ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢᠨ ᠡᠬᠢᠯᠡᠯᠳᠡ ᠵᠢᠨ ᠶᠤᠰᠤᠯᠠᠯ᠎ᠢ ᠡᠷᠬᠢᠯᠡᠪᠡ
ᠨᠡᠶᠢᠲᠡᠯᠡᠭᠰᠡᠨ ᠴᠠᠭ᠄ 2023-08-21

   ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠨᠠᠢ᠌ᠳᠠᠪᠤᠷᠢᠵᠢᠭᠤᠯᠵᠤ᠂ ᠬᠡᠦᠬᠡᠳ᠎ᠤᠨ ᠠᠵᠢᠯᠲᠠᠳ᠎ᠢ ᠪᠦᠯᠬᠦᠮᠳᠡᠭᠦᠯᠦᠨ ᠳᠠᠶ᠋ᠢᠴᠢᠯᠠᠵᠤ᠂ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠵᠤ᠂ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠡᠯ᠎ᠡ ᠵᠦᠢ᠍ᠯ᠎ᠤᠨ ᠠᠵᠢᠯ᠎ᠢ ᠬᠠᠮᠲᠤᠪᠠᠷ ᠰᠠᠢ᠌ᠲᠤᠷ ᠬᠢᠬᠦ ᠵᠢᠨ ᠲᠦᠯᠤᠬᠡ ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 8 ᠰᠠᠷ᠎ᠠ ᠵᠢᠨ 11᠎ᠤ ᠡᠳᠦᠷ ᠦᠬᠠᠢ ᠬᠤᠳᠠ ᠵᠢᠨ ᠬᠠᠢ᠌ᠷ᠎ᠠ ᠬᠠᠯᠠᠮᠵᠢ ᠵᠢᠨ ᠨᠡᠢ᠌ᠭᠡᠮᠯᠢᠭ᠎ᠤᠨ᠎ᠬᠢᠨ᠎ᠲᠠᠢ ᠬᠠᠮᠲᠤᠷᠠᠨ ᠬᠠᠢ᠌ᠷᠤᠪ᠎ᠤᠨ ᠲᠣᠬᠣᠢ ᠲᠣᠭᠣᠷᠢᠭ᠎ᠤᠨ ᠯᠧᠢ ᠹᠸᠡᠭ᠎ᠤᠨ ᠵᠣᠷᠢᠭ ᠰᠠᠨᠠᠭ᠎ᠠ ᠵᠢ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ᠎ᠳᠤ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ  ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠢ ᠶᠠᠪᠤᠬᠳᠠᠭᠤᠯᠪᠠ᠃ ᠲᠣᠰ ᠠᠵᠢᠯᠯᠠᠭ᠎ᠠ᠎ᠪᠠᠷ ᠳᠠᠮᠵᠢᠭᠤᠯᠤᠨ᠂ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠵᠡᠯ ᠰᠠᠨᠠᠭ᠋ᠠᠨ᠎ᠤ ᠲᠠᠯ᠎ᠠ᠎ᠪᠠᠷ ᠬᠥᠲᠥᠯᠥᠨ ᠳᠠᠭ᠋ᠠᠭᠤᠯᠬᠤ᠂ ᠠᠮᠤᠷ ᠲᠦᠪᠰᠢᠨ᠎ᠤ ᠲᠠᠯ᠎ᠠ᠎ᠪᠠᠷ ᠪᠠᠲᠤᠯᠠᠭ᠎ᠠ᠎ᠲᠠᠢ᠂ ᠡᠷᠡᠭᠦᠯ ᠮᠡᠨᠳᠦ ᠵᠢᠨ ᠲᠠᠯ᠎ᠠ᠎ᠪᠠᠷ ᠬᠠᠢ᠌ᠷ᠎ᠠ ᠬᠠᠯᠠᠮᠵᠢ᠎ᠲᠠᠢ᠂ ᠬᠠᠢ᠌ᠷ᠎ᠠ ᠰᠡᠳᠬᠢᠯᠭᠡ ᠵᠢᠨ ᠲᠠᠯ᠎ᠠ᠎ᠪᠠᠷ ᠲᠠᠢ᠌ᠳᠬᠤᠷᠠᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ  ᠪᠤᠯᠭ᠋ᠠᠬᠰᠠᠨ ᠪᠠᠢ᠌ᠨ᠎ᠠ᠃ 

     W020230819386693580307.png

 

   ᠡᠬᠢᠯᠡᠯᠲᠡ ᠵᠢᠨ ᠶᠣᠰᠣᠯᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ᠂ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ ᠪᠢᠴᠢᠭ ᠮᠠᠲ᠋ᠧᠷᠢᠶᠠᠯ᠎ᠢ ᠤᠯᠠᠮᠵᠢᠯᠠᠬᠤ ᠵᠢᠨ ᠬᠠᠮᠲᠤ ᠲᠤᠬᠠᠢ ᠵᠢᠨ ᠲᠠᠯᠠᠪᠤᠷ᠎ᠲᠤ ᠪᠥᠬᠥ ᠬᠣᠲᠠ ᠵᠢᠨ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠡᠨᠳᠡᠯ᠎ᠤᠨ ᠰᠢᠷᠬᠠᠲᠤᠯ᠎ᠤᠨ ᠳᠠᠭ᠋ᠠᠳᠬᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠥᠭᠴᠡᠢ᠃ ᠡᠬᠢᠯᠡᠯᠲᠡ ᠵᠢᠨ ᠶᠣᠰᠣᠯᠠᠯ ᠳᠠᠭᠤᠰᠤᠭᠰᠠᠨ᠎ᠤ ᠳᠠᠷᠠᠭ᠎ᠠ᠂ ᠠᠵᠢᠯᠲᠠᠳ ᠬᠡᠦᠬᠡᠳ᠎ᠤᠳ ᠵᠶ᠋ᠡᠨ ᠳᠠᠭ᠋ᠠᠭᠤᠯᠤᠨ ᠯᠧᠢ ᠹᠧᠩ᠎ᠤᠨ ᠵᠣᠷᠢᠭ ᠰᠠᠨᠠᠭ᠎ᠠ ᠵᠢ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ ᠵᠶ᠋ᠠᠷ ᠲᠣᠭᠣᠷᠢᠨ ᠦᠵᠡᠵᠦ᠂ ᠪᠠᠭ᠋ᠠᠴᠤᠳ ᠬᠡᠦᠬᠡᠳ᠎ᠤᠨ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠵᠢ ᠭᠦᠨᠵᠡᠭᠡᠢ ᠬᠥᠮᠥᠵᠢᠭᠦᠯᠦᠨ᠂ ᠬᠤᠪᠢᠰᠬᠠᠯ᠎ᠤᠨ ᠤᠳᠤᠮᠰᠢᠯ᠎ᠢ ᠬᠡᠤᠬᠡᠳ᠎ᠤᠨ ᠮᠢᠬ᠎ᠠ ᠴᠢᠰᠤᠨ᠎ᠳᠤ ᠠᠭᠤᠰᠬᠠᠵᠤ᠂ ᠬᠤᠪᠢᠰᠬᠠᠯ᠎ᠤᠨ ᠤᠳᠤᠮᠰᠢᠯ᠎ᠢ ᠦᠶ᠎ᠡ ᠵᠢᠨ ᠦᠶ᠎ᠡ᠎ᠳᠤ ᠤᠯᠠᠮᠵᠢᠯᠠᠵᠠᠢ᠃

 

 

   ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ  ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠤᠷᠤᠭᠰᠢᠲᠠᠢ ᠡᠬᠢᠯᠡᠭᠦᠯᠦᠭᠰᠡᠨ᠎ᠨᠢ ᠬᠡᠦᠬᠡᠳ᠎ᠤᠨ ᠠᠮᠢᠳᠤᠷᠠᠯ᠎ᠢ ᠨᠠᠩ ᠪᠠᠶᠠᠯᠢᠭᠵᠢᠭᠤᠯᠵᠤ᠂ ᠨᠠᠩ ᠣᠯᠠᠨ ᠳᠡᠮᠵᠢᠯᠭᠡ ᠪᠠ ᠬᠠᠯᠠᠮᠵᠢᠯᠠᠯ᠎ᠢ ᠨᠢᠭᠲᠠᠷᠠᠭᠤᠯᠬᠤ ᠵᠢᠨ ᠬᠠᠮᠲᠤ ᠨᠡᠢ᠌ᠭᠡᠮ᠎ᠤᠨ ᠬᠦᠴᠦᠨ᠎ᠢ ᠳᠠᠭ᠋ᠠᠭᠤᠯᠵᠤ ᠪᠠᠢ᠌ᠭ᠋ᠠᠳ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡ᠎ᠳᠤ ᠣᠷᠣᠯᠴᠠᠭᠤᠯᠬᠤ ᠨᠡᠢ᠌ᠭᠡᠮᠴᠢᠯᠡᠯᠲᠡ᠂ ᠲᠤᠰᠬᠠᠢ᠌ᠵᠢᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠪᠣᠯᠣᠨ᠎ᠠ᠃ ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠠᠷᠠᠭ᠋ᠠᠴᠢ᠎ᠪᠠᠷ  ᠨᠡᠢ᠌ᠭᠡᠮ᠎ᠤᠨ ᠡᠬᠢ ᠪᠠᠶᠠᠯᠢᠭ᠎ᠢ ᠦᠷᠭᠦᠯᠵᠢᠯᠡᠨ ᠡᠮᠬᠢᠯᠡᠨ ᠨᠡᠢ᠌ᠯᠡᠭᠦᠯᠵᠦ᠂ ᠠᠷᠭ᠎ᠠ ᠪᠠᠷᠢᠯ ᠵᠶ᠋ᠡᠨ ᠲᠠᠰᠤᠷᠠᠯᠲᠠ ᠦᠭᠡᠢ ᠰᠢᠨᠡᠴᠢᠯᠡᠵᠤ᠂ ᠠᠵᠢᠯᠯᠠᠭ᠋ᠠᠨ᠎ᠤ ᠠᠴᠢᠶᠠᠯᠠᠪᠤᠷᠢ ᠵᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠠᠭᠤᠯᠭ᠎ᠠ ᠵᠢ ᠪᠠᠶᠠᠯᠢᠭᠵᠢᠭᠤᠯᠤᠨ᠂ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠣᠳᠠᠲᠠᠢ ᠬᠡᠷᠡᠭᠴᠡᠭᠡ᠎ᠠᠴᠠ ᠡᠭᠦᠰᠴᠦ᠂ ᠬᠠᠯᠠᠮᠵᠢᠯᠠᠨ ᠬᠠᠮᠠᠭ᠋ᠠᠯᠠᠬᠤ ᠠᠵᠢᠯ᠎ᠢ ᠦᠨᠡᠨ ᠬᠦ᠌ ᠰᠠᠢ᠌ᠲᠤᠷ  ᠬᠢᠬᠦ ᠪᠤᠯᠤᠨ᠎ᠠ᠃



  


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠤᠳᠠ ᠵᠢᠨ ᠤᠳᠤᠭ᠎ᠤᠨ ᠡᠮᠦᠨᠡᠲᠦ ᠬᠣᠰᠢᠭᠤ᠄ ᠤᠷᠤᠭ ᠵᠠᠩᠰᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠤᠷᠤᠭ ᠬᠤᠷᠢᠮ᠎ᠤᠨ ᠲᠠᠷᠤᠭ᠋ᠠᠰᠤ ᠵᠢ ᠬᠦᠡᠭᠭᠡᠷᠡᠬᠦᠯᠵᠤ ᠪᠠᠢ᠌ᠨ᠎ᠠ
ᠡᠷᠢᠶᠡᠨ ᠬᠣᠲᠠ᠄ ᠲᠦᠷᠪᠡ ᠵᠢ ᠴᠢᠡᠭᠭ᠋ᠠᠳᠬᠠᠬᠤ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ
ᠤᠯᠠᠭ᠋ᠠᠨᠴᠠᠪ ᠬᠣᠲᠠ᠄ ᠬᠠᠮ ᠠᠷᠭ᠎ᠠ᠎ᠪᠠᠷ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠵᠤ ᠦᠷ᠎ᠡ ᠪᠦᠳᠤᠮᠵᠢ ᠵᠢ ᠲᠡᠭᠡᠭᠰᠢᠯᠡᠬᠦᠯᠬᠦ ᠰᠠᠭᠤᠷᠢ ᠵᠢ ᠲᠠᠯᠪᠢᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠭᠠᠵᠠᠷ᠎ᠤᠨ ᠨᠠᠮ᠎ᠤᠨ ᠡᠭᠦᠷ᠂ ᠨᠡᠢ᠌ᠭᠡᠮ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠡᠷᠡᠬᠦᠯ ᠮᠡᠨᠳᠤ᠎ᠳᠤ ᠦᠢ᠍ᠯᠡᠴᠢᠯᠡᠵᠤ ᠨᠠᠰᠤᠲᠠᠢ᠌ᠴᠤᠳ᠎ᠤᠨ ᠰᠡᠳᠬᠢᠯ᠎ᠢ ᠬᠠᠢ᠌ᠷ᠎ᠠ᠎ᠪᠠᠷ ᠳᠤᠯᠠᠭ᠋ᠠᠴᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ (ᠨᠢᠭᠡ )
 
            