤ ᠵᠢ ᠠᠩᠬᠠᠷᠴᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠵᠡᠯ ᠤᠬᠠᠮᠰᠠᠷ᠎ᠤᠨ ᠬᠡᠯᠪᠡᠷᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠨ ᠬᠠᠮᠢᠶᠠᠷᠬᠤ ᠲᠤᠬᠠᠢ᠌ᠯᠠᠭᠰᠠᠨ ᠠᠵᠢᠯ ᠵᠡᠷᠭᠡ ᠠᠭᠤᠯᠭ᠎ᠠ ᠵᠢᠨ ᠲᠣᠭᠣᠷᠢᠨ᠎ᠳᠤ ᠤᠨᠤᠯ᠎ᠤᠨ ᠲᠠᠢ᠌ᠯᠤᠮᠵᠢ ᠬᠢᠬᠦ᠂ ᠪᠢᠴᠢᠭ ᠮᠠᠲ᠋ᠧᠷᠢᠶᠠᠯ᠎ᠤᠨ ᠲᠠᠢ᠌ᠯᠤᠮᠵᠢ ᠬᠢᠬᠦ᠂ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠲᠤᠷᠰᠢᠯᠭ᠎ᠠ᠎ᠪᠠᠨ ᠰᠣᠯᠢᠯᠴᠠᠬᠤ ᠵᠡᠷᠭᠡ ᠠᠷᠭ᠎ᠠ᠎ᠪᠠᠷ 6 ᠤᠳᠠᠭ᠎ᠠ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠪᠠ ᠶᠠᠷᠢᠯᠴᠠᠬᠤ ᠬᠤᠷᠠᠯ ᠬᠢᠵᠤ᠂ ᠨᠠᠮ᠎ᠤᠨ ᠪᠠᠢ᠌ᠭᠤᠯᠤᠯᠲᠠ ᠵᠢᠨ ᠲᠠᠨᠢᠯᠲᠠ ᠵᠢᠨ ᠵᠣᠭᠰᠣᠴᠠ ᠵᠢ ᠳᠡᠭᠡᠭᠰᠢᠯᠡᠭᠦᠯᠬᠦ᠂ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠠᠭᠤᠯᠤᠭᠳᠠᠬᠤᠨ᠎ᠢ ᠨᠡᠪᠲᠡᠷᠬᠡᠢ ᠣᠢ᠌ᠯᠠᠭ᠋ᠠᠬᠤ᠂ ᠪᠣᠳᠠᠲᠠᠢ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠵᠣᠷᠢᠯᠭ᠎ᠠ᠎ᠳᠤ᠎ᠪᠠᠨ ᠬᠦᠷᠦᠭᠰᠡᠨ ᠪᠠᠢ᠌ᠨ᠎ᠠ᠃
     ᠪᠤᠯᠪᠠᠰᠤᠷᠠᠯ᠎ᠳᠤ ᠤᠷᠤᠯᠴᠠᠬᠰᠠᠳ᠂ ᠪᠣᠯᠪᠠᠰᠤᠷᠠᠯ᠎ᠤᠨ ᠠᠭᠤᠯᠭ᠎ᠠ ᠵᠢ ᠰᠢᠩᠭᠡᠭᠡᠵᠦ ᠣᠢ᠌ᠯᠠᠭ᠋ᠠᠬᠤ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠢ ᠰᠠᠢ᠌ᠲᠤᠷ ᠠᠳᠬᠤᠵᠤ᠂ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠠᠬ᠎ᠠ ᠳᠡᠭᠦᠦ  ᠨᠢᠬᠡᠴᠢ ᠵᠢᠨ ᠲᠤᠷᠰᠢᠯᠭ᠎ᠠ ᠠᠷᠭ᠎ᠠ ᠵᠢ ᠰᠤᠷᠤᠯᠴᠠᠨ ᠲᠣᠯᠢᠳᠠᠵᠤ᠂ ᠲᠤᠰ ᠭᠠᠵᠠᠷ ᠣᠷᠣᠨ᠎ᠤ᠎ᠪᠠᠨ ᠪᠣᠳᠠᠲᠠᠢ ᠪᠠᠢ᠌ᠳᠠᠯ᠎ᠢ ᠠᠳᠬᠤᠬᠤ᠎ᠲᠠᠢ ᠤᠶᠠᠯᠳᠤᠭᠤᠯᠵᠤ᠂ ᠤᠶᠤᠨ ᠴᠢᠳᠠᠯ ᠵᠶ᠋ᠠᠨ ᠲᠥᠪᠯᠡᠷᠡᠭᠦᠯᠦᠨ ᠳᠣᠣᠷ᠎ᠠ ᠬᠠᠭ᠋ᠠᠰ ᠵᠢᠯ᠎ᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ  ᠴᠢᠨᠠᠷᠯᠢᠭ ᠬᠥᠭᠵᠢᠯᠲᠡ ᠵᠢ ᠠᠬᠢᠭᠤᠯᠵᠤ᠂ ᠪᠦᠬᠦ ᠲᠠᠯ᠎ᠠ ᠵᠢᠨ ᠠᠵᠢᠯ ᠵᠶ᠋ᠡᠨ ᠲᠠᠬᠢᠨ ᠳᠡᠭᠲᠡᠷ᠎ᠲᠤ ᠭᠠᠷᠭ᠋ᠠᠬᠤ᠎ᠪᠠᠷ ᠲᠠᠢ᠍ᠢ᠍ᠴᠢᠯᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
     ᠡᠯ᠎ᠡ ᠠᠢ᠌ᠮᠠᠭ ᠬᠤᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ 80 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠪᠠ᠃





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠶᠡᠷᠦᠩᠬᠡᠢ ᠱᠦᠵᠢ ᠪᠢᠳᠡᠨ᠎ᠳᠤ ᠨᠢᠭᠡᠨ ᠲᠠᠩᠰᠠ ᠪᠤᠳᠤᠵᠤ ᠥᠭᠪᠡ》 — ᠶᠡᠷᠦᠩᠬᠡᠢ ᠱᠦᠵᠢ ᠰᠢ ᠵᠢᠨ ᠫᠢᠩ᠎ᠤᠨ ᠤᠯᠠᠭ᠋ᠠᠨᠰᠤᠬᠠᠢ ᠵᠢᠨ ᠡᠮᠦᠨ᠎ᠡ ᠬᠥᠪᠡᠭᠡᠨ ᠎ᠳᠠᠬᠢ ᠣᠳᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠶᠡᠷᠦᠩᠬᠡᠢ ᠱᠦᠵᠢ ᠪᠠᠭ᠋ᠠᠰᠬᠠᠯ ᠬᠡᠪ᠎ᠤᠨ 《ᠪᠣᠷᠣᠳᠣᠬᠤᠢ ᠵᠢᠨ ᠤᠰᠤᠯᠠᠯᠲᠠ ᠵᠢᠨ ᠣᠷᠣᠨ》᠎ᠢ ᠦᠵᠡᠪᠡ — ᠶᠡᠷᠦᠩᠬᠡᠢ ᠱᠦᠵᠢ ᠰᠢ ᠵᠢᠨ ᠫᠢᠩ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠶᠡᠷᠦᠩᠬᠡᠢ ᠱᠦᠵᠢ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ᠎ᠳᠤ ᠭᠠᠷᠬᠤ ᠶᠠᠪᠤᠴᠠ ᠮᠥᠨ ᠭᠡᠵᠦ ᠬᠡᠯᠡᠪᠡ — ᠶᠡᠷᠦᠩᠬᠡᠢ ᠱᠦᠵᠢ ᠰᠢ ᠵᠢᠨ ᠫᠢᠩ᠎ᠤᠨ ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠬᠦᠰᠡᠯ ᠨᠠᠶ᠋ᠢᠳᠠᠯᠭ᠎ᠠ ᠵᠢ᠎ᠨᠢ ᠥᠯᠥ ᠬᠥᠰᠡᠷᠳᠡᠭᠦᠯᠵᠦ ᠢᠲᠡᠭᠡᠯ ᠵᠣᠷᠢᠭ ᠵᠶ᠋ᠠᠨ ᠪᠠᠲᠤᠳᠬᠠᠨ ᠢᠳᠡᠷᠡᠭᠦᠨ ᠠᠯᠬᠤᠭ᠎ᠠ᠎ᠪᠠᠷ ᠤᠷᠤᠭᠰᠢᠯᠠᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠪᠠᠶᠠᠨᠨᠠᠭᠤᠷ᠎ᠲᠠᠬᠢ ᠰᠢᠨᠵᠢᠯᠡᠨ ᠪᠠᠶ᠋ᠢᠴᠠᠭ᠋ᠠᠯᠲᠠ ᠪᠠ ᠴᠢᠬᠤᠯᠠ ᠶᠠᠷᠢᠶ᠎ᠠ ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
 
            