ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠶᠡᠷᠦᠩᠬᠡᠢ ᠱᠦᠵᠢ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ᠎ᠳᠤ ᠭᠠᠷᠬᠤ ᠶᠠᠪᠤᠴᠠ ᠮᠥᠨ ᠭᠡᠵᠦ ᠬᠡᠯᠡᠪᠡ — ᠶᠡᠷᠦᠩᠬᠡᠢ ᠱᠦᠵᠢ ᠰᠢ ᠵᠢᠨ ᠫᠢᠩ᠎ᠤᠨ ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠨᠡᠶᠢᠲᠡᠯᠡᠭᠰᠡᠨ ᠴᠠᠭ᠄ 2023-08-09

   《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠢᠨᠵᠧᠨᠧᠷᠢᠩ᠎ᠢ ᠳᠥᠭᠦᠮᠴᠢᠯᠡᠭᠡᠳ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ ᠭᠡᠳᠡᠭ᠂ ᠡᠨᠡ ᠪᠣᠯ ᠳᠤᠮᠳᠠᠳᠤ ᠤᠯᠤᠰ᠎ᠤᠨ ᠪᠠᠷᠠᠭᠤᠨ ᠬᠤᠶ᠋ᠢᠲᠤ ᠣᠷᠣᠨ᠂ ᠤᠮᠠᠷᠠᠲᠤ ᠣᠷᠣᠨ ᠪᠣᠯᠣᠨ ᠵᠡᠭᠦᠨ ᠬᠤᠶ᠋ᠢᠲᠤ ᠣᠷᠣᠨ᠎ᠳᠤ ᠪᠠᠶ᠋ᠢᠭᠤᠯᠤᠭᠰᠠᠨ ᠲᠣᠮᠣ ᠭᠡᠯᠪᠡᠷᠢ ᠵᠢᠨ ᠬᠥᠮᠥᠨ᠎ᠤ ᠬᠦᠴᠦᠨ᠎ᠤ ᠣᠶ ᠰᠢᠭᠤᠢ ᠵᠢᠨ ᠠᠮᠢ ᠠᠬᠤᠢ ᠵᠢᠨ ᠢᠨᠵᠧᠨᠧᠷᠢᠩ ᠪᠣᠯᠣᠨ᠎ᠠ᠂ ᠰᠢᠨᠵᠢᠶᠠᠩ᠎ᠠᠴᠠ ᠡᠬᠢᠯᠡᠵᠦ ᠬᠠᠷᠠᠮᠥ᠋ᠷᠡᠨ ᠭᠦᠷᠳᠡᠭ᠃
   《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠢ ᠵᠢᠱ᠌ᠢᠯᠲᠡ᠎ᠪᠠᠷ 2050 ᠣᠨ᠎ᠳᠤ ᠳᠠᠭᠤᠰᠬᠠᠵᠤ᠂ 73 ᠵᠢᠯ᠎ᠤᠨ ᠬᠤᠭᠤᠴᠠᠭ᠎ᠠ ᠵᠢ ᠬᠡᠷᠡᠭᠰᠡᠵᠦ᠂ ᠭᠤᠷᠪᠠᠨ ᠱᠠᠲᠤ ᠨᠠᠢ᠍ᠮᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ 10 ᠵᠢᠯ ᠣᠷᠴᠢᠮ᠎ᠤᠨ ᠴᠠᠭ᠎ᠢ ᠬᠡᠷᠡᠭᠰᠡᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠬᠢᠬᠦ᠎ᠪᠠᠷ ᠴᠢᠷᠮᠠᠶ᠋ᠢᠨ᠎ᠠ᠃ 2021 — 2030 ᠣᠨ ᠪᠣᠯ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠎ᠠ ᠪᠤᠯᠤᠨ᠎ᠠ; ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠦᠷ᠎ᠡ ᠪᠦᠲᠦᠭᠡᠯ ᠵᠶ᠋ᠠᠨ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠵᠢᠨ ᠬᠤᠭᠤᠴᠠᠭ᠎ᠠ ᠪᠤᠯᠤᠨ᠎ᠠ; 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠮᠥᠨ᠃
  ᠵᠠᠰᠠᠯᠲᠠ ᠵᠢᠨ ᠭᠤᠣᠯᠳᠠᠯᠭ᠎ᠠ ᠵᠢ ᠲᠣᠪᠤᠶ᠋ᠢᠯᠭ᠋ᠠᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠂ ᠬᠠᠲᠤᠨ ᠭᠤᠣᠯ᠎ᠤᠨ 《ᠶᠡᠭᠡ ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠬᠤᠷᠴᠢᠨ᠂ ᠬᠤᠯᠠᠨ ᠰᠢᠷᠭ᠎ᠠ ᠲᠠᠭ᠎ᠠ ᠵᠢᠨ ᠬᠤᠶᠠᠷ ᠶᠡᠭᠡ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠳᠠᠶ᠋ᠢᠯᠠᠯᠳᠤᠭ᠋ᠠᠨ᠂ ᠾᠧᠰᠢ ᠵᠢᠨ ᠬᠤᠩᠭᠢᠯ — ᠲᠠᠺᠯᠢᠮᠠᠺᠠᠨ᠎ᠤ ᠡᠯᠡᠰᠦᠨ ᠴᠦᠯ᠎ᠤᠨ ᠬᠥᠪᠡᠭᠡᠨ᠎ᠳᠠᠬᠢ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠡ᠃
   ᠰᠢᠨᠵᠢᠯᠡᠨ ᠪᠠᠶ᠋ᠢᠴᠠᠭ᠋ᠠᠭᠰᠠᠨ ᠴᠡᠭ᠄
   ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ

  ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠢ ᠰᠢᠭᠤᠢ ᠵᠢᠨ ᠲᠠᠯᠠᠪᠠᠢ 1960 ᠣᠨ᠎ᠳᠤ ᠪᠠᠶ᠋ᠢᠭᠤᠯᠤᠭᠳᠠᠵᠤ᠂ ᠭᠠᠵᠠᠷ ᠰᠢᠷᠣᠢ ᠵᠢᠨ ᠲᠠᠯᠠᠪᠠᠢ᠎ᠨᠢ 5.2 ᠲᠦᠮᠡᠨ ᠮᠦ᠍ ᠪᠤᠢ᠃ ᠥᠩᠭᠡᠷᠡᠭᠰᠡᠨ᠎ᠳᠤ᠂ ᠤᠢ ᠰᠢᠭᠤᠢ ᠵᠢᠨ ᠲᠠᠯᠠᠪᠠᠢ ᠵᠢᠨ ᠡᠷᠭᠢᠨ ᠲᠣᠭᠤᠷᠢᠨ᠎ᠤ ᠡᠯᠡᠰᠦᠷᠬᠡᠭᠵᠢᠯ ᠬᠦᠨᠳᠦ ᠨᠣᠴᠢᠲᠠᠢ ᠪᠠᠶ᠋ᠢᠵᠤ᠂ ᠰᠠᠯᠬᠢ ᠰᠢᠭᠤᠷᠭ᠎ᠠ ᠳᠡᠭᠳᠡᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠢ ᠬᠦᠨᠳᠦ ᠨᠣᠴᠢᠲᠠᠢ ᠨᠥᠯᠥᠭᠡᠯᠡᠵᠦ ᠪᠠᠶ᠋ᠢᠪᠠ᠃ ᠲᠠᠪᠢ ᠵᠢᠷᠠᠭ᠋ᠠᠳ ᠣᠨ᠎ᠠᠴᠠ ᠡᠬᠢᠯᠡᠨ᠂ ᠬᠡᠳᠦᠨ ᠦᠶ᠎ᠡ ᠵᠢᠨ ᠤᠢ ᠰᠢᠭᠤᠢ ᠵᠢᠨ ᠠᠵᠢᠯᠲᠠᠨ ᠴᠥᠬᠦᠷᠡᠰᠢ ᠦᠭᠡᠢ ᠲᠡᠮᠡᠴᠡᠨ ᠨᠡᠶ᠋ᠢᠳᠡ 3.9 ᠲᠦᠮᠡᠨ ᠮᠦ᠍ ᠮᠣᠳᠣ ᠳᠠᠷᠢᠵᠠᠢ᠃ 1978 ᠣᠨ᠎ᠳᠤ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢᠨ ᠬᠤᠶᠠᠳᠤᠭ᠋ᠠᠷ ᠬᠤᠭᠤᠴᠠᠭ᠎ᠠ᠂ ᠴᠢᠨᠠᠷ ᠮᠠᠭᠤ ᠦᠷ᠎ᠡ ᠠᠰᠢᠭ ᠳᠣᠣᠷ᠎ᠠ ᠤᠢ ᠵᠢ ᠥᠭᠡᠷᠡᠴᠢᠯᠡᠬᠦ ᠢᠨᠵᠧᠨᠧᠷᠢᠩ᠎ᠢ ᠵᠠᠯᠭ᠋ᠠᠭ᠎ᠠ᠎ᠪᠠᠷ ᠬᠡᠷᠡᠭᠵᠢᠭᠦᠯᠵᠦ᠂ ᠣᠶ᠋ᠢᠵᠢᠭᠤᠯᠵᠤ ᠨᠣᠭᠤᠭ᠋ᠠᠷᠠᠭᠤᠯᠬᠤ᠎ᠪᠠᠷ ᠳᠠᠮᠵᠢᠭᠤᠯᠤᠨ ᠰᠠᠯᠬᠢ ᠵᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ᠂ ᠤᠰᠤᠨ᠎ᠤ ᠡᠬᠢ ᠰᠤᠷᠪᠤᠯᠵᠢ ᠵᠢ ᠰᠠᠶ᠋ᠢᠵᠢᠷᠠᠭᠤᠯᠬᠤ ᠦᠢ᠍ᠯᠡᠳᠦᠯ᠎ᠢ ᠪᠠᠳᠠᠷᠠᠭᠤᠯᠪᠠ᠃ ᠤᠳᠤ ᠤᠢ ᠰᠢᠭᠤᠢ ᠵᠢᠨ ᠲᠠᠯᠠᠪᠠᠢ ᠵᠢᠨ ᠤᠢ ᠰᠢᠭᠤᠢ ᠵᠢᠨ ᠪᠦᠷᠬᠦᠴᠡ ᠵᠢᠨ ᠨᠤᠷᠮ᠎ᠠ 65%᠎ᠳᠤ ᠬᠦᠷᠴᠦ᠂ ᠨᠣᠮᠢᠨ ᠨᠣᠭᠤᠭ᠋ᠠᠨ ᠠᠮᠢ ᠠᠬᠤᠢ ᠵᠢᠨ ᠬᠠᠯᠬᠠᠪᠴᠢ ᠵᠢ ᠪᠠᠶ᠋ᠢᠭᠤᠯᠤᠭᠰᠠᠨ ᠪᠠᠶ᠋ᠢᠨ᠎ᠠ᠃
   ᠵᠣᠨ᠎ᠤ ᠡᠬᠢ᠎ᠪᠠᠷ᠂ ᠪᠠᠶᠠᠨᠨᠠᠭᠤᠷ ᠬᠤᠲᠠ ᠵᠢᠨ ᠯᠢᠨ ᠾᠧ ᠲᠣᠭᠤᠷᠢᠭ᠎ᠤᠨ ᠤᠯᠠᠭ᠋ᠠᠨᠲᠤᠭ ᠪᠠᠯᠭ᠋ᠠᠰᠤᠨ᠎ᠤ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠡᠪᠡᠰᠦ ᠮᠣᠳᠣ ᠬᠥᠬᠡᠷᠡᠨ ᠨᠣᠭᠤᠭ᠋ᠠᠷᠠᠵᠤ᠂ ᠵᠦᠢ᠍ᠯ᠎ᠤᠨ ᠰᠢᠪᠠᠭᠤᠳ ᠵᠢᠷᠭᠢᠨ ᠳᠣᠩᠭᠤᠳᠴᠤ᠂ ᠨᠠᠭᠤᠷ᠎ᠤᠨ ᠤᠰᠤ ᠲᠣᠯᠢ ᠰᠢᠭ᠋ ᠮᠡᠯᠮᠡᠯᠵᠡᠨ ᠰᠡᠷᠢᠭᠦᠨ ᠰᠠᠯᠬᠢ ᠦᠯᠢᠶᠡᠨ᠎ᠡ᠃
   6 ᠰᠠᠷ᠎ᠠ ᠵᠢᠨ 6᠎ᠤ ᠦᠳᠡ ᠵᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠢᠷᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠰᠢᠰᠲ᠋ᠧᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠣᠶ᠋ᠢᠯᠠᠭ᠋ᠠᠪᠠ᠃ 1978 ᠣᠨ᠎ᠠᠴᠠ ᠡᠬᠢᠯᠡᠨ᠂ ᠲᠤᠰ ᠤᠢ ᠰᠢᠭᠤᠢ ᠵᠢᠨ ᠲᠠᠯᠠᠪᠠᠢ᠎ᠨᠢ ᠲᠠᠷᠢᠶᠠᠨ ᠭᠠᠵᠠᠷ ᠬᠤᠵᠢᠷᠰᠢᠭᠰᠠᠨ᠎ᠠᠴᠠ ᠪᠣᠯᠤᠭᠰᠠᠨ ᠡᠯᠡᠰᠦᠷᠬᠡᠭᠵᠢᠯ᠎ᠤᠨ ᠠᠰᠠᠭᠤᠳᠠᠯ᠎ᠢ ᠶᠡᠭᠡ᠎ᠪᠠᠷ ᠵᠠᠰᠠᠵᠤ᠂ ᠨᠡᠶ᠋ᠢᠲᠡ 3.9 ᠲᠦᠮᠡᠨ ᠮᠦ᠍ ᠮᠣᠳᠣ ᠳᠠᠷᠢᠵᠠᠢ᠃ ᠤᠢ ᠰᠢᠭᠤᠢ ᠵᠢᠨ ᠲᠠᠯᠠᠪᠠᠢ᠎ᠳᠤ᠂ ᠰᠢ ᠵᠢᠨ ᠫᠢᠩ ᠥᠪᠥᠷ ᠮᠣᠩᠭᠤᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠰᠢᠰᠲ᠋ᠧᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠣᠯᠣᠨ ᠤᠢ ᠰᠢᠭᠤᠢ ᠵᠢᠨ ᠲᠠᠯᠠᠪᠠᠢ ᠵᠢᠨ ᠡᠯᠡᠰᠦ ᠵᠢ ᠵᠠᠰᠠᠵᠤ ᠪᠣᠶ᠋ᠢᠵᠢᠭᠤᠯᠤᠭᠰᠠᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ ᠪᠥᠭᠡᠳ ᠵᠠᠰᠠᠵᠤ ᠪᠠᠶ᠋ᠢᠭ᠎ᠠ ᠡᠯᠡᠰᠦᠷᠬᠡᠭ ᠭᠠᠵᠠᠷ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠃
   ᠶᠡᠷᠦᠩᠬᠡᠢ ᠱᠦᠵᠢ ᠵᠢᠨ ᠬᠦᠷᠴᠦ ᠢᠷᠡᠭᠰᠡᠨ᠎ᠨᠢ ᠣᠶ ᠰᠢᠭᠤᠢ ᠵᠢᠨ ᠲᠠᠯᠠᠪᠠᠶ ᠵᠢᠨ ᠺᠠᠳ᠋ᠷ ᠠᠵᠢᠯᠲᠠᠨ᠎ᠤ ᠡᠷᠴᠢ ᠵᠣᠷᠢᠭ᠎ᠢ ᠬᠥᠪᠴᠢᠯᠡᠵᠦ᠂ ᠶᠡᠷᠦᠩᠬᠡᠢ ᠱᠦᠵᠢ ᠵᠢᠨ ᠶᠠᠷᠢᠶ᠎ᠠ᠎ᠨᠢ ᠣᠯᠠᠨ᠎ᠢ ᠵᠣᠷᠢᠭᠵᠢᠭᠤᠯᠪᠠ᠃ ᠶᠡᠷᠦᠩᠬᠡᠢ ᠱᠦᠵᠢ ᠵᠢᠨ ᠰᠢᠨᠵᠢᠯᠡᠨ ᠪᠠᠶ᠋ᠢᠴᠠᠭ᠋ᠠᠭᠰᠠᠨ ᠮᠥᠷ᠎ᠢ ᠲᠠᠭ᠋ᠠᠵᠤ ᠰᠤᠷᠪᠤᠯᠵᠢᠯᠠᠬ᠍ᠴᠢ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠢᠷᠡᠵᠦ᠂ ᠠᠳᠡ ᠬᠥᠮᠥᠰ᠎ᠤᠨ ᠰᠡᠳᠬᠢᠯ᠎ᠢ ᠲᠤᠬᠳᠤᠯᠤᠭᠤᠯᠤᠬᠰᠠᠨ ᠴᠠᠭ ᠮᠥᠴᠡ ᠵᠢ ᠳᠠᠬᠢᠨᠲᠠ ᠰᠤᠷᠪᠤᠯᠵᠢᠯᠠᠵᠤ᠂ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠪᠣᠯᠣᠨ ᠨᠠᠨᠳᠢᠨ ᠡᠷᠡᠮᠡᠯᠵᠡᠯ᠎ᠤᠨ ᠳᠤᠮᠳᠠ ᠢᠷᠡᠭᠡᠳᠦᠢ ᠵᠢᠨ ᠴᠢᠭᠯᠡᠯ ᠵᠶ᠋ᠠᠨ ᠭᠤᠶ᠋ᠢᠪᠢᠰᠢ ᠦᠭᠡᠢ ᠡᠷᠢᠯᠬᠢᠯᠡᠪᠡ᠃
    《ᠶᠡᠷᠦᠩᠬᠡᠢ ᠱᠦᠵᠢ ᠰᠢᠷᠬᠡᠭ ᠡᠪᠡᠰᠦ ᠰᠠᠭᠤᠷᠢ ᠮᠣᠳᠣᠨ᠎ᠳᠤ ᠭᠦᠷᠳᠡᠯ᠎ᠡ ᠴᠥᠮ ᠪᠢᠯᠬᠠᠮ᠎ᠠ ᠬᠠᠶ᠋ᠢᠷ᠎ᠠ ᠰᠡᠳᠬᠢᠯᠭᠡ᠎ᠲᠠᠢ ᠪᠠᠶ᠋ᠢᠳᠠᠭ》
   《ᠶᠡᠷᠦᠩᠬᠡᠢ ᠱᠦᠵᠢ ᠲᠡᠷᠭᠡ᠎ᠠᠴᠠ᠎ᠪᠠᠨ ᠪᠠᠭᠤᠮᠠᠭᠴᠠ᠂ ᠪᠢᠳᠠᠨ᠎ᠠᠴᠠ ᠮᠣᠳᠣ ᠲᠠᠷᠢᠬᠤ ᠠᠷᠭ᠎ᠠ ᠭᠡᠯᠪᠡᠷᠢ ᠵᠢ ᠠᠰᠠᠭᠤᠨ ᠯᠠᠪᠯᠠᠵᠤ᠂ ᠡᠳᠡᠭᠡᠷ ᠮᠣᠳᠣ ᠵᠢ ᠨᠦᠬᠡᠯᠡᠵᠦ ᠵᠠᠶ᠋ᠢᠯᠠᠭᠰᠠᠨ ᠶᠤᠮ ᠤᠤ? ᠨᠢᠰᠬᠡᠯ ᠵᠶ᠋ᠠᠷ ᠣᠶ᠋ᠢᠵᠢᠭᠤᠯᠤᠭᠰᠠᠨ ᠦᠦ? ᠭᠡᠵᠦ ᠠᠰᠠᠭᠤᠪᠠ᠃ ᠡᠨᠡ᠎ᠨᠢ ᠶᠡᠷᠦᠩᠬᠡᠢ ᠱᠦᠵᠢ ᠠᠮᠢ ᠠᠬᠤᠢ ᠵᠢᠨ ᠬᠦᠷᠢᠶ᠎ᠡ ᠴᠠᠷᠠᠭ᠎ᠠ ᠵᠢ ᠮᠠᠰᠢ ᠰᠠᠶ᠋ᠢᠨ ᠣᠶ᠋ᠢᠯᠠᠭ᠋ᠠᠳᠠᠭ ᠭᠡᠵᠦ ᠨᠠᠳᠠ᠎ᠳᠤ ᠰᠠᠨᠠᠭᠳᠠᠭᠰᠠᠨ》 ᠭᠡᠵᠦ ᠪᠠᠶᠠᠨᠨᠠᠭᠤᠷ ᠬᠤᠳᠠ ᠵᠢᠨ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠯᠢᠨ ᠾᠧ ᠲᠣᠭᠤᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠵᠤᠤ ᠵᠢᠶᠦ᠋ᠨ ᠯᠢᠩ ᠶᠡᠷᠦᠩᠬᠡᠢ ᠱᠦᠵᠢ᠎ᠳᠤ ᠤᠯᠤᠰ᠎ᠤᠨ ᠡᠵᠡᠩᠨᠡᠯᠲᠡ ᠵᠢᠨ ᠰᠢᠨᠬᠤᠸᠠ ᠤᠢ ᠰᠢᠭᠤᠢ ᠵᠢᠨ ᠲᠠᠯᠠᠪᠠᠢ ᠵᠢᠨ ᠪᠠᠶ᠋ᠢᠳᠠᠯ᠎ᠢ ᠨᠠᠷᠢᠨ ᠲᠠᠨᠢᠯᠴᠠᠭᠤᠯᠵᠤ᠂ ᠶᠡᠷᠦᠩᠬᠡᠢ ᠱᠦᠵᠢ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠭᠰᠠᠨ ᠵᠶ᠋ᠠᠨ ᠡᠷᠭᠢᠴᠡᠭᠦᠯᠬᠦ᠎ᠳᠡᠭᠡᠨ ᠳᠣᠬᠳᠣᠯᠤᠬᠰᠠᠨ ᠰᠡᠳᠬᠢᠯᠭᠡ᠎ᠪᠠᠨ ᠳᠠᠷᠤᠵᠤ ᠶᠠᠳᠠᠨ ᠶᠠᠷᠢᠯ᠎ᠠ᠃
  ᠥᠨᠥᠳᠥᠷ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠨᠣᠮᠢᠨ ᠳᠣᠯᠭᠢᠶ᠎ᠠ ᠬᠠᠶᠠᠯᠠᠨ᠎ᠠ᠃ ᠭᠡᠪᠡᠴᠦ ᠬᠠᠭ᠋ᠠᠰ ᠵᠠᠭᠤᠨ᠎ᠤ ᠡᠮᠦᠨ᠎ᠡ ᠠᠳᠡᠬᠢ᠎ᠨᠢ ᠡᠯᠦᠢ ᠬᠤᠯᠤᠢ᠂ ᠡᠵᠡᠭᠦᠢ ᠴᠦᠯ ᠬᠤᠵᠢᠷᠯᠢᠭ ᠠᠲᠠᠷ ᠭᠠᠵᠠᠷ ᠪᠠᠶ᠋ᠢᠵᠠᠢ᠃ ᠬᠠᠲᠠᠭᠤ ᠪᠡᠷᠬᠡ ᠣᠷᠴᠢᠨ ᠲᠣᠭᠤᠷᠢᠨ᠎ᠳᠤ᠂ ᠠᠲᠡ ᠦᠨᠳᠦᠰᠦ ᠬᠠᠳᠬᠤᠨ ᠤᠷᠭᠤᠭᠰᠠᠨ ᠮᠣᠳᠣ ᠪᠣᠯᠭ᠋ᠠᠨ᠎ᠳᠤ ᠴᠥᠮ ᠣᠯᠠᠨ᠎ᠤ ᠬᠦᠴᠦ ᠬᠥᠯᠥᠰᠦ ᠰᠢᠩᠭᠡᠭᠰᠡᠨ ᠪᠠᠶ᠋ᠢᠯ᠎ᠠ᠃ 《ᠶᠡᠷᠦᠩᠬᠡᠢ ᠱᠦᠵᠢ ᠠᠳᠡᠬᠢ ᠳᠠᠷᠢᠭᠰᠠᠨ ᠮᠣᠳᠣᠨ᠎ᠤ ᠲᠦᠷᠦᠯ ᠪᠠ ᠲᠡᠳᠡᠭᠡᠷ᠎ᠤᠨ ᠣᠨᠴᠠᠯᠢᠭ᠎ᠢ ᠮᠠᠰᠢ ᠠᠩᠬᠠᠷᠴᠤ ᠪᠠᠶ᠋ᠢᠯ᠎ᠠ》 ᠭᠡᠵᠦ ᠵᠤᠤ ᠵᠢᠶᠦ᠋ᠨ ᠯᠢᠩ ᠬᠡᠯᠡᠨ᠎ᠡ᠃
  ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠨᠢ ᠯᠢᠨ ᠾᠧ ᠲᠣᠭᠤᠷᠢᠭ᠎ᠤᠨ ᠴᠣᠷ᠎ᠤᠨ ᠭᠠᠭᠴᠠ ᠣᠶ ᠰᠢᠭᠤᠢ ᠵᠢᠨ ᠲᠠᠯᠠᠪᠠᠶ ᠪᠣᠯᠤᠭᠰᠠᠨ᠎ᠤ ᠬᠤᠪᠢ᠎ᠳᠤ᠂ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ᠂ ᠤᠰᠤᠨ᠎ᠤ ᠡᠬᠢ ᠰᠤᠷᠪᠤᠯᠵᠢ ᠵᠢ ᠰᠠᠶ᠋ᠢᠵᠢᠷᠠᠭᠤᠯᠬᠤ ᠦᠢ᠍ᠯᠡᠳᠦᠯ ᠭᠠᠷᠭ᠋ᠠᠭᠰᠠᠨ ᠵᠶ᠋ᠠᠷ ᠪᠠᠷᠠᠬᠤ ᠦᠭᠡᠢ᠂ ᠡᠷᠭᠢᠨ ᠲᠣᠭᠤᠷᠢᠨ᠎ᠤ ᠲᠠᠷᠢᠶᠠᠨ ᠭᠠᠵᠠᠷ᠎ᠢ ᠬᠠᠮᠠᠭ᠋ᠠᠯᠠᠵᠤ᠂ ᠮᠥᠨᠳᠥᠷ ᠪᠠ ᠡᠯᠡᠰᠦᠨ ᠰᠢᠭᠤᠷᠭ᠎ᠠ ᠵᠡᠷᠭᠡ ᠪᠠᠶ᠋ᠢᠭ᠋ᠠᠯᠢ ᠵᠢᠨ ᠭᠠᠮᠰᠢᠭ᠎ᠢ ᠪᠠᠭ᠋ᠠᠰᠬᠠᠵᠤ᠂ ᠣᠶ ᠰᠢᠭᠤᠢ ᠵᠢᠨ ᠲᠠᠯᠠᠪᠠᠶ ᠵᠢᠨ ᠡᠷᠭᠢᠨ ᠲᠣᠭᠤᠷᠢᠨ᠎ᠳᠤ ᠡᠶᠡᠷᠭᠦ ᠠᠭᠤᠷ ᠠᠮᠢᠰᠬᠤᠯ᠎ᠢ ᠪᠤᠶ ᠪᠣᠯᠭ᠋ᠠᠵᠠᠢ᠃
   ᠣᠢ ᠰᠢᠭᠤᠢ ᠵᠢᠨ ᠲᠠᠯᠠᠪᠠᠢ ᠵᠢᠨ ᠭᠠᠵᠠᠷ ᠪᠣᠯᠭ᠋ᠠᠨ᠎ᠳᠤ ᠬᠠᠷᠠᠭᠳᠠᠬᠤ ᠬᠤᠯᠠᠨ ᠪᠤᠶ᠎ᠠ᠎ᠨᠢ ᠣᠷᠴᠢᠨ ᠲᠣᠭᠤᠷᠢᠨ᠎ᠤ ᠬᠤᠪᠢᠷᠠᠯᠲᠠ ᠵᠢ ᠭᠡᠷᠡᠴᠢᠯᠡᠨ᠎ᠡ᠃ ᠵᠤᠤ ᠵᠢᠶᠦ᠋ᠨ ᠯᠢᠩ ᠬᠤᠶᠠᠷ ᠪᠠᠭᠴᠠ ᠴᠠᠭ᠋ᠠᠨ ᠴᠡᠴᠡᠭ ᠳᠡᠯᠭᠡᠷᠡᠭᠰᠡᠨ ᠤᠷᠭᠤᠮᠠᠯ᠎ᠢ ᠵᠢᠭ᠋ᠠᠵᠤ᠂ ᠶᠡᠷᠦᠩᠬᠡᠢ ᠱᠦᠵᠢ᠎ᠳᠤ᠄ 《ᠥᠩᠭᠡᠷᠡᠭᠰᠡᠨ᠎ᠳᠤ ᠠᠳᠡᠬᠢ ᠲᠠᠷᠢᠶᠠᠴᠢᠳ ᠲᠠᠷᠢᠶ᠎ᠠ ᠲᠠᠷᠢᠬᠤ᠎ᠳᠠᠭᠠᠨ ᠬᠤᠯᠠᠨ ᠪᠤᠶ᠎ᠠ ᠤᠷᠭᠤᠭᠰᠠᠨ ᠭᠠᠵᠠᠷ᠎ᠢ ᠰᠣᠩᠭᠤᠵᠤ ᠲᠠᠷᠢᠲᠠᠬ ᠪᠠᠶ᠋ᠢᠵᠠᠢ᠂ ᠬᠤᠯᠠᠨ ᠪᠤᠶ᠎ᠠ ᠤᠷᠭᠤᠭᠰᠠᠨ ᠭᠠᠵᠠᠷ᠎ᠤᠨ ᠬᠥᠷᠥᠰᠥ ᠰᠢᠷᠣᠢ ᠵᠢᠨ ᠨᠥᠬᠦᠴᠡᠯ ᠰᠠᠶ᠋ᠢᠨ ᠪᠠᠶ᠋ᠢᠳᠠᠭ》 ᠭᠡᠵᠦ ᠲᠠᠨᠢᠯᠴᠠᠭᠤᠯᠤᠨ᠎ᠠ᠃
   ᠶᠡᠷᠦᠩᠬᠡᠢ ᠱᠦᠵᠢ᠂ ᠬᠥᠮᠥᠨ ᠲᠥᠷᠥᠯᠬᠢᠲᠡᠨ ᠨᠡᠩ ᠰᠠᠶ᠋ᠢᠲᠤᠷ ᠣᠷᠣᠰᠢᠨ ᠲᠣᠭᠲᠠᠨᠢᠵᠤ ᠬᠥᠭᠵᠢᠬᠦ ᠭᠡᠪᠡᠯ ᠡᠷᠬᠡᠪᠰᠢ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠬᠡᠷᠡᠭᠲᠡᠢ᠃ ᠡᠨᠡ ᠪᠣᠯ ᠨᠢᠭᠡᠨ ᠴᠢᠯᠠᠭᠤ ᠥᠩᠬᠦᠷᠢᠭᠦᠯᠦᠨ ᠠᠭᠤᠯᠠᠨ᠎ᠳᠤ ᠭᠠᠷᠬᠤ ᠶᠠᠪᠤᠴᠠ ᠮᠥᠨ᠂ ᠪᠠᠭ᠎ᠠ ᠯᠠ ᠰᠤᠯᠠᠷᠠᠭᠰᠠᠭ᠋ᠠᠷ ᠳᠠᠭᠢᠨ ᠳᠠᠪᠲᠠᠨ ᠬᠢᠬᠦ ᠶᠠᠪᠤᠳᠠᠯ ᠭᠠᠷᠳᠠᠭ ᠭᠡᠵᠦ ᠴᠢᠩᠭ᠋ᠠᠳᠬᠠᠪᠠ᠃ ᠵᠤᠤ ᠵᠢᠶᠦ᠋ᠨ ᠯᠢᠩ ᠪᠠᠰᠠ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠵᠠᠮ ᠤᠷᠳᠤ ᠪᠠᠶ᠋ᠢᠭᠰᠠᠭ᠋ᠠᠷ ᠭᠡᠳᠡᠭ᠎ᠢ ᠭᠦᠨᠵᠡᠭᠡᠢ ᠲᠠᠨᠢᠵᠤ ᠣᠯᠪᠠ᠃ ᠵᠤᠤ ᠵᠢᠶᠦ᠋ᠨ ᠯᠢᠩ᠄ 《ᠬᠡᠷᠪᠡ ᠰᠠᠶ᠋ᠢᠲᠤᠷ ᠬᠠᠮᠠᠭ᠋ᠠᠯᠠᠪᠠᠯ᠂ ᠡᠯᠡᠰᠦᠨ ᠴᠦᠯ᠎ᠢ ᠨᠣᠭᠤᠭ᠋ᠠᠨ ᠪᠦᠷᠢᠳᠦ ᠪᠤᠯᠭ᠋ᠠᠵᠤ ᠪᠣᠯᠣᠨ᠎ᠠ᠂ ᠭᠡᠲᠡᠯ᠎ᠡ ᠰᠠᠶ᠋ᠢᠲᠤᠷ ᠬᠠᠮᠠᠭ᠋ᠠᠯᠠᠵᠤ ᠳᠡᠶ᠋ᠢᠯᠭᠦ ᠦᠭᠡᠢ ᠪᠣᠯ᠂ ᠨᠣᠭᠤᠭ᠋ᠠᠨ ᠪᠦᠷᠢᠳᠦ ᠴᠦ᠍ ᠡᠯᠡᠰᠦᠨ ᠴᠦᠯ ᠪᠣᠯᠵᠤ ᠬᠤᠪᠢᠷᠠᠵᠤ ᠮᠡᠳᠡᠨ᠎ᠠ᠃ ᠪᠠᠶᠠᠨᠨᠠᠭᠤᠷ ᠬᠤᠳᠠ ᠵᠢᠨ ᠠᠮᠢ ᠠᠬᠤᠢ ᠵᠢᠨ ᠡᠯᠧᠮᠧᠨ᠋ᠲ ᠪᠦᠷᠢᠨ ᠭᠦᠢ᠍ᠴᠡᠳ᠂ ᠮᠠᠨ᠎ᠤ ᠤᠯᠤᠰ᠎ᠤᠨ ᠪᠠᠷᠠᠭᠤᠨ ᠬᠤᠶ᠋ᠢᠲᠤ ᠣᠷᠣᠨ᠎ᠳᠠᠬᠢ ᠠᠮᠢ ᠠᠬᠤᠢ ᠵᠢᠨ ᠪᠠᠶ᠋ᠢᠷᠢ ᠰᠠᠭᠤᠷᠢ ᠮᠠᠰᠢ ᠴᠢᠬᠤᠯᠠ᠂ ᠪᠢᠳᠡ ᠯᠠᠪᠲᠠᠢ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠡᠨᠡ ᠬᠦ᠌ ᠵᠠᠩᠭᠢᠯᠠᠭ᠎ᠠ ᠵᠢ ᠪᠠᠲᠤ ᠡᠵᠡᠮᠳᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ》 ᠭᠡᠵᠦ ᠬᠡᠯᠡᠪᠡ᠃
   《ᠶᠡᠷᠦᠩᠬᠡᠢ ᠱᠦᠵᠢ ᠪᠢᠳᠡᠨ᠎ᠢ ᠰᠡᠳᠬᠢᠯ᠎ᠳᠡᠭᠡᠨ ᠪᠤᠳᠤᠵᠤ ᠪᠠᠶ᠋ᠢᠨ᠎ᠠ》
  ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ ᠵᠢᠨ 3.9 ᠲᠦᠮᠡᠨ ᠮᠦ᠍ ᠬᠥᠮᠥᠨ᠎ᠤ ᠬᠦᠴᠦ᠎ᠪᠠᠷ ᠣᠶ᠋ᠢᠵᠢᠭᠤᠯᠤᠭᠰᠠᠨ ᠤᠢ ᠰᠢᠭᠤᠢ᠎ᠨᠢ ᠭᠤᠷᠪᠠᠨ ᠦᠶ᠎ᠡ ᠵᠢᠨ ᠬᠥᠮᠥᠰ᠎ᠤᠨ ᠲᠡᠮᠡᠴᠡᠯ᠎ᠠᠴᠠ ᠢᠷᠡᠯᠲᠡ᠎ᠲᠠᠢ ᠶᠤᠮ᠃ ᠤᠢ ᠰᠢᠭᠤᠢ ᠵᠢᠨ ᠲᠠᠯᠠᠪᠠᠢ ᠵᠢᠨ ᠠᠵᠢᠯᠲᠠᠨ ᠠᠵᠢᠯᠴᠢᠨ᠎ᠤ ᠠᠮᠢᠳᠤᠷᠠᠯ᠎ᠤᠨ ᠬᠢᠷᠢ ᠲᠦᠪᠰᠢᠨ ᠴᠦ᠍ ᠶᠡᠷᠦᠩᠬᠡᠢ ᠱᠦᠵᠢ ᠵᠢᠨ ᠰᠡᠳᠬᠢᠯ᠎ᠠᠴᠠ ᠤᠶᠠᠭ᠋ᠠᠲᠠᠢ ᠶᠠᠪᠤᠳᠠᠯ ᠪᠣᠯᠣᠨ᠎ᠠ᠃ 《ᠶᠡᠷᠦᠩᠬᠡᠢ ᠱᠦᠵᠢ ᠪᠢᠳᠡᠨ᠎ᠢ ᠰᠡᠳᠬᠢᠯ᠎ᠳᠡᠭᠡᠨ ᠪᠤᠳᠤᠵᠤ ᠪᠠᠶ᠋ᠢᠨ᠎ᠠ᠂ ᠲᠡᠷᠡ᠎ᠪᠠᠷ ᠪᠢᠳᠡᠨ᠎ᠲᠠᠢ ᠭᠡᠷ᠎ᠤᠨ ᠵᠣᠭᠤᠭ ᠳᠡᠯᠭᠡᠵᠦ ᠪᠠᠶ᠋ᠢᠭ᠎ᠠ ᠮᠡᠲᠦ ᠤᠢ ᠰᠢᠭᠤᠢ ᠵᠢᠨ ᠲᠠᠯᠠᠪᠠᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠣᠯᠣᠨ ᠤᠢ ᠰᠢᠭᠤᠢ ᠵᠢᠨ ᠲᠠᠯᠠᠪᠠᠢ ᠵᠢᠨ ᠠᠵᠢᠯᠲᠠᠨ ᠠᠵᠢᠯᠴᠢᠨ᠎ᠤ ᠬᠥᠯᠥᠰᠦ ᠣᠯᠭᠤᠮᠵᠢ ᠵᠡᠷᠭᠡ ᠠᠰᠠᠭᠤᠳᠠᠯ᠎ᠢ ᠠᠰᠠᠭᠤᠵᠤ ᠭᠠᠷᠤᠯ᠎ᠠ》 ᠭᠡᠵᠦ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ ᠵᠢᠨ ᠳᠠᠷᠤᠭ᠎ᠠ ᠳ᠋ᠦ᠋ ᠸᠧᠨ ᠬᠤᠸᠠ ᠬᠠᠯᠠᠭᠤᠨ ᠳᠣᠲᠣᠨᠣ ᠶᠠᠷᠢᠯᠴᠠᠭ᠋ᠠᠨ᠎ᠤ᠎ᠪᠠᠨ ᠲᠤᠬᠠᠢ ᠡᠷᠭᠢᠴᠡᠭᠦᠯᠦᠨ ᠲᠠᠶ᠋ᠢᠪᠤᠭᠤᠬᠠᠨ ᠶᠠᠷᠢᠨ᠎ᠠ᠃
   ᠬᠥᠮᠥᠨ᠎ᠤ ᠬᠦᠴᠦ᠎ᠪᠠᠷ ᠤᠰᠤ ᠲᠠᠲᠠᠵᠤ᠂ ᠬᠥᠮᠥᠨ᠎ᠤ ᠬᠦᠴᠦ᠎ᠪᠠᠷ ᠴᠢᠬᠢ ᠵᠥᠭᠡᠭᠡᠪᠦᠷᠢᠯᠡᠨ᠂ ᠥᠩᠭᠡᠷᠡᠭᠰᠡᠨ᠎ᠳᠤ ᠡᠯᠡᠰᠦᠨ ᠭᠦᠨ᠎ᠳᠤ ᠮᠣᠳᠣ ᠲᠠᠷᠢᠬᠤ᠎ᠳᠤ ᠵᠥᠪᠭᠡᠨ ᠬᠥᠮᠥᠨ᠎ᠤ ᠬᠦᠴᠦᠨ᠎ᠳᠤ ᠲᠦᠰᠢᠭᠯᠡᠵᠦ᠂ ᠠᠵᠢᠯᠲᠠᠨ ᠠᠵᠢᠯᠴᠢᠨ ᠮᠣᠳᠣᠨ ᠴᠢᠬᠢ᠎ᠪᠠᠨ ᠲᠡᠪᠡᠷᠢᠭᠡᠳ ᠡᠯᠡᠰᠦᠨ᠎ᠳᠤ ᠬᠡᠳᠦᠨ ᠺᠢᠯᠣᠮᠧᠳ᠋ᠷ ᠠᠯᠬᠤᠨ᠎ᠠ᠃ ᠳ᠋ᠦ᠋ ᠸᠧᠨ ᠬᠤᠸᠠ᠄ 《ᠲᠡᠷᠡ ᠦᠶ᠎ᠡ᠎ᠳᠤ ᠮᠣᠳᠣᠨ ᠴᠢᠬᠢᠨ᠎ᠤ ᠡᠳᠡᠭᠡᠷᠡᠯᠲᠡ ᠵᠢᠨ ᠨᠣᠷᠮ᠎ᠠ ᠳᠣᠣᠷ᠎ᠠ ᠪᠠᠶ᠋ᠢᠭᠰᠠᠨ ᠪᠣᠯᠬᠤᠷ ᠪᠠᠰᠠ ᠰᠡᠵᠢᠭᠯᠡᠭᠳᠡᠵᠦ ᠥᠩᠭᠡᠷᠡᠭᠰᠡᠨ ᠶᠤᠮ᠃ ᠭᠡᠪᠡᠴᠦ ᠨᠢᠭᠡ ᠮᠣᠳᠣ ᠠᠮᠢᠳᠤ ᠪᠠᠶ᠋ᠢᠳᠠᠭ ᠯᠠ ᠶᠤᠮ ᠪᠣᠯ ᠮᠠᠨ᠎ᠤ ᠴᠢᠭᠯᠡᠯ ᠪᠠ ᠠᠷᠭ᠎ᠠ ᠵᠥᠪ ᠪᠤᠯᠬᠤ ᠵᠢ ᠭᠡᠷᠡᠴᠢᠯᠡᠨ᠎ᠡ》 ᠭᠡᠵᠦ ᠶᠠᠷᠢᠨ᠎ᠠ᠃ ᠣᠳᠣᠬᠠᠨ᠎ᠳᠤ᠂ ᠣᠶ ᠰᠢᠭᠤᠢ ᠵᠢᠨ ᠲᠠᠯᠠᠪᠠᠶ ᠵᠢᠨ 80 ᠭᠠᠷᠤᠢ ᠵᠦᠢ᠍ᠯ᠎ᠤᠨ ᠬᠡᠭᠡᠷ᠎ᠡ ᠵᠢᠨ ᠠᠮᠢᠲᠠᠨ ᠪᠠ 30 ᠭᠠᠷᠤᠢ ᠵᠦᠢ᠍ᠯ᠎ᠤᠨ ᠤᠷᠭᠤᠮᠠᠯ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠵᠤ᠂ ᠬᠠᠶ᠋ᠢᠯᠠᠷ ᠨᠠᠷᠠᠰᠤ᠂ ᠭᠠᠴᠤᠷ᠎ᠠ ᠵᠡᠷᠭᠡ ᠥᠩᠭᠡᠷᠡᠭᠰᠡᠨ᠎ᠳᠤ ᠣᠷᠣᠰᠢᠨ ᠠᠮᠢᠳᠤᠷᠠᠬᠤ᠎ᠳᠤ ᠬᠦᠴᠢᠷᠲᠡᠢ ᠪᠠᠶ᠋ᠢᠭᠰᠠᠨ ᠮᠣᠳᠣᠨ᠎ᠤ ᠲᠥᠷᠥᠯ ᠴᠦ᠍ ᠢᠳᠡᠯᠢᠭ ᠤᠷᠭᠤᠵᠤ ᠪᠠᠶ᠋ᠢᠨ᠎ᠠ᠃
  ᠰᠠᠶ᠋ᠢᠨ ᠰᠠᠶ᠋ᠢᠬᠠᠨ ᠠᠮᠢ ᠠᠬᠤᠢ ᠵᠢᠨ ᠲᠤᠰ ᠪᠡᠶ᠎ᠡ᠎ᠳᠤ ᠠᠵᠤ ᠠᠬᠤᠢ ᠨᠡᠶ᠋ᠢᠭᠡᠮ᠎ᠤᠨ ᠦᠷᠳᠡᠭ ᠠᠭᠤᠯᠤᠭᠳᠠᠵᠤ ᠪᠠᠶ᠋ᠢᠳᠠᠭ᠃ ᠲᠥᠰᠥᠭᠡᠯᠡᠨ ᠪᠤᠳᠣᠬᠰᠠᠨ ᠵᠶ᠋ᠠᠷ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ᠎ᠨᠢ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠬᠥᠷᠥᠰᠥ ᠰᠢᠷᠣᠢ ᠵᠢ ᠰᠠᠶ᠋ᠢᠵᠢᠷᠠᠭᠤᠯᠵᠤ᠂ ᠲᠠᠷᠢᠮᠠᠯ ᠎ᠤᠨ ᠵᠦᠢ᠍ᠯ᠎ᠤᠨ ᠤᠨᠠᠯᠲᠠ ᠵᠢ 15% ᠣᠷᠴᠢᠮ ᠨᠡᠮᠡᠭᠳᠡᠭᠦᠯᠵᠦ᠂ ᠮᠦ᠍ ᠪᠦᠷᠢ ᠵᠢᠨ ᠳᠤᠮᠳᠠᠴᠢ ᠣᠷᠣᠯᠭ᠎ᠠ ᠵᠢ 200 ᠲᠥᠭᠦᠷᠢᠭ ᠣᠷᠴᠢᠮ ᠨᠡᠮᠡᠭᠳᠡᠭᠦᠯᠵᠦ᠂ ᠲᠠᠷᠢᠶᠠᠴᠢᠳ᠎ᠤᠨ ᠬᠥᠮᠥᠨ ᠳᠤᠮᠳᠠᠴᠢ ᠣᠷᠣᠯᠭ᠎ᠠ ᠵᠢ 1500 ᠲᠥᠭᠦᠷᠢᠭ ᠣᠷᠴᠢᠮ ᠨᠡᠮᠡᠭᠳᠡᠭᠦᠯᠪᠡ᠃ ᠣᠢ ᠰᠢᠭᠤᠢ ᠵᠢᠨ ᠲᠠᠯᠠᠪᠠᠢ ᠪᠠᠰᠠ ᠠᠮᠢ ᠠᠬᠤᠢ ᠵᠢᠨ ᠦᠷ᠎ᠡ ᠠᠰᠢᠭ᠎ᠢ ᠠᠳᠬᠤᠵᠤ᠂ ᠣᠯᠠᠨ ᠶᠠᠩᠵᠤ ᠵᠢᠨ ᠬᠥᠭᠵᠢᠯᠲᠡ ᠵᠢᠨ ᠵᠠᠭᠪᠤᠷ᠎ᠢ ᠬᠠᠶ᠋ᠢᠨ ᠰᠦᠪᠡᠭᠴᠢᠯᠡᠵᠦ ᠡᠬᠢᠯᠡᠪᠡ᠃
   ᠠᠮᠢ ᠠᠬᠤᠢ ᠦᠷᠭᠦᠯᠵᠢᠯᠡᠨ ᠰᠠᠶ᠋ᠢᠵᠢᠷᠠᠵᠤ᠂ ᠤᠢ ᠰᠢᠭᠤᠢ ᠵᠢᠨ ᠠᠵᠢᠯᠲᠠᠨ ᠠᠵᠢᠯᠴᠢᠨ᠎ᠤ ᠣᠷᠣᠯᠭ᠎ᠠ ᠵᠢᠯ ᠳᠠᠷᠠᠭ᠋ᠠᠯᠠᠨ ᠨᠡᠮᠡᠭᠳᠡᠵᠦ ᠪᠠᠶ᠋ᠢᠨ᠎ᠠ᠂ ᠳ᠋ᠦ᠋ ᠸᠧᠨ ᠬᠤᠸᠠ ᠡᠳᠡᠭᠡᠷ ᠪᠠᠶ᠋ᠢᠳᠠᠯ᠎ᠢ ᠨᠢᠭᠡᠳ ᠨᠢᠭᠡ᠎ᠪᠠᠷ ᠶᠡᠷᠦᠩᠬᠡᠢ ᠱᠦᠵᠢ᠎ᠳᠤ ᠬᠠᠷᠢᠭᠤ ᠮᠡᠳᠡᠭᠦᠯᠵᠦ᠂ ᠶᠡᠷᠦᠩᠬᠡᠢ ᠱᠦᠵᠢ ᠰᠠᠨᠠᠭ᠎ᠠ ᠠᠮᠤᠷ ᠪᠠᠶ᠋ᠢᠵᠤ᠂ ᠣᠯᠠᠨ᠎ᠤ ᠠᠮᠢᠳᠤᠷᠠᠯ ᠤᠯᠠᠮ᠎ᠠᠴᠠ ᠤᠯᠠᠮ ᠰᠠᠶ᠋ᠢᠵᠢᠷᠠᠬᠤ ᠵᠢ ᠬᠦᠰᠡᠪᠡ!
  ᠥᠪᠥᠷ ᠮᠣᠩᠭᠤᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠳᠤ ᠬᠦᠴᠢᠷ ᠪᠡᠷᠬᠡᠰᠢᠶᠡᠯ᠎ᠠᠴᠠ ᠦᠯᠦ ᠬᠠᠯᠠᠰᠢᠷᠠᠵᠤ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠬᠤ ᠬᠡᠷᠡᠭᠲᠡᠢ
  40 ᠭᠠᠷᠤᠢ ᠵᠢᠯ᠎ᠳᠤ᠂ ᠳᠤᠮᠳᠠᠳᠤ ᠤᠯᠤᠰ ᠳᠡᠯᠡᠬᠡᠢ ᠳ᠋ᠠᠬᠢᠨ᠎ᠢ ᠳᠣᠩᠰᠣᠯᠭ᠋ᠠᠮ᠎ᠠ ᠨᠣᠮᠢᠨ ᠨᠣᠭᠤᠭ᠋ᠠᠨ ᠤᠷᠳᠤ ᠴᠠᠭ᠋ᠠᠨ ᠬᠡᠷᠡᠮ᠎ᠢ ᠴᠣᠭᠴᠠᠯᠠᠪᠠ᠃
  1978 ᠣᠨ᠎ᠳᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠪᠠᠷᠠᠭᠤᠨ ᠬᠤᠶ᠋ᠢᠲᠤ ᠣᠷᠣᠨ᠂ ᠤᠮᠠᠷᠠᠲᠤ ᠣᠷᠣᠨ᠎ᠤ ᠬᠤᠶ᠋ᠢᠲᠤ ᠬᠡᠰᠡᠭ᠂ ᠵᠡᠭᠦᠨ ᠬᠤᠶ᠋ᠢᠲᠤ ᠣᠷᠣᠨ᠎ᠤ ᠪᠠᠷᠠᠭᠤᠨ ᠬᠡᠰᠡᠭ᠎ᠤᠨ ᠰᠠᠯᠬᠢ ᠡᠯᠡᠰᠦᠨ᠎ᠤ ᠬᠥᠨᠥᠭᠡᠯ᠂ ᠬᠥᠷᠥᠰᠥ ᠰᠢᠷᠣᠢ ᠵᠢᠨ ᠢᠳᠡᠭᠳᠡᠯ ᠬᠦᠨᠳᠦ ᠨᠣᠴᠢᠲᠠᠢ ᠭᠠᠵᠠᠷ ᠣᠷᠣᠨ᠎ᠳᠤ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠢᠨᠵᠧᠨᠧᠷᠢᠩ᠎ᠢ ᠪᠠᠶ᠋ᠢᠭᠤᠯᠬᠤ᠎ᠪᠠᠷ ᠲᠣᠭᠲᠠᠵᠤ᠂ ᠬᠥᠮᠥᠨ ᠲᠥᠷᠥᠯᠬᠢᠲᠡᠨ᠎ᠤ ᠲᠡᠦᠬᠡᠨ ᠳᠡᠭᠡᠷᠡᠬᠢ ᠬᠠᠮᠤᠭ᠎ᠤᠨ ᠶᠡᠭᠡ ᠬᠥᠮᠥᠨ᠎ᠤ ᠬᠦᠴᠦᠨ᠎ᠤ ᠠᠮᠢ ᠠᠬᠤᠢ ᠵᠢᠨ ᠣᠶ ᠰᠢᠭᠤᠢ ᠵᠢᠨ ᠪᠦᠰᠡ ᠵᠢᠨ ᠪᠦᠲᠦᠭᠡᠨ ᠪᠠᠶ᠋ᠢᠭᠤᠯᠤᠯᠲᠠ ᠡᠬᠢᠯᠡᠭᠰᠡᠨ ᠪᠠᠶ᠋ᠢᠨ᠎ᠠ᠃ ᠡᠳᠦᠷ ᠰᠥᠨᠢ ᠵᠢᠨ ᠰᠣᠯᠢᠭᠳᠠᠯ᠂ ᠳᠦᠷᠪᠡᠨ ᠤᠯᠠᠷᠢᠯ᠎ᠤᠨ ᠡᠷᠭᠢᠯᠲᠡ᠎ᠳᠤ᠂ ᠤᠮᠠᠷᠠᠲᠤ ᠵᠢᠨ ᠭᠤᠷᠪᠠᠨ ᠣᠷᠣᠨ᠎ᠤ ᠬᠥᠮᠥᠰ ᠡᠯᠡᠰᠦ᠎ᠲᠠᠢ ᠲᠡᠮᠡᠴᠡᠬᠦ᠎ᠪᠠᠨ ᠶᠡᠷᠦ᠎ᠠᠴᠠ ᠵᠣᠭᠰᠣᠭᠰᠠᠨ ᠦᠭᠡᠢ᠃ ᠬᠡᠳᠦᠨ ᠦᠶ᠎ᠡ ᠵᠢᠨ ᠬᠥᠮᠥᠰ᠂ ᠲᠦᠭ ᠲᠦᠮᠡᠨ ᠠᠷᠠᠳ ᠤᠯᠠᠨ᠎ᠤ ᠬᠠᠯᠠᠰᠢᠷᠠᠯ ᠦᠭᠡᠢ ᠲᠡᠮᠡᠴᠡᠯ ᠵᠶ᠋ᠠᠷ ᠳᠡᠮᠵᠢᠨ᠂ ᠰᠠᠯᠬᠢ ᠡᠯᠡᠰᠦ ᠵᠢ ᠬᠠᠮᠲᠤ᠎ᠪᠠᠷ ᠰᠡᠷᠭᠡᠶ᠋ᠢᠯᠡᠨ ᠬᠤᠷᠢᠭᠯᠠᠬᠤ᠂ ᠬᠥᠷᠥᠰᠥ ᠰᠢᠷᠣᠢ ᠵᠢ ᠬᠠᠮᠠᠭ᠋ᠠᠯᠠᠬᠤ᠂ ᠲᠠᠷᠢᠶᠠᠯᠠᠩ᠎ᠢ ᠬᠠᠮᠠᠭ᠋ᠠᠯᠠᠨ ᠮᠠᠯ ᠠᠵᠤ ᠠᠬᠤᠢ ᠵᠢ ᠬᠥᠭᠵᠢᠭᠦᠯᠬᠦ ᠨᠣᠮᠢᠨ ᠨᠣᠭᠤᠭ᠋ᠠᠨ ᠬᠠᠯᠬᠠᠪᠴᠢ ᠡᠬᠡ ᠤᠯᠤᠰ᠎ᠤᠨ ᠤᠮᠠᠷᠠᠲᠤ ᠬᠢᠯᠢ᠎ᠳᠤ ᠰᠡᠬᠦᠶ᠋ᠢᠨ ᠰᠦᠨᠳᠡᠷᠯᠡᠪᠡ᠃
   ᠤᠯᠤᠰ᠎ᠤᠨ ᠡᠵᠡᠩᠨᠡᠯᠲᠡ ᠵᠢᠨ ᠰᠢᠨᠬᠤᠸᠠ ᠤᠢ ᠰᠢᠭᠤᠢ ᠵᠢᠨ ᠲᠠᠯᠠᠪᠠᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠶᠡᠷᠦᠩᠬᠡᠢ ᠱᠦᠵᠢ ᠥᠪᠥᠷ ᠮᠣᠩᠭᠤᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠢ ᠬᠡᠷᠡᠭᠵᠢᠭᠦᠯᠬᠦ ᠬᠡᠪᠴᠢᠶᠡᠨ᠎ᠤ ᠲᠠᠷᠬᠠᠯᠲᠠ ᠵᠢᠨ ᠵᠢᠷᠤᠭ᠎ᠤᠨ ᠡᠮᠦᠨ᠎ᠡ ᠵᠤᠬᠰᠤᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠤᠤ ᠱᠧᠩ ᠶᠡᠷᠦᠩᠬᠡᠢ ᠱᠦᠵᠢ᠎ᠳᠤ ᠥᠪᠥᠷ ᠮᠣᠩᠭᠤᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠠᠨᠢᠯᠴᠠᠭᠤᠯᠪᠠ᠃ 《ᠪᠢᠳᠡ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠢ ᠬᠡᠷᠡᠭᠵᠢᠭᠦᠯᠬᠦ ᠬᠡᠪᠴᠢᠶᠡᠨ᠎ᠤ ᠲᠠᠷᠬᠠᠯᠲᠠ ᠵᠢᠨ ᠵᠢᠷᠤᠭ᠎ᠤᠨ ᠡᠮᠦᠨ᠎ᠡ ᠬᠦᠷᠬᠦ ᠎ᠳᠤ᠂ ᠶᠡᠷᠦᠩᠬᠡᠢ ᠱᠦᠵᠢ ᠶᠡᠭᠡ ᠬᠢᠩᠭ᠋ᠠᠨ ᠳᠠᠪᠠᠭ᠎ᠠ ᠵᠢ ᠬᠠᠷᠠᠵᠤ᠂ ᠨᠠᠳᠠ᠎ᠠᠴᠠ ᠶᠡᠭᠡ ᠬᠢᠩᠭ᠋ᠠᠨ ᠳᠠᠪᠠᠭ᠎ᠠ ᠤᠳᠤ ᠶᠠᠮᠠᠷ ᠵᠡᠷᠭᠡ ᠪᠠᠶ᠋ᠢᠨ᠎ᠠ ᠪᠤᠢ ᠭᠡᠵᠦ ᠠᠰᠠᠭᠤᠪᠠ? ᠪᠢ ᠶᠡᠷᠦᠩᠬᠡᠢ ᠱᠦᠵᠢ᠎ᠳᠤ᠂ ᠶᠡᠭᠡ ᠬᠢᠩᠭ᠋ᠠᠨ ᠳᠠᠪᠠᠭ᠎ᠠ ᠤᠳᠤ ᠨᠢᠭᠡᠨᠲᠡ ᠮᠣᠳᠣ ᠣᠭᠲᠣᠯᠬᠤ᠎ᠪᠠᠨ ᠵᠣᠭᠰᠣᠵᠤ᠂ ᠪᠠᠶ᠋ᠢᠭ᠋ᠠᠯᠢ ᠪᠠ ᠤᠢ ᠰᠢᠭᠤᠢ ᠮᠠᠰᠢ ᠰᠠᠶ᠋ᠢᠨ ᠰᠡᠷᠭᠦᠵᠦ ᠪᠠᠶ᠋ᠢᠨ᠎ᠠ ᠭᠡᠵᠦ ᠬᠠᠷᠢᠭᠤᠯᠪᠠ》 ᠭᠡᠵᠦ ᠸᠠᠩ ᠵᠤᠤ ᠱᠧᠩ ᠶᠠᠷᠢᠯ᠎ᠠ᠃
   ᠥᠪᠥᠷ ᠮᠣᠩᠭᠤᠯ ᠡᠬᠡ ᠤᠯᠤᠰ᠎ᠤᠨ ᠤᠮᠠᠷᠠᠲᠤ ᠬᠢᠯᠢ᠎ᠳᠤ ᠪᠠᠶ᠋ᠢᠷᠢᠯᠠᠵᠤ᠂ 《ᠤᠮᠠᠷᠠᠲᠤ ᠵᠢᠨ ᠭᠤᠷᠪᠠᠨ ᠣᠷᠣᠨ》᠎ᠢ ᠰᠤᠨᠳᠠᠯᠠᠨ᠂ ᠠᠮᠢ ᠠᠬᠤᠢ ᠣᠷᠴᠢᠨ ᠲᠣᠭᠤᠷᠢᠨ ᠬᠡᠪᠡᠷᠡᠭ ᠪᠠᠶ᠋ᠢᠳᠠᠭ᠃ 《ᠡᠬᠡ ᠤᠯᠤᠰ᠎ᠤᠨ ᠤᠮᠠᠷᠠᠲᠤ ᠵᠢᠨ ᠦᠵᠡᠮᠵᠢ ᠵᠢᠨ ᠣᠷᠣᠨ ᠵᠶ᠋ᠠᠨ ᠨᠠᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠢ》᠂ 《ᠠᠮᠢ ᠠᠬᠤᠢ ᠣᠷᠴᠢᠨ ᠲᠣᠭᠤᠷᠢᠨ᠎ᠢ ᠰᠠᠶ᠋ᠢᠲᠤᠷ ᠬᠠᠮᠠᠭ᠋ᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ》᠂ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠵᠶ᠋ᠠᠷ ᠭᠤᠶ᠋ᠢᠪᠢᠰᠢ ᠦᠭᠡᠢ ᠵᠠᠮᠨᠠᠵᠤ᠂ ᠦᠶ᠎ᠡ ᠵᠢᠨ ᠦᠶ᠎ᠡ᠎ᠳᠡᠭᠡᠨ ᠴᠢᠷᠮᠠᠶ᠋ᠢᠨ ᠠᠵᠢᠯᠯᠠᠬᠤ ᠬᠡᠷᠡᠭᠲᠡᠢ》 ᠁ ᠶᠡᠷᠦᠩᠬᠡᠢ ᠱᠦᠵᠢ ᠢᠮᠠᠭᠲᠠ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ᠎ᠳᠤ ᠬᠦᠨᠳᠦ ᠨᠠᠶ᠋ᠢᠳᠠᠯᠭ᠎ᠠ ᠲᠠᠯᠪᠢᠭᠰᠠᠭ᠋ᠠᠷ ᠢᠷᠡᠵᠡᠶ᠃
  《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠡᠷᠭᠡ ᠤᠯᠤᠰ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠪᠦᠭᠦ ᠲᠠᠯ᠎ᠠ᠎ᠪᠠᠷ ᠬᠡᠷᠡᠭᠵᠢᠭᠦᠯᠵᠦ᠂ ᠴᠥᠯᠯᠡᠷᠭᠡᠭᠵᠢᠭᠰᠡᠨ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠠᠬᠢᠴᠠ ᠵᠢ ᠦᠷᠭᠦᠯᠵᠢᠯᠡᠨ ᠠᠭᠢᠭᠤᠯᠪᠠ;
  ᠤᠯᠤᠰ᠎ᠤᠨ ᠡᠯᠡᠰᠦᠷᠬᠡᠭᠵᠢᠭᠰᠡᠨ ᠭᠠᠵᠠᠷ ᠰᠢᠷᠣᠢ ᠵᠢ ᠪᠢᠲᠡᠭᠦᠮᠵᠢᠯᠡᠨ ᠬᠠᠮᠠᠭ᠋ᠠᠯᠠᠬᠤ ᠣᠷᠣᠨ᠎ᠢ 18 ᠪᠠᠶ᠋ᠢᠭᠤᠯᠵᠤ᠂ 《ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠠᠮᠠᠷᠠᠭᠤᠯᠬᠤ ᠬᠠᠮᠢᠶᠠᠷᠤᠯᠲᠠ ᠵᠢᠨ ᠳᠦᠷᠢᠮ》᠎ᠢ ᠨᠡᠶ᠋ᠢᠲᠡᠯᠡᠵᠦ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠪᠠ;
  ᠮᠡᠷᠭᠡᠵᠢᠯ᠎ᠤᠨ ᠳᠦᠷᠢᠮ᠎ᠳᠤ ᠵᠠᠰᠠᠪᠤᠷᠢ ᠣᠷᠣᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠳᠡᠯᠭᠡᠷᠡᠭᠦᠯᠦᠨ ᠵᠢᠱ᠌ᠢᠶ᠎ᠡ ᠦᠵᠡᠭᠦᠯᠭᠦ ᠶᠡᠭᠡ ᠬᠡᠮᠵᠢᠶᠡᠨ᠎ᠤ ᠲᠥᠷᠥᠯ ᠵᠦᠢ᠍ᠯ᠎ᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠰᠡᠷᠭᠡᠶ᠋ᠢᠯᠡᠨ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠪᠡ;
  ᠠᠵᠤ ᠠᠬᠤᠢ ᠵᠢᠨ ᠣᠶ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠣᠶ ᠰᠢᠭᠤᠢ ᠡᠯᠡᠰᠦᠨ᠎ᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠪᠣᠶ᠋ᠢᠵᠢᠭᠤᠯᠤᠨ᠂ ᠣᠶ ᠰᠢᠭᠤᠢ ᠡᠯᠡᠰᠦᠨ᠎ᠤ ᠠᠵᠤ ᠦᠢ᠍ᠯᠡᠰ᠎ᠤᠨ ᠬᠡᠪᠴᠢᠶᠡᠵᠢᠭᠰᠡᠨ᠂ ᠡᠷᠴᠢᠮᠵᠢᠭᠰᠡᠨ᠂ ᠰᠢᠯᠢᠳᠡᠭᠵᠢᠭᠰᠡᠨ ᠴᠢᠭᠯᠡᠯ ᠵᠶ᠋ᠠᠷ ᠬᠥᠭᠵᠢᠬᠦ ᠵᠢ ᠳᠠᠶ᠋ᠢᠴᠢᠯᠠᠪᠠ ᠁
   ᠥᠪᠥᠷ ᠮᠣᠩᠭᠤᠯ ᠶᠠᠭ ᠦᠢ᠍ᠯᠡᠳᠦᠯᠭᠡ ᠵᠢᠨ ᠳᠤᠮᠳᠠ ᠡᠯᠡᠰᠦ ᠵᠢ ᠨᠣᠮᠣᠬᠠᠳᠬᠠᠬᠤ ᠵᠢ ᠰᠦᠪᠡᠭᠴᠢᠯᠡᠵᠦ᠂ ᠨᠣᠭᠤᠭ᠋ᠠᠷᠠᠭᠤᠯᠤᠯᠲᠠ ᠵᠢ ᠪᠡᠶᠡᠯᠡᠭᠦᠯᠵᠦ ᠪᠠᠶ᠋ᠢᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠥᠪᠥᠷ ᠮᠣᠩᠭᠤᠯ 1.22 ᠳ᠋ᠦᠩᠰᠢᠭᠤᠷ ᠮᠦ᠍ ᠣᠶ᠋ᠢᠵᠢᠭᠤᠯᠵᠤ᠂ 2.86 ᠳ᠋ᠦᠩᠰᠢᠭᠤᠷ ᠮᠦ᠍ ᠡᠪᠡᠰᠦ ᠳᠠᠷᠢᠵᠤ᠂ ᠵᠢᠯ ᠳᠤᠮᠳᠠᠴᠢ᠎ᠪᠠᠷ 1200 ᠲᠦᠮᠡᠨ ᠮᠦ᠍᠎ᠠᠴᠠ ᠳᠡᠭᠡᠭᠰᠢ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠵᠤ᠂ ᠬᠡᠪᠴᠢᠶ᠎ᠡ᠎ᠨᠢ ᠴᠥᠮ ᠪᠦᠭᠦ ᠤᠯᠤᠰ᠎ᠤᠨ ᠲᠡᠷᠢᠭᠦᠨ᠎ᠳᠤ ᠣᠷᠣᠪᠠ᠃ ᠪᠦᠭᠦ ᠣᠷᠣᠨ᠎ᠤ ᠠᠮᠢ ᠠᠬᠤᠢ ᠣᠷᠴᠢᠨ ᠲᠣᠭᠤᠷᠢᠨ 《ᠪᠦᠬᠦᠯᠢ ᠴᠣᠭᠴᠠ᠎ᠪᠠᠷ ᠬᠤᠷᠢᠭᠯᠠᠵᠤ᠂ ᠬᠡᠰᠡᠭ ᠲᠠᠯ᠎ᠠ᠎ᠪᠠᠷ ᠰᠠᠶ᠋ᠢᠵᠢᠷᠠᠭᠰᠠᠨ》 ᠴᠢᠬᠤᠯᠠ ᠶᠡᠭᠡ ᠬᠤᠪᠢᠷᠠᠯᠲᠠ ᠵᠢ ᠪᠡᠶᠡᠯᠡᠭᠦᠯᠵᠦ᠂ ᠣᠶ ᠰᠢᠭᠤᠢ ᠵᠢᠨ ᠪᠦᠷᠬᠦᠴᠡ ᠵᠢᠨ ᠨᠣᠷᠮ᠎ᠠ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠲᠠᠯᠠᠪᠠᠶ ᠦᠷᠭᠦᠯᠵᠢᠯᠡᠨ ᠪᠠᠭ᠋ᠠᠰᠪᠠ᠃
   《ᠶᠡᠷᠦᠩᠬᠡᠢ ᠱᠦᠵᠢ ᠵᠢᠨ ᠬᠦᠷᠴᠦ ᠢᠷᠡᠭᠰᠡᠨ᠎ᠨᠢ ᠬᠥᠮᠥᠰ᠎ᠢ ᠵᠣᠷᠢᠭᠵᠢᠭᠤᠯᠤᠭᠰᠠᠨ ᠪᠥᠭᠡᠳ ᠮᠠᠨ᠎ᠤ ᠢᠷᠡᠭᠡᠳᠦᠢ ᠵᠢᠨ ᠠᠵᠢᠯ᠎ᠳᠤ ᠬᠢᠵᠠᠭ᠋ᠠᠯᠠᠰᠢ ᠦᠭᠡᠢ ᠬᠥᠳᠡᠯᠭᠡᠬᠦ ᠬᠦᠴᠦᠨ᠎ᠢ ᠠᠪᠴᠢᠷᠠᠵᠤ ᠥᠭᠴᠡᠢ》 ᠭᠡᠵᠦ ᠸᠠᠩ ᠵᠤᠤ ᠱᠧᠩ ᠡᠷᠡᠰ ᠪᠠᠲᠤ ᠬᠡᠯᠡᠪᠡ᠃ 2021 ᠣᠨ᠎ᠠᠴᠠ 2030 ᠣᠨ ᠪᠣᠯ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠵᠢᠨ ᠬᠤᠭᠤᠴᠠᠭ᠎ᠠ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ᠃ ᠸᠠᠩ ᠵᠣᠣ ᠱᠧᠩ᠄ 《ᠥᠪᠥᠷ ᠮᠣᠩᠭᠤᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ ᠬᠦᠴᠢᠷ ᠪᠡᠷᠬᠡᠰᠢᠶᠡᠯ᠎ᠠᠴᠠ ᠦᠯᠦ ᠬᠠᠯᠠᠰᠢᠷᠠᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠠᠬᠢ ᠪᠤᠶ ᠪᠤᠯᠭ᠋ᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠰᠢᠨ᠎ᠡ ᠭᠠᠶ᠋ᠢᠬᠠᠮᠰᠢᠭ᠎ᠢ ᠴᠢᠷᠮᠠᠶ᠋ᠢᠨ ᠡᠭᠦᠳᠦᠨ᠎ᠡ》 ᠭᠡᠵᠦ ᠢᠯᠡᠳᠬᠡᠪᠡ᠃
   ᠬᠥᠬᠡᠮᠳᠦᠭ ᠨᠣᠭᠤᠭ᠋ᠠᠨ᠎ᠢ ᠬᠥᠭᠡᠭᠡᠴᠡᠯᠳᠦᠵᠦ᠂ ᠬᠦᠰᠡᠯ ᠵᠡᠭᠦᠳᠦ᠎ᠪᠠᠨ ᠲᠡᠷᠭᠡᠯᠰᠢᠭᠦᠯᠦᠨᠡᠮ᠃ ᠶᠡᠷᠦᠩᠬᠡᠢ ᠱᠦᠵᠢ ᠵᠢᠨ ᠪᠣᠳᠣᠯᠬᠢᠯᠠᠯ ᠪᠣᠯ ᠵᠢᠷᠤᠭᠯᠠᠨ ᠪᠢᠴᠢᠭᠰᠡᠨ ᠠᠤᠭ᠎ᠠ ᠶᠡᠭᠡ ᠠᠷᠭ᠎ᠠ ᠪᠣᠳᠣᠯᠭ᠎ᠠ ᠪᠣᠯᠣᠨ᠎ᠠ; ᠶᠡᠷᠦᠩᠬᠡᠢ ᠱᠦᠵᠢ ᠵᠢᠨ ᠬᠠᠯᠠᠮᠵᠢᠯᠠᠯ ᠪᠣᠯ ᠲᠣᠮᠣ ᠤᠯᠤᠰ᠎ᠤᠨ ᠤᠳᠤᠷᠢᠳᠤᠭᠴᠢ ᠵᠢᠨ ᠠᠷᠠᠳ᠎ᠤᠨ ᠲᠥᠯᠥᠭᠡ ᠵᠢᠳᠬᠦᠬᠦ ᠰᠡᠳᠬᠢᠯᠭᠡ ᠮᠥᠨ᠃ ᠤᠮᠠᠷᠠᠲᠤ ᠬᠢᠯᠢ ᠵᠢᠨ ᠬᠥᠪᠡᠭᠦᠳ ᠥᠬᠢᠳ ᠶᠡᠷᠦᠩᠬᠡᠢ ᠱᠦᠵᠢ ᠵᠢᠨ ᠵᠢᠭ᠋ᠠᠭᠰᠠᠨ ᠴᠢᠭᠯᠡᠯ ᠵᠶ᠋ᠠᠷ ᠤᠷᠤᠭᠰᠢᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠰᠡᠬᠦᠶ᠋ᠢᠨ ᠰᠦᠨᠳᠡᠷᠯᠡᠭᠰᠡᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠤᠭ᠋ᠠᠨ ᠤᠷᠳᠤ ᠴᠠᠭ᠋ᠠᠨ ᠬᠡᠷᠡᠮ᠎ᠢ ᠨᠡᠩ ᠪᠠᠲᠤ ᠪᠠᠬᠢ ᠪᠣᠯᠭ᠋ᠠᠨ᠎ᠠ᠃
  


 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠬᠦᠰᠡᠯ ᠨᠠᠶ᠋ᠢᠳᠠᠯᠭ᠎ᠠ ᠵᠢ᠎ᠨᠢ ᠥᠯᠥ ᠬᠥᠰᠡᠷᠳᠡᠭᠦᠯᠵᠦ ᠢᠲᠡᠭᠡᠯ ᠵᠣᠷᠢᠭ ᠵᠶ᠋ᠠᠨ ᠪᠠᠲᠤᠳᠬᠠᠨ ᠢᠳᠡᠷᠡᠭᠦᠨ ᠠᠯᠬᠤᠭ᠎ᠠ᠎ᠪᠠᠷ ᠤᠷᠤᠭᠰᠢᠯᠠᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠪᠠᠶᠠᠨᠨᠠᠭᠤᠷ᠎ᠲᠠᠬᠢ ᠰᠢᠨᠵᠢᠯᠡᠨ ᠪᠠᠶ᠋ᠢᠴᠠᠭ᠋ᠠᠯᠲᠠ ᠪᠠ ᠴᠢᠬᠤᠯᠠ ᠶᠠᠷᠢᠶ᠎ᠠ ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
ᠶᠡᠷᠦᠩᠬᠡᠢ ᠱᠦᠵᠢ ᠤᠯᠠᠭ᠋ᠠᠨᠰᠤᠬᠠᠢ ᠵᠢ ᠰᠠᠨᠠᠭ᠋ᠠᠯᠵᠠᠭᠰᠠᠭ᠋ᠠᠷ ᠢᠷᠡᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 8 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢᠨ ᠡᠬᠢᠯᠡᠯᠳᠡ ᠵᠢᠨ ᠶᠤᠰᠤᠯᠠᠯ᠎ᠢ ᠡᠷᠬᠢᠯᠡᠪᠡ
 
            