ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 8 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-07-31

   ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 7 ᠰᠠᠷ᠎ᠠ ᠵᠢᠨ 26᠎ᠤ ᠡᠳᠦᠷ  2023 ᠣᠨ᠎ᠤ 8 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠠᠢ᠌ᠯᠪᠤᠷᠢᠯᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠵᠢᠷᠭᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ  ᠵᠢᠨ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ ᠵᠢᠨ 《ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭ᠋ᠠᠬᠤ》 ᠲᠤᠬᠠᠢ ᠴᠢᠬᠤᠯᠠ ᠱᠠᠭ᠋ᠠᠷᠳᠠᠯᠭ᠎ᠠ ᠪᠣᠯᠣᠨ 《ᠮᠣᠩᠭᠣᠯ ᠮᠣᠷᠢᠨ᠎ᠤ ᠵᠣᠷᠢᠭ ᠰᠠᠨᠠᠭ᠎ᠠ》 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ  ᠤᠯᠠᠮᠵᠢᠯᠠᠨ ᠰᠤᠷᠤᠯᠴᠠᠪᠠ᠃
   ᠬᠤᠷᠠᠯ ᠲᠡᠬᠡᠷ᠎ᠡ ᠱᠠᠭ᠋ᠠᠷᠳᠠᠬᠰᠠᠨ᠎ᠨᠢ᠂ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠡᠷᠡᠰ ᠬᠠᠮᠠᠭ᠋ᠠᠯᠠᠵᠤ᠂ ᠨᠠᠮ᠎ᠤᠨ ᠤᠯᠤᠰ ᠲᠦᠷᠦ ᠵᠢᠨ ᠱᠤᠭᠤᠮ᠎ᠢ ᠬᠡᠷᠡᠭᠵᠢᠭᠦᠯᠵᠦ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠳᠦᠷᠢᠮ᠎ᠢ ᠴᠢᠩᠭ᠎ᠠ ᠵᠢᠷᠤᠮᠯᠠᠵᠤ᠂ ᠴᠠᠭ ᠢᠮᠠᠭᠲᠠ ᠨᠡᠷ᠎ᠡ ᠲᠦᠷᠤ᠎ᠪᠠᠨ ᠬᠦᠨᠳᠤᠳᠬᠡᠵᠤ ᠪᠡᠶ᠎ᠡ᠎ᠪᠠᠨ ᠲᠤᠩᠭ᠋ᠠᠵᠤ᠂ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠠᠢ᠌ᠭᠤᠯᠵᠤ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢᠨ ᠤᠯᠠᠭ᠋ᠠᠨ ᠱᠤᠭᠤᠮ᠎ᠢ ᠪᠠᠲᠤ ᠰᠠᠬᠢᠬᠤ ᠬᠡᠷᠡᠭᠲᠡᠢ᠃ 《ᠲᠡᠰᠪᠦᠷᠢ ᠬᠠᠲᠠᠭᠤᠵᠢᠯᠲᠠᠢ ᠠᠵᠢᠯᠯᠠᠵᠤ᠂ ᠴᠤᠴᠠᠯᠲᠠ ᠦᠭᠡᠢ ᠤᠷᠤᠭᠰᠢᠯᠠᠬᠤ》 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠣᠯᠣᠨ 《ᠲᠡᠰᠪᠦᠷᠢ ᠬᠠᠲᠠᠭᠤᠵᠢᠯᠲᠠᠢ ᠲᠡᠮᠡᠴᠡᠵᠦ᠂ ᠰᠢᠷᠭ᠋ᠠᠭᠤ ᠬᠠᠲᠠᠭᠤᠵᠢᠯᠲᠠᠢ ᠲᠡᠮᠡᠴᠡᠵᠦ᠂ ᠪᠦᠯᠬᠦᠮᠳᠡᠨ ᠬᠠᠮᠵᠢᠯᠴᠠᠵᠤ᠂ ᠰᠢᠨᠲᠠᠷᠠᠰᠢ ᠦᠭᠡᠢ ᠴᠢᠷᠮᠠᠢ᠌ᠬᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠵᠠᠮ ᠨᠡᠭᠡᠭᠡᠨ ᠰᠢᠨ᠎ᠡ ᠵᠢ ᠡᠭᠦᠳᠬᠦ᠂ ᠬᠥᠮᠥᠨ ᠵᠶ᠋ᠡᠷ ᠦᠨᠳᠦᠰᠦ ᠪᠣᠯᠭ᠋ᠠᠬᠤ᠂ ᠬᠥᠮᠥᠨ ᠲᠥᠷᠥᠯᠬᠢᠲᠡᠨ᠎ᠳᠤ ᠪᠤᠶᠠᠨ ᠦᠢ᠍ᠯᠡᠳᠬᠦ》 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠬᠤ ᠬᠡᠷᠡᠭᠲᠡᠢ᠃ ᠨᠡᠩ ᠴᠢᠩᠭ᠎ᠠ ᠤᠬᠠᠮᠰᠠᠷ᠎ᠠᠴᠠ᠎ᠪᠠᠨ᠂ ᠨᠡᠩ ᠢᠳᠡᠪᠬᠢᠲᠡᠢ ᠠᠵᠢᠯᠯᠠᠭ᠎ᠠ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠨ  ᠲᠤᠭᠤᠰᠢᠯᠠᠭᠤᠯᠵᠤ᠂  ᠦᠨᠡᠨ ᠬᠦ᠌ ᠰᠤᠷᠤᠯᠴᠠᠨ ᠪᠣᠳᠠᠲᠠᠢ ᠠᠵᠢᠯᠯᠠᠬᠤ ᠳᠡᠭᠡᠷ᠎ᠡ ᠭᠦᠴᠤ ᠲᠠᠯᠪᠢᠵᠤ᠂ ᠦᠢ᠍ᠯᠡᠴᠢᠯᠡᠭᠡ ᠪᠠᠲᠤᠯᠠᠭ᠎ᠠ ᠵᠢᠨ ᠤᠬᠠᠮᠰᠠᠷ᠎ᠢ ᠪᠤᠢ ᠪᠣᠯᠭ᠋ᠠᠬᠤ ᠳᠡᠭᠡᠷ᠎ᠡ ᠬᠦᠴᠦ ᠲᠠᠯᠪᠢᠵᠤ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠲᠣᠭᠣᠷᠢᠨ᠎ᠳᠤ ᠶᠡᠷᠦᠩᠬᠡᠢ᠌ᠯᠡᠭᠰᠡᠨ ᠦᠢ᠍ᠯᠡᠴᠢᠯᠡᠭᠡ ᠪᠠᠲᠤᠯᠠᠭ᠎ᠠ ᠵᠢᠨ ᠴᠢᠳᠠᠪᠤᠷᠢ ᠪᠣᠯᠣᠨ ᠲᠦᠪᠰᠢᠨ ᠵᠶ᠋ᠡᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠦᠨᠡᠨ ᠬᠦ᠌ ᠡᠷᠬᠦᠬᠦ ᠬᠡᠷᠡᠭᠳᠡᠢ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢᠨ ᠡᠬᠢᠯᠡᠯᠳᠡ ᠵᠢᠨ ᠶᠤᠰᠤᠯᠠᠯ᠎ᠢ ᠡᠷᠬᠢᠯᠡᠪᠡ
ᠣᠷᠳᠣᠰ ᠬᠤᠳᠠ ᠵᠢᠨ ᠤᠳᠤᠭ᠎ᠤᠨ ᠡᠮᠦᠨᠡᠲᠦ ᠬᠣᠰᠢᠭᠤ᠄ ᠤᠷᠤᠭ ᠵᠠᠩᠰᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠤᠷᠤᠭ ᠬᠤᠷᠢᠮ᠎ᠤᠨ ᠲᠠᠷᠤᠭ᠋ᠠᠰᠤ ᠵᠢ ᠬᠦᠡᠭᠭᠡᠷᠡᠬᠦᠯᠵᠤ ᠪᠠᠢ᠌ᠨ᠎ᠠ
ᠡᠷᠢᠶᠡᠨ ᠬᠣᠲᠠ᠄ ᠲᠦᠷᠪᠡ ᠵᠢ ᠴᠢᠡᠭᠭ᠋ᠠᠳᠬᠠᠬᠤ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ
ᠤᠯᠠᠭ᠋ᠠᠨᠴᠠᠪ ᠬᠣᠲᠠ᠄ ᠬᠠᠮ ᠠᠷᠭ᠎ᠠ᠎ᠪᠠᠷ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠵᠤ ᠦᠷ᠎ᠡ ᠪᠦᠳᠤᠮᠵᠢ ᠵᠢ ᠲᠡᠭᠡᠭᠰᠢᠯᠡᠬᠦᠯᠬᠦ ᠰᠠᠭᠤᠷᠢ ᠵᠢ ᠲᠠᠯᠪᠢᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠭᠠᠵᠠᠷ᠎ᠤᠨ ᠨᠠᠮ᠎ᠤᠨ ᠡᠭᠦᠷ᠂ ᠨᠡᠢ᠌ᠭᠡᠮ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠡᠷᠡᠬᠦᠯ ᠮᠡᠨᠳᠤ᠎ᠳᠤ ᠦᠢ᠍ᠯᠡᠴᠢᠯᠡᠵᠤ ᠨᠠᠰᠤᠲᠠᠢ᠌ᠴᠤᠳ᠎ᠤᠨ ᠰᠡᠳᠬᠢᠯ᠎ᠢ ᠬᠠᠢ᠌ᠷ᠎ᠠ᠎ᠪᠠᠷ ᠳᠤᠯᠠᠭ᠋ᠠᠴᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
            