ᠰᠢᠨᠵᠢᠯᠡᠨ ᠪᠠᠶ᠋ᠢᠴᠠᠭ᠋ᠠᠭᠰᠠᠨ ᠴᠡᠭ᠄ ᠤᠯᠠᠭ᠋ᠠᠨᠰᠤᠬᠠᠢ ᠵᠢᠨ ᠡᠮᠦᠨ᠎ᠡ ᠬᠥᠪᠡᠭᠡᠨ᠎ᠳᠠᠬᠢ ᠤᠳᠤ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ
ᠬᠦᠷᠢᠶᠡᠯᠡᠩ ᠲᠣᠭᠤᠷᠢᠭ᠎ᠤᠨ ᠶᠡᠷᠦᠩᠬᠡᠢ ᠲᠠᠯᠠᠪᠠᠶ᠎ᠨᠢ 9800 ᠮᠦ᠍ ᠪᠠᠶ᠋ᠢᠵᠤ᠂ ᠡᠭᠦᠨ᠎ᠳᠤ ᠭᠤᠣᠯ ᠲᠣᠭᠤᠷᠢᠭ᠎ᠤᠨ ᠲᠠᠯᠠᠪᠠᠶ᠎ᠨᠢ 4000 ᠮᠦ᠍᠂ ᠨᠥᠯᠥᠭᠡᠯᠡᠨ ᠳᠠᠶ᠋ᠢᠴᠢᠯᠠᠭᠰᠠᠨ ᠲᠠᠯᠠᠪᠠᠶ᠎ᠨᠢ 5800 ᠮᠦ᠍ ᠪᠠᠶ᠋ᠢᠵᠤ᠂ ᠬᠦᠷᠢᠶᠡᠯᠡᠩ ᠲᠣᠭᠤᠷᠢᠭ᠎ᠨᠢ 《ᠠᠵᠤ ᠠᠬᠤᠶ᠋ᠢᠯᠠᠯ + ᠰᠠᠭᠤᠷᠢᠨ + ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠡᠭᠡᠳᠦ ᠰᠤᠷᠭ᠋ᠠᠭᠤᠯᠢ + ᠨᠡᠶ᠋ᠢᠭᠡᠮᠴᠢᠯᠡᠭᠰᠡᠨ ᠦᠢ᠍ᠯᠡᠴᠢᠯᠡᠭᠡ》 ᠵᠢᠨ ᠵᠠᠭᠪᠤᠷ ᠵᠶ᠋ᠠᠷ ᠠᠵᠢᠯᠯᠠᠵᠤ ᠪᠤᠢ᠃
ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ 12 ᠲᠣᠭᠤᠷᠢᠭ ᠪᠠᠭᠲᠠᠵᠤ᠂ ᠡᠷᠳᠡᠨᠢ ᠰᠢᠰᠢ᠂ ᠬᠤᠯᠤ᠂ ᠪᠤᠭᠤᠳᠠᠢ᠎ᠳᠤ ᠢᠵᠢ ᠪᠦᠷᠢᠳᠦᠭᠦᠯᠦᠨ ᠯᠠᠵᠤᠤ ᠳᠠᠷᠢᠬᠤ ᠵᠡᠷᠭᠡ ᠲᠤᠷᠰᠢᠯᠲᠠ ᠵᠢᠨ ᠲᠣᠭᠤᠷᠢᠭ ᠪᠠᠶ᠋ᠢᠭᠤᠯᠵᠤ᠂ ᠳᠣᠬᠢᠭᠤᠷ ᠲᠤᠯᠤᠭ᠋ᠠᠨ ᠣᠲᠣ ᠵᠠᠮᠴᠢᠯᠠᠭ᠎ᠠ ᠵᠢᠨ ᠵᠢᠯᠣᠭᠤᠴᠢ ᠦᠭᠡᠢ ᠲᠠᠷᠢᠶᠠᠯᠠᠩ᠎ᠤᠨ ᠮᠠᠰᠢᠨ ᠵᠶ᠋ᠠᠷ ᠳᠠᠷᠢᠬᠤ᠂ ᠣᠶᠤᠨᠴᠢ᠎ᠪᠠᠷ ᠤᠰᠤᠯᠠᠬᠤ᠂ ᠵᠢᠯᠣᠭᠤᠴᠢ ᠦᠭᠡᠢ ᠨᠢᠰᠬᠡᠯ ᠵᠶ᠋ᠠᠷ ᠲᠠᠷᠢᠮᠠᠯ᠎ᠢ ᠬᠠᠮᠠᠭ᠋ᠠᠯᠠᠬᠤ ᠵᠡᠷᠭᠡ ᠮᠡᠷᠭᠡᠵᠢᠯ᠎ᠢ ᠬᠡᠷᠡᠭᠯᠡᠵᠦ᠂ ᠲᠠᠷᠢᠶᠠᠨ ᠭᠠᠵᠠᠷ᠎ᠤᠨ ᠨᠠᠷᠢᠯᠢᠭ ᠣᠨᠣᠴᠠᠲᠠᠢ ᠳᠠᠷᠢᠵᠤ ᠬᠠᠮᠢᠶᠠᠷᠬᠤ ᠵᠢ ᠠᠬᠢᠭᠤᠯᠵᠠᠢ᠃ ᠲᠠᠷᠢᠶᠠᠯᠠᠩ᠎ᠤᠨ ᠥᠨᠳᠥᠷ ᠤᠨᠠᠯᠲᠠ᠎ᠲᠠᠢ᠂ ᠴᠢᠨᠠᠷ ᠰᠠᠶ᠋ᠢᠲᠠᠢ᠂ ᠥᠨᠳᠥᠷ ᠪᠦᠲᠦᠮᠵᠢᠲᠡᠶ ᠬᠥᠭᠵᠢᠯᠲᠡ ᠵᠢ ᠠᠬᠢᠭᠤᠯᠤᠭᠰᠠᠨ ᠰᠠᠭᠤᠷᠢᠨ ᠳᠡᠭᠡᠷ᠎ᠡ᠂ ᠪᠣᠷᠳᠣᠭᠤᠷ᠎ᠢ ᠬᠢᠵᠠᠭ᠋ᠠᠷᠯᠠᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠨ ᠡᠮ᠎ᠢ ᠬᠢᠵᠠᠭ᠋ᠠᠷᠯᠠᠨ ᠬᠤᠣᠷᠳᠠᠯᠢ ᠪᠠᠭ᠋ᠠᠰᠬᠠᠬᠤ᠂ ᠤᠰᠤ ᠵᠢ ᠬᠢᠵᠠᠭ᠋ᠠᠷᠯᠠᠨ ᠬᠤᠷᠣᠭᠳᠠᠯ᠎ᠢ ᠪᠠᠭ᠋ᠠᠰᠬᠠᠬᠤ᠂ ᠰᠦᠯᠢᠶᠥᠦ ᠪᠦᠷᠬᠦᠪᠴᠢ ᠵᠢ ᠬᠢᠵᠠᠭ᠋ᠠᠷᠯᠠᠨ ᠦᠷ᠎ᠡ ᠠᠰᠢᠭ᠎ᠢ ᠳᠡᠭᠡᠭᠰᠢᠯᠡᠭᠦᠯᠭᠦ ᠵᠢ ᠪᠡᠶᠡᠯᠡᠭᠦᠯᠪᠡ᠃ ᠮᠦ᠍ ᠳᠤᠮᠳᠠᠴᠢ ᠵᠢᠨ ᠬᠢᠮᠢ ᠵᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢ 10 %᠎ᠪᠠᠷ ᠪᠠᠭ᠋ᠠᠰᠬᠠᠵᠤ᠂ ᠬᠠᠷᠢᠴᠠᠭᠤᠯᠤᠭᠰᠠᠨ ᠣᠷᠣᠨ᠎ᠤ᠎ᠬᠢ᠎ᠠᠴᠠ ᠤᠨᠠᠯᠳᠠ ᠵᠢ᠎ᠨᠢ 15 % ᠭᠠᠷᠤᠢ ᠨᠡᠮᠡᠭᠳᠡᠭᠦᠯᠪᠡ᠃
ᠣᠳᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠤᠨ ᠪᠤᠭᠤᠳᠠᠢ ᠵᠢᠨ ᠲᠠᠷᠢᠶᠠᠨ᠎ᠤ ᠤᠷᠭᠤᠴᠠ ᠶᠡᠭᠡ ᠰᠠᠶ᠋ᠢᠨ ᠪᠠᠶ᠋ᠢᠨ᠎ᠠ
《ᠪᠣᠭᠤᠮᠲᠠ ᠵᠢᠨ ᠭᠠᠳᠠᠨᠠᠬᠢ ᠠᠮᠤ ᠪᠤᠳᠠᠭ᠎ᠠ》 ᠵᠢ ᠰᠠᠶ᠋ᠢᠲᠤᠷ ᠲᠠᠷᠢᠵᠤ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠡᠯᠪᠡᠭ ᠲᠠᠩᠰᠤᠭ ᠪᠣᠯᠭ᠋ᠠᠨ᠎ᠠ
ᠥᠪᠥᠷ ᠮᠣᠩᠭᠤᠯ ᠪᠣᠯ ᠳᠤᠮᠳᠠᠳᠤ ᠤᠯᠤᠰ᠎ᠤᠨ 《ᠠᠮᠤ ᠵᠢᠨ ᠰᠠᠩ》 ᠪᠣᠯᠣᠨ᠎ᠠ᠃
ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ 《ᠭᠠᠵᠠᠷ᠂ ᠤᠰᠤ᠂ ᠦᠷ᠎ᠡ》 ᠪᠠ 《ᠠᠮᠤ᠂ ᠮᠢᠬ᠎ᠠ᠂ ᠰᠦ》 ᠵᠢᠨ ᠠᠵᠢᠯ᠎ᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠠᠮᠤ ᠪᠤᠳᠠᠭ᠋ᠠᠨ᠎ᠤ ᠮᠦ᠍ ᠨᠢᠭᠡᠴᠢ ᠵᠢᠨ ᠤᠨᠠᠯᠲᠠ ᠵᠢ ᠳᠠᠭᠢᠨ ᠳᠡᠭᠡᠭᠰᠢᠯᠡᠭᠦᠯᠭᠦ ᠵᠢ ᠠᠬᠢᠭᠤᠯᠪᠠ᠃
— 2021 ᠣᠨ᠎ᠳᠤ᠂ ᠳᠤᠮᠳᠠᠳᠤ ᠤᠯᠤᠰ · ᠥᠪᠥᠷ ᠮᠣᠩᠭᠤᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠵᠢᠭ᠋ᠠᠯᠲᠠ ᠲᠤᠭ᠎ᠠ 125.85 ᠴᠡᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.77 %᠎ᠪᠠᠷ ᠨᠡᠮᠡᠭᠳᠡᠪᠡ᠃
— 2022 ᠣᠨ᠎ᠳᠤ᠂ ᠥᠪᠥᠷ ᠮᠣᠩᠭᠤᠯ᠎ᠤᠨ ᠠᠮᠤ ᠪᠤᠳᠠᠭ᠋ᠠᠨ᠎ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ 780 .1 ᠳ᠋ᠦᠩᠰᠢᠭᠤᠷ ᠵᠢᠩ᠎ᠳᠤ ᠬᠦᠷᠴᠦ᠂ ᠨᠡᠮᠡᠭᠳᠡᠯ᠎ᠤᠨ ᠬᠡᠮᠵᠢᠶ᠎ᠡ᠎ᠨᠢ 1.6 %᠎ᠳᠤ ᠬᠦᠷᠴᠦ᠂ ᠶᠡᠷᠦᠩᠬᠡᠢ ᠤᠨᠠᠯᠲᠠ᠎ᠨᠢ ᠪᠦᠭᠦ ᠤᠯᠤᠰ᠎ᠲᠤ ᠵᠢᠷᠭᠤᠳᠤᠭ᠋ᠠᠷ᠎ᠲᠤ ᠣᠷᠣᠪᠠ᠃
— ᠥᠪᠥᠷ ᠮᠣᠩᠭᠤᠯ ᠪᠣᠯ ᠪᠦᠭᠦ ᠤᠯᠤᠰ᠎ᠤᠨ ᠠᠮᠤ ᠪᠤᠳᠠᠭ᠋ᠠᠨ᠎ᠤ ᠭᠤᠣᠯᠳᠠᠯᠭ᠎ᠠ᠎ᠲᠠᠢ ᠦᠢ᠍ᠯᠡᠳᠪᠦᠷᠢᠯᠡᠯ᠎ᠤᠨ 13 ᠮᠤᠵᠢ ᠣᠷᠣᠨ᠎ᠤ ᠨᠢᠭᠡ ᠪᠠᠶ᠋ᠢᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ 《ᠠᠷᠪᠠ ᠶᠢᠰᠦᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠪᠠ》᠃
— ᠲᠠᠷᠢᠮᠠᠯ᠎ᠢ ᠲᠠᠷᠢᠵᠤ ᠬᠤᠷᠢᠶᠠᠬᠤ ᠶᠡᠷᠦᠩᠬᠡᠶ᠋ᠢᠯᠡᠭᠰᠡᠨ ᠮᠠᠰᠢᠨᠴᠢᠯᠠᠯᠲᠠ ᠵᠢᠨ ᠨᠣᠷᠮ᠎ᠠ 2017 ᠣᠨ᠎ᠳᠤ 83.5 % ᠪᠠᠶ᠋ᠢᠭᠰᠠᠨ᠎ᠠᠴᠠ᠎ᠪᠠᠨ 2022 ᠣᠨ᠎ᠳᠤ 87 % ᠪᠣᠯᠵᠤ ᠳᠡᠭᠡᠭᠰᠢᠯᠡᠪᠡ᠃
— ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢ ᠨᠡᠮᠡᠷᠢ ᠵᠢᠨ ᠨᠣᠷᠮ᠎ᠠ 2017 ᠣᠨ᠎ᠳᠤ 54. 5 % ᠪᠠᠶ᠋ᠢᠭᠰᠠᠨ᠎ᠠᠴᠠ᠎ᠪᠠᠨ 2022 ᠣᠨ᠎ᠳᠤ 61 % ᠪᠣᠯᠵᠤ ᠳᠡᠭᠡᠭᠰᠢᠯᠡᠪᠡ᠃
— ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠠᠶ᠋ᠢᠴᠠᠭ᠋ᠠᠨ ᠬᠡᠮᠵᠢᠯᠲᠡ᠎ᠳᠤ ᠬᠢᠷᠢ ᠲᠡᠩᠴᠡᠭᠰᠡᠨ ᠨᠣᠷᠮ᠎ᠠ ᠢᠮᠠᠭᠲᠠ 98%᠎ᠠᠴᠠ ᠳᠡᠭᠡᠭᠰᠢ᠎ᠳᠤ ᠲᠣᠭᠲᠠᠪᠤᠷᠢᠵᠢᠵᠤ᠂ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠥᠨᠳᠥᠷ ᠪᠠᠶ᠋ᠢᠨ᠎ᠠ᠃
— ᠬᠢᠮᠢ ᠵᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ 4 ᠵᠢᠯ ᠳᠠᠷᠠᠭ᠋ᠠᠯᠠᠨ ᠰᠥᠭᠡᠷᠭᠦ ᠨᠡᠮᠡᠭᠳᠡᠯ ᠵᠶ᠋ᠠᠨ ᠪᠠᠲᠤᠯᠠᠵᠤ᠂ ᠰᠦᠯᠢᠶᠥᠦ ᠪᠦᠷᠬᠦᠪᠴᠢ᠂ ᠡᠰᠢ ᠰᠦᠷᠡᠯ᠎ᠢ ᠬᠤᠷᠢᠶᠠᠨ ᠠᠪᠴᠤ ᠠᠰᠢᠭᠯᠠᠬᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃
ᠲᠤᠭ᠎ᠠ ᠪᠠᠷᠢᠮᠲᠠ ᠪᠣᠯ ᠥᠪᠥᠷ ᠮᠣᠩᠭᠤᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠭᠡᠷᠡᠴᠢ ᠪᠤᠯᠬᠤ ᠪᠥᠭᠡᠳ ᠥᠪᠥᠷ ᠮᠣᠩᠭᠤᠯ᠎ᠤᠨ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠰᠠᠶ᠋ᠢᠲᠤᠷ ᠠᠪᠴᠤ ᠶᠠᠪᠤᠬᠤ ᠰᠢᠨ᠎ᠡ ᠡᠭᠦᠷᠭᠡᠯᠡᠯ᠎ᠢ ᠡᠭᠦᠷᠭᠡᠯᠡᠵᠦ ᠪᠠᠶ᠋ᠢᠭ᠎ᠠ ᠵᠢᠨ ᠬᠠᠮᠤᠭ᠎ᠤᠨ ᠰᠠᠶ᠋ᠢᠨ ᠭᠡᠷᠡᠴᠢ ᠪᠣᠯᠣᠨ᠎ᠠ᠃
ᠥᠪᠥᠷ ᠮᠣᠩᠭᠤᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠠᠯᠬᠤᠭ᠎ᠠ᠎ᠠᠴᠠ ᠥᠪᠥᠷ ᠮᠣᠩᠭᠤᠯ᠎ᠤᠨ ᠪᠦᠲᠦᠴᠡ ᠵᠢ ᠲᠣᠬᠢᠷᠠᠭᠤᠯᠬᠤ᠂ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ᠂ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ᠂ ᠬᠡᠯᠬᠢᠶ᠎ᠡ ᠵᠢ ᠤᠷᠲᠤᠳᠬᠠᠬᠤ ᠯᠠᠪᠳᠠᠭᠤᠨ ᠪᠠᠲᠤᠲᠠᠢ ᠤᠯᠠ ᠮᠥᠷ ᠲᠣᠳᠣᠬᠠᠨ ᠬᠠᠷᠠᠭᠳᠠᠨ᠎ᠠ᠃
ᠲᠠᠷᠢᠶᠠᠯᠠᠩ ᠪᠣᠯ ᠤᠯᠤᠰ ᠭᠦᠷᠦᠨ᠎ᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠤᠯᠤᠰ ᠭᠦᠷᠦᠨ ᠠᠮᠤᠭᠤᠯᠠᠩ ᠪᠣᠯᠣᠮᠤᠢ᠃ ᠨᠠᠩ ᠴᠢᠨᠠᠷ ᠰᠠᠶ᠋ᠢᠲᠠᠢ᠂ ᠨᠠᠩ ᠦᠷ᠎ᠡ ᠪᠦᠲᠦᠮᠵᠢᠲᠡᠶ᠂ ᠨᠠᠩ ᠦᠷᠭᠦᠯᠵᠢᠯᠡᠬᠦ ᠬᠥᠭᠵᠢᠯᠲᠡ ᠵᠢ ᠣᠨᠢᠯᠠᠵᠤ᠂ ᠥᠪᠥᠷ ᠮᠣᠩᠭᠤᠯ ᠨᠠᠩ ᠶᠡᠭᠡ ᠡᠷᠴᠢᠮ ᠪᠠ ᠨᠠᠩ ᠪᠣᠳᠠᠲᠠᠢ ᠠᠷᠭ᠎ᠠ ᠬᠡᠮᠵᠢᠶ᠎ᠡ᠎ᠪᠠᠷ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠲᠦᠷᠭᠡᠳᠬᠡᠨ ᠪᠠᠶ᠋ᠢᠭᠤᠯᠵᠤ᠂ 《ᠪᠣᠭᠤᠮᠲᠠ ᠵᠢᠨ ᠭᠠᠳᠠᠨᠠᠬᠢ ᠠᠮᠤ》 ᠵᠢ ᠰᠠᠶ᠋ᠢᠲᠤᠷ ᠳᠠᠷᠢᠵᠤ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠡᠯᠪᠡᠭ ᠲᠠᠩᠰᠤᠭ ᠪᠤᠯᠭ᠋ᠠᠵᠤ ᠪᠤᠢ᠃
ᠪᠣᠷᠣᠳᠣᠬᠤᠢ ᠵᠢᠨ ᠲᠠᠯ᠎ᠠ ᠭᠠᠵᠠᠷ᠎ᠲᠤ ᠪᠤᠭᠤᠳᠠᠢ ᠵᠢᠨ ᠳᠠᠪᠠᠯᠭ᠋ᠠᠨ ᠬᠠᠶᠠᠯᠠᠨ᠎ᠠ᠃
ᠪᠤᠭᠤᠳᠠᠢ ᠪᠣᠯᠪᠠᠰᠤᠷᠠᠬᠤ ᠤᠯᠠᠷᠢᠯ᠎ᠳᠤ᠂ ᠶᠠᠭ ᠪᠣᠷᠣᠳᠣᠬᠤᠢ ᠵᠢᠨ ᠲᠠᠯ᠎ᠠ ᠭᠠᠵᠠᠷ᠎ᠤᠨ ᠪᠤᠭᠤᠳᠠᠢ ᠵᠢᠨ ᠲᠦᠷᠦᠭᠦᠦ ᠰᠠᠭᠤᠬᠤ ᠢᠳᠡᠷᠡᠭᠦᠨ ᠤᠷᠭᠤᠬᠤ ᠦᠶ᠎ᠡ᠎ᠳᠤ ᠲᠣᠬᠢᠶᠠᠭᠰᠠᠨ ᠵᠶ᠋ᠠᠷ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠡᠯᠪᠡᠭ ᠬᠤᠷᠢᠶᠠᠯᠲᠠ ᠵᠢᠨ ᠬᠦᠰᠡᠯ ᠡᠷᠡᠮᠡᠯᠵᠡᠯ᠎ᠢ ᠬᠥᠪᠥᠷᠡᠭᠦᠯᠦᠭᠰᠡᠨ ᠪᠠᠶ᠋ᠢᠨ᠎ᠠ᠃
6 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ ᠬᠤᠲᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠤᠯᠠᠭ᠋ᠠᠨᠰᠤᠬᠠᠢ ᠵᠢᠨ ᠡᠮᠦᠨ᠎ᠡ ᠬᠥᠪᠡᠭᠡᠨ᠎ᠳᠠᠬᠢ ᠣᠲᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ ᠬᠦᠷᠴᠦ᠂ ᠬᠥᠷᠥᠰᠥ ᠰᠢᠷᠣᠢ᠂ ᠦᠷ᠎ᠡ ᠵᠢᠨ ᠥᠯᠢᠭᠡᠷ ᠶᠠᠩᠵᠤ ᠵᠡᠷᠭᠡ ᠵᠢᠨ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠪᠠᠶᠠᠨᠨᠠᠭᠤᠷ ᠬᠤᠲᠠ ᠵᠢᠨ ᠬᠤᠵᠢᠷᠯᠢᠭ ᠡᠯᠡᠰᠦᠷᠬᠡᠭ ᠡᠵᠡᠭᠦᠢ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠬᠤ ᠪᠠ ᠶᠡᠷᠦᠩᠬᠡᠶ᠋ᠢᠯᠡᠨ ᠠᠰᠢᠭᠯᠠᠬᠤ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠵᠢ ᠠᠬᠢᠭᠤᠯᠬᠤ᠂ ᠣᠲᠣ ᠦᠶ᠎ᠡ ᠵᠢᠨ ᠲᠠᠷᠢᠶᠠᠯᠠᠩ᠎ᠢ ᠳᠡᠯᠭᠡᠷᠡᠭᠦᠯᠵᠦ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃
ᠤᠷᠭᠤᠴᠠ ᠤᠷᠭᠤᠴᠠ ᠰᠠᠶ᠋ᠢᠲᠠᠢ ᠪᠤᠭᠤᠳᠠᠢ᠂ ᠪᠤᠭᠤᠳᠠᠢ᠂ ᠯᠠᠵᠤᠤ ᠰᠠᠯᠬᠢᠨ᠎ᠤ ᠰᠠᠯᠬᠢᠨ᠎ᠤ ᠠᠶ᠎ᠠ᠎ᠪᠠᠷ ᠨᠠᠶ᠋ᠢᠭᠤᠨ᠎ᠠ
ᠣᠭᠲᠠᠷᠭᠤᠢ᠎ᠠᠴᠠ ᠬᠠᠷᠠᠬᠤᠶ᠎ᠠ᠂ ᠣᠲᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ᠂ ᠲᠦᠮᠡᠨ ᠮᠦ᠍ ᠲᠠᠷᠢᠶᠠᠨ ᠭᠠᠵᠠᠷ᠎ᠨᠢ ᠶᠠᠭ ᠯᠠ ᠨᠢᠭᠡ ᠬᠡᠰᠡᠭ ᠨᠣᠭᠤᠭ᠋ᠠᠨ ᠥᠩᠭᠡᠲᠦ ᠲᠣᠮᠣ ᠭᠡᠯᠪᠡᠷᠢ ᠵᠢᠨ ᠵᠢᠷᠤᠭ ᠮᠡᠲᠦ ᠪᠠᠶ᠋ᠢᠪᠠ᠃
ᠤᠷᠭᠤᠴᠠ ᠰᠠᠶ᠋ᠢᠲᠠᠢ ᠡᠷᠳᠡᠨᠢ ᠰᠢᠰᠢ᠂ ᠪᠤᠭᠤᠳᠠᠢ᠂ ᠯᠠᠵᠤᠤ ᠰᠠᠯᠬᠢᠨ᠎ᠤ ᠠᠶ᠎ᠠ᠎ᠪᠠᠷ ᠨᠠᠶ᠋ᠢᠭᠤᠨ᠎ᠠ᠃
ᠶᠡᠷᠦᠩᠬᠡᠢ ᠱᠦᠵᠢ ᠲᠠᠷᠢᠶᠠᠨ ᠭᠠᠵᠠᠷ᠎ᠲᠤ ᠬᠦᠷᠴᠦ᠂ ᠲᠠᠶ᠋ᠢᠯᠪᠤᠷᠢᠯᠠᠬᠤ ᠵᠢ ᠰᠣᠨᠣᠰᠴᠤ᠂ ᠤᠨᠠᠯᠲᠠ ᠵᠢ ᠰᠤᠷᠠᠵᠤ᠂ ᠠᠰᠢᠭ ᠣᠷᠣᠯᠭ᠎ᠠ ᠵᠢ ᠠᠰᠠᠭᠤᠵᠤ᠂ ᠳᠤᠮᠳᠠᠳᠤ ᠤᠯᠤᠰ᠎ᠤᠨ ᠠᠮᠤ ᠵᠢᠨ ᠰᠠᠩ᠂ ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ ᠵᠢ ᠭᠦᠨ᠎ᠡ ᠬᠠᠯᠠᠮᠵᠢᠯᠠᠵᠤ ᠪᠠᠶ᠋ᠢᠭ᠎ᠠ᠎ᠨᠢ ᠢᠯᠡᠭᠡᠨ ᠪᠠᠶ᠋ᠢᠯ᠎ᠠ᠃
《ᠶᠡᠷᠦᠩᠬᠡᠢ ᠱᠦᠵᠢ ᠠᠮᠤ ᠪᠤᠳᠠᠭ᠋ᠠᠨ᠎ᠤ ᠠᠮᠤᠷ ᠲᠦᠪᠰᠢᠨ᠎ᠢ ᠢᠮᠠᠭᠲᠠ ᠬᠠᠯᠠᠮᠵᠢᠯᠠᠵᠤ ᠪᠠᠶ᠋ᠢᠨ᠎ᠠ》
《ᠲᠡᠭᠷᠢ ᠵᠢᠨ ᠳᠣᠣᠷᠠᠬᠢ ᠬᠠᠳᠤᠨ ᠭᠤᠣᠯ᠎ᠤᠨ ᠤᠷᠤᠰᠬᠠᠯ ᠣᠷᠣᠨ᠎ᠳᠤ ᠭᠠᠭᠴᠠ ᠬᠦ᠌ ᠪᠣᠷᠣᠳᠣᠬᠤᠢ ᠯᠡ ᠥᠩ ᠰᠢᠮᠡᠯᠢᠭ ᠪᠠᠶ᠋ᠢᠳᠠᠭ》᠃
ᠪᠠᠶᠠᠨᠨᠠᠭᠤᠷ ᠬᠤᠲᠠ ᠵᠢᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠨᠢ ᠬᠠᠲᠤᠨ ᠭᠤᠣᠯ᠎ᠤᠨ 《ᠶᠡᠭᠡ ᠲᠣᠬᠤᠢ》 ᠵᠢᠨ ᠦᠵᠦᠭᠦᠷ᠎ᠲᠤ ᠪᠠᠶ᠋ᠢᠷᠢᠯᠠᠵᠤ ᠪᠤᠶ᠃ ᠣᠷᠳᠣ ᠬᠤᠭᠤᠴᠠᠭ᠋ᠠᠨ᠎ᠤ ᠲᠤᠷᠰᠢ᠂ ᠬᠠᠲᠤᠨ ᠭᠤᠣᠯ᠎ᠤᠨ ᠤᠰᠤᠯᠠᠯᠲᠠ ᠵᠢᠨ ᠠᠴᠢ᠎ᠪᠠᠷ ᠡᠨᠡ ᠬᠡᠰᠡᠭ ᠭᠠᠵᠠᠷ ᠨᠤᠲᠤᠭ ᠣᠨᠴᠠ ᠥᠩ ᠰᠢᠮᠡᠯᠢᠭ ᠪᠠᠶ᠋ᠢᠵᠠᠢ᠃ ᠭᠡᠪᠡᠴᠦ ᠥᠩᠭᠡᠷᠡᠭᠰᠡᠨ᠎ᠤ ᠶᠡᠭᠡ ᠤᠰᠤ᠎ᠪᠠᠷ ᠨᠠᠯᠠᠶ᠋ᠢᠲᠠᠯᠠ ᠤᠰᠤᠯᠠᠬᠤ ᠵᠡᠷᠭᠡ ᠵᠦᠢ ᠵᠣᠬᠢᠰ ᠦᠭᠡᠢ ᠤᠰᠤᠯᠠᠯᠲᠠ ᠵᠢᠨ ᠠᠷᠭ᠎ᠠ ᠭᠡᠯᠪᠡᠷᠢ᠎ᠠᠴᠠ ᠪᠣᠯᠵᠤ᠂ ᠬᠤᠵᠢᠷᠰᠢᠯ ᠡᠭᠦᠰᠦᠭᠰᠡᠨ ᠵᠢᠴᠢ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ ᠵᠡᠷᠭᠡ ᠠᠰᠠᠭᠤᠳᠠᠯ᠎ᠢ ᠪᠤᠶ ᠪᠣᠯᠭ᠋ᠠᠵᠠᠢ᠃
ᠶᠡᠷᠦᠩᠬᠡᠢ ᠱᠦᠵᠢ ᠰᠢ ᠵᠢᠨ ᠫᠢᠩ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠬᠤᠵᠢᠷᠯᠢᠭ ᠡᠯᠡᠰᠦᠷᠬᠡᠭ ᠡᠵᠡᠭᠦᠢ ᠭᠠᠵᠠᠷ᠎ᠢ ᠰᠠᠶ᠋ᠢᠵᠢᠷᠠᠭᠤᠯᠤᠭᠰᠠᠨ ᠪᠠᠶ᠋ᠢᠳᠠᠯ᠎ᠢ ᠲᠤᠶ᠋ᠢᠯ ᠵᠶ᠋ᠠᠷ ᠬᠠᠯᠠᠮᠵᠢᠯᠠᠵᠤ ᠪᠠᠶ᠋ᠢᠯ᠎ᠠ᠃
《ᠠᠷᠪᠠ ᠭᠠᠷᠤᠢ ᠵᠢᠯ᠎ᠤᠨ ᠲᠤᠷᠰᠢ᠂ ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠪᠠᠷ ᠳᠠᠮᠵᠢᠭᠤᠯᠤᠨ᠂ ᠤᠰᠤᠯᠠᠬᠤ ᠪᠠ ᠤᠰᠤ ᠵᠠᠯᠠᠬᠤ ᠵᠢ ᠢᠵᠢ ᠪᠦᠷᠢᠳᠦᠭᠦᠯᠬᠦ᠂ ᠯᠠᠶ᠋ᠢᠳᠠᠬᠤ ᠪᠠ ᠤᠰᠤᠯᠠᠬᠤ ᠵᠢᠴᠢ ᠤᠰᠤ ᠵᠠᠯᠠᠬᠤ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠵᠢᠷᠯᠢᠭ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠬᠤ ᠰᠢᠨ᠎ᠡ ᠮᠡᠷᠭᠡᠵᠢᠯ᠎ᠢ ᠶᠡᠭᠡ᠎ᠪᠠᠷ ᠳᠡᠯᠭᠡᠷᠡᠭᠦᠯᠦᠨ ᠬᠡᠷᠡᠭᠯᠡᠭᠰᠡᠨ᠎ᠤ ᠵᠡᠷᠭᠡ᠎ᠪᠠᠷ ᠵᠠᠷᠢᠮ ᠬᠤᠵᠢᠷᠯᠢᠭ᠎ᠲᠤ ᠳᠠᠭ᠋ᠠᠭ᠋ᠠᠮᠠᠭ᠋ᠠᠢ ᠲᠠᠷᠢᠮᠠᠯ᠎ᠢ ᠪᠣᠶ᠋ᠢᠵᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠨᠡᠶ᠋ᠢᠳᠡᠮ ᠳᠡᠭᠡᠭᠰᠢᠯᠡᠭᠦᠯᠪᠡ》᠃ ᠤᠷᠠᠳ᠎ᠤᠨ ᠡᠮᠦᠨᠡᠲᠦ ᠬᠤᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ ᠰᠣᠶᠣᠯᠲᠤ ᠶᠡᠷᠦᠩᠬᠡᠢ ᠱᠦᠵᠢ᠎ᠳᠤ ᠤᠷᠠᠳ᠎ᠤᠨ ᠡᠮᠦᠨᠡᠲᠦ ᠬᠤᠰᠢᠭᠤᠨ᠎ᠤ ᠦᠨᠳᠦᠰᠦᠨ ᠪᠠᠶ᠋ᠢᠳᠠᠯ ᠪᠣᠯᠣᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠬᠤᠵᠢᠷᠯᠢᠭ ᠭᠠᠵᠠᠷ᠎ᠢ ᠰᠠᠶ᠋ᠢᠵᠢᠷᠠᠭᠤᠯᠤᠭᠰᠠᠨ ᠬᠠᠮᠢᠶ᠎ᠠ ᠪᠦᠬᠦᠢ ᠪᠠᠶ᠋ᠢᠳᠠᠯ᠎ᠢ ᠬᠠᠷᠢᠭᠤ ᠮᠡᠳᠡᠭᠦᠯᠪᠡ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠭᠠᠶ᠋ᠢᠬᠠᠮᠰᠢᠭ》 ᠤᠨ ᠠᠴᠢ᠎ᠪᠠᠷ ᠪᠣᠷᠣᠳᠣᠬᠤᠢ ᠵᠢᠨ ᠤᠰᠤᠯᠠᠯᠲᠠ ᠵᠢᠨ ᠣᠷᠣᠨ ᠬᠤᠵᠢᠷᠯᠢᠭ ᠭᠠᠵᠠᠷ᠎ᠤᠨ ᠠᠮᠢ ᠠᠬᠤᠢ ᠵᠢᠨ ᠥᠨᠳᠥᠷ ᠪᠦᠲᠦᠮᠵᠢᠲᠡᠢ ᠲᠠᠷᠢᠶᠠᠯᠠᠩ᠎ᠤᠨ ᠬᠥᠭᠵᠢᠯᠲᠡ ᠵᠢᠨ ᠵᠠᠮ᠎ᠢ ᠨᠡᠭᠡᠭᠡᠭᠰᠡᠨ ᠪᠠᠶ᠋ᠢᠨ᠎ᠠ᠃
ᠡᠳᠡᠭᠡᠷ ᠠᠷᠭ᠎ᠠ ᠪᠠᠷᠢᠯ ᠪᠠ ᠠᠷᠭ᠎ᠠ ᠬᠡᠮᠵᠢᠶ᠎ᠡ ᠵᠢ ᠰᠣᠨᠣᠰᠤᠭ᠋ᠠᠳ ᠶᠡᠷᠦᠩᠬᠡᠢ ᠱᠦᠵᠢ ᠮᠠᠭᠲᠠᠨ ᠰᠠᠶ᠋ᠢᠰᠢᠶᠠᠵᠤ ᠲᠣᠯᠣᠭ᠋ᠠᠢ ᠳᠣᠬᠢᠪᠠ᠃
ᠲᠠᠷᠢᠶᠠᠨ᠎ᠳᠠᠬᠢ ᠨᠢᠭᠡ ᠵᠢᠵᠢᠭ ᠰᠢᠷᠡᠭᠡᠨ ᠳᠡᠭᠡᠷ᠎ᠡ ᠬᠥᠷᠥᠰᠥ ᠰᠢᠷᠣᠢ ᠪᠠ ᠦᠷ᠎ᠡ ᠵᠢᠨ ᠶᠠᠩᠵᠤ ᠵᠢ ᠲᠠᠯᠪᠢᠵᠤ ᠪᠠᠶ᠋ᠢᠯ᠎ᠠ᠃ 《ᠠᠳᠡᠬᠢ ᠮᠠᠰᠢ ᠣᠯᠠᠨ ᠦᠷ᠎ᠡ ᠵᠢ ᠪᠣᠯ ᠴᠥᠮ ᠪᠢᠳᠡᠨ᠎ᠤ ᠡᠨᠡ ᠬᠦ᠌ ᠲᠤᠷᠰᠢᠯᠲᠠ ᠵᠢᠨ ᠲᠠᠷᠢᠶᠠᠨ᠎ᠳᠠᠭᠠᠨ ᠥᠪᠡᠷ ᠵᠶ᠋ᠠᠨ ᠪᠣᠶ᠋ᠢᠵᠢᠭᠤᠯᠤᠭᠰᠠᠨ ᠭᠡᠬᠦ ᠮᠢᠨᠤ ᠬᠡᠯᠡᠬᠦ ᠵᠢ ᠰᠣᠨᠣᠰᠤᠭ᠋ᠠᠳ ᠶᠡᠷᠤᠨᠬᠭᠡᠢ ᠱᠦᠵᠢ ᠡᠲᠡᠭᠡᠷ ᠦᠷ᠎ᠡ ᠵᠢ ᠳᠡᠯᠭᠡᠷᠡᠭᠦᠯᠦᠭᠰᠡᠨ ᠪᠠᠶ᠋ᠢᠳᠠᠯ ᠪᠠ ᠳᠠᠪᠠᠭᠤᠯᠢᠭ᠎ᠢ ᠨᠠᠷᠢᠨ ᠠᠰᠠᠭᠤᠪᠠ》᠃ ᠶᠡᠷᠦᠩᠬᠡᠢ ᠱᠦᠵᠢ᠎ᠳᠤ ᠬᠠᠷᠢᠭᠤ ᠮᠡᠳᠡᠭᠦᠯᠬᠦ᠎ᠳᠡᠭᠡᠨ᠂ ᠶᠡᠷᠦᠩᠬᠡᠢ ᠱᠦᠵᠢ ᠰᠠᠶ᠋ᠢᠨ ᠡᠭᠦᠯᠳᠡᠷ᠎ᠢ ᠪᠣᠶ᠋ᠢᠵᠢᠭᠤᠯᠬᠤ ᠪᠠ ᠳᠡᠯᠭᠡᠷᠡᠭᠦᠯᠬᠦ ᠵᠢ ᠣᠨᠴᠠᠭ᠋ᠠᠶ᠋ᠢᠯᠠᠨ ᠠᠩᠬᠠᠷᠴᠤ ᠪᠠᠶ᠋ᠢᠭᠰᠠᠨ᠎ᠢ ᠰᠣᠶᠣᠯᠲᠤ ᠲᠣᠪ ᠲᠣᠳᠣᠷᠬᠠᠢ ᠴᠡᠭᠡᠵᠢᠯᠡᠭᠰᠡᠭᠡᠷ ᠪᠠᠶ᠋ᠢᠯ᠎ᠠ᠃
ᠰᠣᠶᠣᠯᠲᠤ᠂ ᠬᠦᠷᠢᠶᠡᠯᠡᠩ ᠲᠣᠭᠤᠷᠢᠭ᠎ᠲᠤ ᠳᠠᠷᠢᠭᠰᠠᠨ ᠪᠤᠭᠤᠳᠠᠢ ᠪᠣᠯ 《ᠪᠠ ᠮᠠᠢ 13 ᠳ᠋ᠤᠭ᠋ᠠᠷ》 ᠪᠣᠯᠣᠨ᠎ᠠ᠂ ᠭᠠᠷᠤᠯᠲᠠ ᠥᠨᠳᠥᠷ᠂ ᠳᠠᠭ᠋ᠠᠭ᠋ᠠᠮᠠᠭ᠋ᠠᠢ ᠴᠢᠨᠠᠷ ᠵᠶ᠋ᠠᠷ ᠴᠢᠩᠭ᠎ᠠ᠂ ᠠᠰᠢᠭ ᠣᠯᠵᠠᠪᠤᠷᠢ ᠰᠠᠶ᠋ᠢᠨ ᠪᠠᠶ᠋ᠢᠵᠤ᠂ ᠣᠨᠴᠠᠭ᠋ᠠᠶ᠋ᠢᠯᠠᠨ ᠪᠣᠷᠣᠳᠣᠬᠤᠢ ᠣᠷᠣᠨ᠎ᠳᠤ ᠳᠠᠷᠢᠬᠤ᠎ᠳᠤ ᠮᠠᠰᠢ ᠲᠣᠬᠢᠷᠠᠮᠵᠢᠲᠠᠢ᠂ ᠶᠠᠭ ᠪᠣᠷᠣᠳᠣᠬᠤᠢ ᠣᠷᠣᠨ᠎ᠳᠤ ᠶᠡᠭᠡ ᠬᠡᠪᠴᠢᠶ᠎ᠡ᠎ᠪᠠᠷ ᠳᠡᠯᠭᠡᠷᠡᠭᠦᠯᠵᠦ ᠪᠠᠶ᠋ᠢᠨ᠎ᠠ ᠭᠡᠵᠦ ᠲᠠᠨᠢᠯᠴᠠᠭᠤᠯᠪᠠ᠃
ᠶᠡᠷᠦᠩᠬᠡᠢ ᠱᠦᠵᠢ᠂ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠨᠢ ᠣᠲᠣ ᠦᠶ᠎ᠡ ᠵᠢᠨ ᠲᠠᠷᠢᠶᠠᠯᠠᠩ᠎ᠢ ᠳᠡᠯᠭᠡᠷᠡᠭᠦᠯᠬᠦ ᠲᠠᠯ᠎ᠠ᠎ᠪᠠᠷ ᠦᠢ᠍ᠯᠡᠳᠦᠯ ᠵᠶ᠋ᠠᠨ ᠦᠨᠡᠨ ᠬᠦ᠌ ᠪᠠᠳᠠᠷᠠᠭᠤᠯᠵᠤ᠂ ᠠᠳᠡ ᠲᠣᠬᠢᠷᠠᠮᠵᠢᠲᠠᠢ ᠦᠷ᠎ᠡ ᠡᠭᠦᠯᠳᠡᠷ᠂ ᠮᠡᠷᠭᠡᠵᠢᠯ ᠪᠠ ᠲᠠᠷᠢᠶᠠᠯᠠᠬᠤ ᠠᠷᠭ᠎ᠠ ᠭᠡᠯᠪᠡᠷᠢ ᠵᠢ ᠲᠠᠰᠤᠷᠠᠯᠲᠠ ᠦᠭᠡᠢ ᠬᠠᠶ᠋ᠢᠨ ᠰᠦᠪᠡᠭᠴᠢᠯᠡᠵᠦ᠂ ᠥᠪᠡᠷ᠎ᠤᠨ ᠥᠷᠲᠡᠭ᠎ᠢ ᠪᠠᠭᠤᠷᠠᠭᠤᠯᠤᠨ᠂ ᠦᠷ᠎ᠡ ᠠᠰᠢᠭ᠎ᠢ ᠳᠡᠭᠡᠭᠰᠢᠯᠡᠭᠦᠯᠵᠦ᠂ ᠲᠡᠷᠡ ᠬᠡᠪ ᠵᠶ᠋ᠠᠷ᠎ᠨᠢ ᠳᠡᠯᠭᠡᠷᠡᠭᠦᠯᠵᠦ ᠪᠤᠯᠬᠤ ᠲᠤᠷᠰᠢᠯᠭ᠎ᠠ ᠵᠢ ᠪᠦᠷᠢᠯᠳᠦᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
《ᠪᠢᠳᠡ ᠬᠦᠷᠢᠶᠡᠯᠡᠩ ᠲᠣᠭᠤᠷᠢᠭ᠎ᠤᠨ ᠨᠡᠶ᠋ᠢᠲᠡᠯᠢᠭ ᠵᠢᠱ᠌ᠢᠶ᠎ᠡ᠎ᠪᠠᠷ ᠬᠥᠲᠥᠯᠥᠨ ᠳᠠᠭ᠋ᠠᠭᠤᠯᠬᠤ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠣᠲᠣ ᠦᠶ᠎ᠡ ᠵᠢᠨ ᠲᠠᠷᠢᠶᠠᠯᠠᠩ᠎ᠤᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠵᠦ ᠬᠥᠭᠵᠢᠬᠦ ᠵᠢ ᠠᠬᠢᠭᠤᠯᠬᠤ ᠴᠢᠬᠤᠯᠠᠲᠠᠢ》 ᠭᠡᠵᠦ ᠰᠣᠶᠣᠯᠲᠤ ᠢᠯᠡᠳᠬᠡᠪᠡ᠃ 《ᠶᠡᠷᠦᠩᠬᠡᠢ ᠱᠦᠵᠢ ᠠᠮᠤ ᠪᠤᠳᠠᠭ᠋ᠠᠨ᠎ᠤ ᠠᠮᠤᠷ ᠲᠦᠪᠰᠢᠨ᠎ᠢ ᠢᠮᠠᠭᠲᠠ ᠬᠠᠯᠠᠮᠵᠢᠯᠠᠵᠤ ᠪᠠᠶ᠋ᠢᠨ᠎ᠠ》᠃
ᠶᠡᠷᠦᠩᠬᠡᠢ ᠱᠦᠵᠢ᠎ᠲᠠᠢ ᠰᠠᠨᠠᠯ ᠵᠶ᠋ᠠᠨ ᠰᠣᠯᠢᠯᠴᠠᠬᠤ᠎ᠪᠠᠷ ᠳᠡᠮᠵᠢᠨ᠂ ᠰᠣᠶᠣᠯᠲᠤ ᠡᠨᠡ ᠲᠤᠬᠠᠢ ᠭᠦᠨ ᠲᠥᠷᠥᠭᠳᠡᠯ᠎ᠲᠠᠢ ᠪᠣᠯᠪᠠ᠃
ᠤᠷᠠᠳ᠎ᠤᠨ ᠡᠮᠦᠨᠡᠲᠦ ᠬᠤᠰᠢᠭᠤ ᠪᠣᠯ ᠪᠠᠶᠠᠨᠨᠠᠭᠤᠷ ᠬᠤᠳᠠ ᠵᠢᠨ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ ᠪᠣᠯᠣᠨ᠎ᠠ᠂ ᠰᠣᠶᠣᠯᠲᠤ ᠵᠠᠮ ᠲᠤᠷᠰᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠰᠤᠷᠭ᠋ᠠᠯ᠎ᠢ᠎ᠨᠢ ᠰᠣᠨᠣᠰᠴᠤ᠂ ᠡᠷᠴᠢ ᠵᠣᠷᠢᠭ᠎ᠨᠢ ᠬᠥᠪᠴᠢᠯᠡᠭᠳᠡᠬᠦ ᠵᠢᠨ ᠵᠡᠷᠭᠡ᠎ᠪᠠᠷ᠂ ᠮᠥᠷᠥᠨ ᠳᠡᠭᠡᠷᠡᠬᠢ ᠬᠠᠷᠢᠭᠤᠴᠠᠯᠭ᠎ᠠ ᠨᠢ ᠴᠤ᠌ ᠨᠡᠩ ᠬᠦᠨᠳᠦ ᠪᠣᠯᠤᠭᠰᠠᠨ᠎ᠢ ᠤᠬᠠᠭ᠋ᠠᠷᠠᠵᠠᠢ᠃
《ᠪᠢᠳᠡ ᠶᠡᠷᠦᠩᠬᠡᠢ ᠱᠦᠵᠢ ᠵᠢᠨ ᠡᠨᠡ ᠤᠳᠠᠭ᠎ᠠ ᠵᠢᠨ ᠰᠢᠨᠵᠢᠯᠡᠨ ᠪᠠᠶ᠋ᠢᠴᠠᠭ᠋ᠠᠯᠲᠠ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠬᠤᠵᠢᠷᠯᠢᠭ ᠭᠠᠵᠠᠷ᠎ᠢ ᠰᠠᠶ᠋ᠢᠵᠢᠷᠠᠭᠤᠯᠬᠤ ᠵᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠭᠦ ᠵᠢ ᠴᠢᠩᠭ᠎ᠠ ᠠᠳᠬᠤᠵᠤ᠂ ᠣᠲᠣ ᠦᠶ᠎ᠡ ᠵᠢᠨ ᠲᠠᠷᠢᠶᠠᠯᠠᠩ᠎ᠢ ᠶᠡᠭᠡ᠎ᠪᠠᠷ ᠬᠥᠭᠵᠢᠭᠦᠯᠵᠦ᠂ ᠬᠡᠪᠴᠢᠶᠡᠵᠢᠭᠰᠡᠨ ᠡᠵᠡᠩᠨᠡᠯᠲᠡ ᠪᠠ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠦᠷ᠎ᠡ ᠠᠰᠢᠭ ᠴᠢᠳᠠᠪᠤᠷᠢ ᠵᠢ ᠳᠡᠭᠡᠭᠰᠢᠯᠡᠭᠦᠯᠭᠦ᠂ ᠲᠠᠷᠢᠶᠠᠴᠢᠳ᠎ᠲᠤ ᠠᠰᠢᠭ ᠲᠤᠰᠠ ᠣᠯᠭᠤᠬᠤ ᠬᠠᠷᠠᠯᠲᠠ ᠵᠢ ᠪᠡᠶᠡᠯᠡᠭᠦᠯᠬᠦ᠎ᠲᠠᠢ ᠤᠶᠠᠯᠳᠤᠭᠤᠯᠤᠨ᠂ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ᠎ᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ》᠃
《ᠶᠡᠷᠦᠩᠬᠡᠢ ᠱᠦᠵᠢ ᠪᠢᠳᠡᠨ᠎ᠳᠤ ᠨᠢᠭᠡᠨ ᠲᠠᠩᠰᠠ ᠪᠤᠳᠤᠵᠤ ᠥᠭᠪᠡ》
ᠵᠢᠱ᠌ᠢᠶ᠎ᠡ ᠦᠵᠡᠭᠦᠯᠭᠦ ᠬᠦᠷᠢᠶᠡᠯᠡᠩ᠎ᠤᠨ ᠪᠤᠭᠤᠳᠠᠢ ᠵᠢᠨ ᠲᠠᠷᠢᠶᠠᠨ᠎ᠳᠤ ᠯᠠᠵᠤᠤ ᠵᠢ ᠲᠤᠬᠤᠵᠤ ᠳᠠᠷᠢᠭᠰᠠᠨ ᠲᠤᠷᠰᠢᠯᠲᠠ ᠵᠢᠨ ᠲᠠᠷᠢᠶ᠎ᠠ᠎ᠳᠤ᠂ ᠮᠥᠷ ᠮᠥᠷ ᠲᠦᠷᠦᠭᠦᠦ ᠰᠠᠭᠤᠭᠰᠠᠨ ᠪᠤᠭᠤᠳᠠᠢ ᠪᠠ ᠤᠷᠭᠤᠴᠠ᠎ᠨᠢ ᠶᠠᠭ ᠰᠠᠶ᠋ᠢᠨ ᠪᠠᠶ᠋ᠢᠭ᠎ᠠ ᠯᠠᠵᠤᠤ ᠬᠠᠷᠠᠭᠳᠠᠵᠤ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠠᠶ᠋ᠢᠯ᠎ᠠ᠃
《ᠶᠡᠷᠦᠩᠬᠡᠢ ᠱᠦᠵᠢ ᠮᠠᠨ᠎ᠤ ᠲᠤᠷᠰᠢᠯᠲᠠ ᠵᠢᠨ ᠲᠠᠷᠢᠶᠠᠨ᠎ᠳᠤ ᠢᠷᠡᠯ᠎ᠡ》 ᠭᠡᠵᠦ ᠪᠠᠶᠠᠨᠨᠠᠭᠤᠷ ᠬᠤᠲᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠢ ᠳᠡᠯᠭᠡᠷᠡᠭᠦᠯᠬᠦ ᠲᠥᠪ᠎ᠤᠨ ᠡᠷᠭᠢᠯᠡᠭᠴᠢ᠂ ᠳᠡᠯᠭᠡᠷᠡᠭᠦᠯᠬᠦ ᠵᠢ ᠰᠤᠳᠤᠯᠤᠭᠴᠢ ᠯᠢᠦ ᠵᠢᠶᠦ᠋ᠨ ᠶᠡᠷᠦᠩᠬᠡᠢ ᠱᠦᠵᠢ ᠰᠢ ᠵᠢᠨ ᠫᠢᠩ᠎ᠲᠠᠢ ᠠᠭᠤᠯᠵᠠᠭᠰᠠᠨ ᠴᠠᠭ ᠮᠥᠴᠡ᠎ᠪᠠᠨ ᠶᠠᠷᠢᠬᠤ᠎ᠳᠠᠭᠠᠨ ᠮᠥᠨ ᠬᠦ᠌ ᠰᠡᠳᠬᠢᠯ ᠳᠣᠭᠳᠣᠯᠵᠤ ᠪᠠᠶ᠋ᠢᠪᠠ᠃ ᠲᠡᠷᠡ ᠶᠡᠷᠦᠩᠬᠡᠢ ᠱᠦᠵᠢ᠎ᠳᠤ ᠪᠤᠭᠤᠳᠠᠢ ᠵᠢᠨ ᠲᠠᠷᠢᠶᠠᠨ᠎ᠳᠤ ᠯᠠᠵᠤᠤ ᠲᠤᠬᠤᠵᠤ ᠲᠠᠷᠢᠬᠤ ᠵᠠᠭᠪᠤᠷ᠎ᠤᠨ ᠤᠭ ᠶᠣᠰᠣ ᠪᠣᠯᠣᠨ ᠳᠠᠪᠠᠭᠤᠯᠢᠭ᠎ᠢ ᠬᠠᠷᠢᠭᠤ ᠮᠡᠳᠡᠭᠦᠯᠵᠦ᠂ ᠶᠡᠷᠦᠩᠬᠡᠢ ᠱᠦᠵᠢ ᠵᠢᠨ ᠡᠶᠡᠯᠰᠡᠭ ᠳᠣᠲᠣᠨᠣ ᠵᠠᠩ ᠠᠭ᠋ᠠᠰᠢ ᠵᠢ ᠭᠦᠨᠵᠡᠭᠡᠢ ᠣᠶ᠋ᠢᠯᠠᠭ᠋ᠠᠨ ᠮᠡᠳᠡᠪᠡ᠃
ᠡᠶ᠋ᠢᠮᠦ ᠪᠤᠭᠤᠳᠠᠢ᠎ᠨᠢ ᠨᠢᠭᠡ ᠮᠦ᠍ ᠲᠠᠷᠢᠶᠠᠨ᠎ᠠᠴᠠ ᠬᠡᠳᠦᠢ ᠵᠢᠩ ᠬᠤᠷᠢᠶᠠᠵᠤ ᠳᠡᠶ᠋ᠢᠯᠭᠦ ᠪᠤᠶ?
《ᠪᠢᠳᠡ ᠳᠣᠬᠢᠭᠤᠷ ᠳᠤᠯᠤᠭ᠋ᠠᠨ ᠤᠳᠤ ᠠᠶᠠᠯᠠᠯ ᠵᠠᠯᠠᠬᠤ ᠠᠦ᠋ᠲ᠋ᠣ᠋ ᠲᠠᠷᠢᠶᠠᠯᠠᠭ᠎ᠠ᠂ ᠣᠶᠤᠨᠴᠢ ᠤᠰᠤᠯᠠᠯᠲᠠ ᠵᠡᠷᠭᠡ ᠰᠢᠨ᠎ᠡ ᠮᠡᠷᠭᠡᠵᠢᠯ᠎ᠢ ᠬᠡᠷᠡᠭᠯᠡᠪᠡ᠂ ᠣᠳᠣᠬᠠᠨ᠎ᠳᠤ 〈ᠪᠠ ᠮᠠᠢ 13 ᠳ᠋ᠤᠭ᠋ᠠᠷ〉᠎ᠤᠨ ᠡᠭᠦᠯᠳᠡᠷ᠎ᠤᠨ ᠪᠤᠭᠤᠳᠠᠢ ᠵᠢᠨ ᠮᠦ᠍ ᠪᠦᠷᠢ ᠵᠢᠨ ᠤᠨᠠᠯᠲᠠ᠎ᠨᠢ 1100 ᠵᠢᠩ᠎ᠳᠤ ᠬᠦᠷᠴᠦ ᠪᠠᠶ᠋ᠢᠨ᠎ᠠ》 ᠭᠡᠵᠦ ᠯᠢᠦ ᠵᠢᠶᠦ᠋ᠨ ᠶᠡᠷᠦᠩᠬᠡᠢ ᠱᠦᠵᠢ᠎ᠳᠤ ᠬᠠᠷᠢᠭᠤ ᠮᠡᠳᠡᠭᠦᠯᠪᠡ᠃
ᠡᠶ᠋ᠢᠮᠦᠷᠬᠦᠦ ᠪᠤᠭᠤᠳᠠᠢ ᠵᠢᠨ ᠲᠠᠷᠢᠶᠠᠨ᠎ᠳᠤ ᠯᠠᠵᠤᠤ ᠵᠢ ᠲᠤᠬᠤᠵᠤ ᠲᠠᠷᠢᠬᠤ ᠠᠷᠭ᠎ᠠ ᠭᠡᠯᠪᠡᠷᠢ᠎ᠨᠢ ᠶᠠᠮᠠᠷ ᠰᠠᠶ᠋ᠢᠨ ᠲᠠᠯ᠎ᠠ᠎ᠲᠠᠢ ᠪᠤᠢ?
《ᠢᠩᠭᠢᠵᠦ ᠲᠠᠷᠢᠬᠤ᠎ᠨᠢ ᠴᠠᠭ᠎ᠤᠨ ᠵᠥᠷᠢᠶ᠎ᠡ᠂ ᠣᠷᠣᠨ ᠵᠠᠢ ᠵᠢᠨ ᠵᠥᠷᠢᠶ᠎ᠡ ᠵᠢ ᠭᠦᠢ᠍ᠴᠡᠳ ᠠᠰᠢᠭᠯᠠᠵᠤ᠂ ᠲᠠᠷᠢᠮᠠᠯ᠎ᠢ ᠨᠠᠩ ᠰᠠᠶ᠋ᠢᠨ ᠤᠷᠭᠤᠭᠤᠯᠵᠤ᠂ ᠭᠠᠵᠠᠷ ᠰᠢᠷᠣᠢ ᠵᠢᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠵᠦ ᠴᠢᠳᠠᠨ᠎ᠠ》᠃ ᠯᠢᠦ ᠵᠢᠶᠦ᠋ᠨ᠂ ᠪᠣᠷᠣᠳᠣᠬᠤᠢ ᠣᠷᠣᠨ᠎ᠳᠤ᠂ ᠪᠤᠭᠤᠳᠠᠢ ᠵᠢ ᠵᠢᠯ ᠪᠦᠷᠢ ᠵᠢᠨ 3 ᠰᠠᠷ᠎ᠠ ᠵᠢᠨ 20᠎ᠤ ᠡᠳᠦᠷ᠎ᠠᠴᠠ ᠡᠬᠢᠯᠡᠨ ᠳᠠᠷᠢᠵᠤ᠂ ᠴᠢᠬᠢ ᠭᠠᠷᠬᠤ ᠬᠤᠭᠤᠴᠠᠭ᠎ᠠ᠎ᠨᠢ 4 ᠰᠠᠷ᠎ᠠ ᠵᠢᠨ 15᠎ᠤ ᠡᠳᠦᠷ ᠣᠷᠴᠢᠮ ᠪᠠᠶ᠋ᠢᠵᠤ᠂ ᠯᠠᠵᠤᠤ ᠵᠢ 5 ᠰᠠᠷ᠎ᠠ ᠵᠢᠨ 15᠎ᠤ ᠡᠳᠦᠷ ᠣᠷᠴᠢᠮ ᠰᠢᠯᠵᠢᠭᠦᠯᠦᠨ ᠵᠠᠶ᠋ᠢᠯᠠᠨᠠ᠂ ᠲᠡᠭᠡᠪᠡᠯ ᠪᠤᠭᠤᠳᠠᠢ 4 ᠰᠠᠷ᠎ᠠ ᠵᠢᠨ 15᠎ᠤ ᠡᠳᠦᠷ᠎ᠠᠴᠠ 5 ᠰᠠᠷ᠎ᠠ ᠵᠢᠨ 15᠎ᠤ ᠡᠳᠦᠷ ᠪᠤᠯᠲᠠᠯᠠᠭᠢ ᠬᠤᠭᠤᠴᠠᠭ᠋ᠠᠨ᠎ᠳᠤ ᠲᠤᠰᠠᠭ᠋ᠠᠷ ᠨᠢᠭᠡ ᠰᠠᠷ᠎ᠠ ᠤᠷᠭᠤᠵᠤ᠂ ᠵᠠᠬ᠎ᠠ ᠵᠢᠨ ᠭᠡᠷᠡᠯ᠎ᠤᠨ ᠡᠨᠧᠷᠭᠢ ᠪᠠ ᠬᠥᠷᠥᠰᠥᠨ᠎ᠤ ᠰᠢᠮ᠎ᠡ ᠲᠡᠵᠢᠭᠡᠯ᠎ᠤᠨ ᠨᠥᠬᠦᠴᠡᠯ ᠰᠠᠶ᠋ᠢᠨ ᠪᠠᠶ᠋ᠢᠳᠠᠭ᠂ ᠡᠭᠦᠨ᠎ᠢ ᠵᠠᠬ᠎ᠠ ᠵᠢᠨ ᠳᠠᠪᠠᠭᠤᠯᠢᠭ ᠭᠡᠳᠡᠭ᠃ ᠪᠤᠭᠤᠳᠠᠢ ᠵᠢᠨ ᠬᠤᠷᠢᠶᠠᠯᠲᠠ ᠵᠢᠨ ᠤᠯᠠᠷᠢᠯ᠎ᠨᠢ 7 ᠰᠠᠷ᠎ᠠ ᠵᠢᠨ 25᠎ᠤ ᠡᠳᠦᠷ᠎ᠠᠴᠠ ᠰᠡᠭᠦᠯᠡᠷ ᠪᠠᠶ᠋ᠢᠵᠤ᠂ ᠪᠤᠭᠤᠳᠠᠢ ᠵᠢ ᠬᠠᠳᠤᠭᠰᠠᠨ᠎ᠤ ᠳᠠᠷᠠᠭ᠎ᠠ ᠶᠠᠭ ᠰᠠᠶ᠋ᠢᠬᠠᠨ ᠯᠠᠵᠤᠤ ᠰᠠᠶ᠋ᠢᠨ ᠤᠷᠭᠤᠬᠤ ᠬᠤᠭᠤᠴᠠᠭ᠎ᠠ ᠪᠣᠯᠣᠨ᠎ᠠ᠂ ᠪᠤᠭᠤᠳᠠᠢ ᠦᠭᠡᠢ ᠪᠣᠯ ᠯᠠᠵᠤᠤ᠎ᠨᠢ ᠪᠠᠰᠠ ᠵᠠᠬ᠎ᠠ ᠵᠢᠨ ᠳᠠᠪᠠᠭᠤᠯᠢᠭ ᠠᠴᠠ ᠪᠣᠯᠵᠤ ᠤᠨᠠᠯᠲᠠ᠎ᠨᠢ ᠳᠡᠭᠡᠭᠰᠢᠯᠡᠳᠡᠭ ᠭᠡᠵᠦ ᠲᠠᠨᠢᠯᠴᠠᠭᠤᠯᠪᠠ᠃
ᠪᠤᠭᠤᠳᠠᠢ ᠲᠠᠷᠢᠪᠠᠯ ᠮᠦ᠍ ᠪᠦᠷᠢ ᠵᠢᠨ ᠠᠰᠢᠭ ᠣᠷᠣᠯᠭ᠎ᠠ᠎ᠨᠢ ᠬᠡᠳᠦᠢ ᠪᠤᠢ? ᠪᠤᠭᠤᠳᠠᠢ ᠵᠢᠨ ᠲᠠᠷᠢᠶᠠᠨ᠎ᠳᠤ ᠯᠠᠵᠤᠤ ᠵᠢ ᠲᠤᠬᠤᠵᠤ ᠲᠠᠷᠢᠪᠠᠯ ᠠᠰᠢᠭ ᠣᠷᠣᠯᠭ᠎ᠠ ᠨᠢ ᠬᠡᠳᠦᠢ ᠪᠣᠯᠵᠤ ᠲᠡᠶ᠋ᠢᠯᠭᠦ ᠪᠤᠢ?
《ᠮᠠᠨ᠎ᠤ ᠣᠲᠣ ᠵᠢᠨ ᠳᠠᠷᠢᠬᠤ ᠬᠢᠷᠢ ᠲᠦᠪᠰᠢᠨ ᠵᠶ᠋ᠠᠷ᠂ ᠮᠦ᠍ ᠪᠦᠷᠢ ᠵᠢᠨ ᠪᠤᠭᠤᠳᠠᠢ ᠵᠢᠨ ᠣᠷᠣᠯᠭ᠎ᠠ 1300 ᠲᠥᠭᠦᠷᠢᠭ᠎ᠲᠤ ᠭᠦᠷᠦᠨ᠎ᠡ᠂ ᠭᠡᠪᠡᠴᠦ ᠡᠨᠡ᠎ᠨᠢ ᠳᠤᠮᠳᠠᠴᠢ ᠬᠢᠷᠢ ᠲᠦᠪᠰᠢᠨ ᠪᠢᠰᠢ᠂ ᠤᠴᠢᠷ᠎ᠨᠢ ᠮᠠᠨ᠎ᠤ ᠠᠳᠡ ᠪᠣᠯ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠪᠣᠯᠬᠤᠷ ᠤᠨᠠᠯᠲᠠ᠎ᠨᠢ ᠥᠨᠳᠥᠷ ᠰᠢᠭ ᠪᠠᠶ᠋ᠢᠳᠠᠭ᠃ ᠪᠤᠭᠤᠳᠠᠢ ᠵᠢᠨ ᠲᠠᠷᠢᠶᠠᠨ᠎ᠳᠤ ᠯᠠᠵᠤᠤ ᠵᠢ ᠲᠤᠬᠤᠵᠤ ᠲᠠᠷᠢᠬᠤ ᠡᠨᠡ ᠬᠦ᠌ ᠲᠠᠷᠢᠮᠠᠯ᠎ᠤᠨ ᠭᠡᠯᠪᠡᠷᠢ᠎ᠨᠢ ᠮᠦ᠍ ᠪᠦᠷᠢ᠎ᠠᠴᠠ 2000 ᠲᠥᠭᠦᠷᠢᠭ᠎ᠤᠨ ᠣᠷᠣᠯᠭ᠎ᠠ ᠢᠯᠡᠭᠦᠦ ᠣᠯᠵᠤ᠂ ᠠᠰᠢᠭ ᠣᠯᠵᠠᠪᠤᠷᠢ᠎ᠨᠢ 3300 ᠲᠥᠭᠦᠷᠢᠭ᠎ᠲᠤ ᠬᠦᠷᠬᠦ ᠪᠣᠯᠣᠨ᠎ᠠ》᠃
《ᠶᠡᠷᠦᠩᠬᠡᠢ ᠱᠦᠵᠢ ᠰᠣᠨᠣᠰᠤᠭ᠋ᠠᠳ ᠮᠠᠰᠢ ᠪᠠᠶᠠᠷᠯᠠᠵᠤ᠂ ᠤᠯᠠᠨ᠎ᠲᠠᠢ ᠬᠠᠮᠲᠤ ᠣᠷᠣᠯᠭ᠎ᠠ ᠵᠢᠨ ᠨᠡᠮᠡᠭᠳᠡᠯ᠎ᠤᠨ ᠲᠠᠩᠰᠠ ᠪᠤᠳᠤᠪᠠ᠃ ᠶᠡᠷᠦᠩᠬᠡᠢ ᠱᠦᠵᠢ ᠭᠦᠨᠵᠡᠭᠡᠢ ᠠᠰᠠᠭᠤᠵᠤ᠂ ᠴᠠᠭ᠋ᠠᠨ᠎ᠠ᠎ᠨᠢ ᠭᠠᠷᠳᠠᠯ᠎ᠠ ᠶᠠᠷᠢᠪᠠ᠂ ᠶᠣᠰᠣᠲᠠᠢ ᠴᠠᠭ᠋ᠠᠷᠠᠭᠰᠠᠨ ᠬᠥᠮᠥᠨ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠮᠠᠰᠢ ᠠᠩᠬᠠᠷᠴᠤ᠂ ᠭᠠᠵᠠᠷ ᠰᠢᠷᠣᠢ᠂ ᠲᠠᠷᠢᠶᠠᠴᠢᠳ᠎ᠲᠤ ᠬᠠᠶ᠋ᠢᠷ᠎ᠠ ᠰᠡᠳᠬᠢᠯᠭᠡ᠎ᠲᠠᠢ ᠪᠠᠶ᠋ᠢᠳᠠᠭ》 ᠭᠡᠵᠦ ᠯᠢᠦ ᠵᠢᠶᠦ᠋ᠨ ᠶᠡᠷᠦᠩᠬᠡᠢ ᠱᠦᠵᠢ᠎ᠲᠠᠢ ᠰᠠᠨᠠᠯ ᠵᠶ᠋ᠠᠨ ᠰᠣᠯᠢᠯᠴᠠᠬᠤ ᠦᠶ᠎ᠡ ᠵᠢᠨ ᠪᠠᠶ᠋ᠢᠳᠠᠯ ᠵᠶ᠋ᠠᠨ ᠡᠷᠭᠢᠴᠡᠭᠦᠯᠦᠨ ᠲᠥᠷᠥᠭᠳᠡᠯ ᠭᠦᠨ ᠬᠡᠯᠡᠪᠡ᠃
2019 ᠣᠨ᠎ᠳᠤ᠂ ᠶᠡᠷᠦᠩᠬᠡᠢ ᠱᠦᠵᠢ ᠰᠢ ᠵᠢᠨ ᠫᠢᠩ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠂ ᠹᠧᠨ ᠾᠧ ᠭᠤᠣᠯ ᠸᠧᠢ ᠾᠧ ᠭᠤᠣᠯ᠎ᠤᠨ ᠲᠠᠯ᠎ᠠ ᠭᠠᠵᠠᠷ ᠵᠡᠷᠭᠡ ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠣᠷᠣᠨ᠎ᠳᠤ ᠤᠳᠤ ᠦᠶ᠎ᠡ ᠵᠢᠨ ᠲᠠᠷᠢᠶᠠᠯᠠᠩ᠎ᠢ ᠬᠥᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠳᠤᠷᠠᠳᠪᠠ᠃ ᠣᠶ᠋ᠢᠷ᠎ᠠ ᠵᠢᠨ ᠵᠢᠯ᠎ᠠᠴᠠ ᠨᠠᠭ᠋ᠠᠰᠢ᠂ ᠪᠠᠶᠠᠨᠨᠠᠭᠤᠷ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠪᠦᠭᠦ ᠬᠦᠴᠦᠨ ᠵᠶ᠋ᠠᠷ ᠵᠶ᠋ᠠᠨ ᠬᠡᠷᠡᠭᠵᠢᠭᠦᠯᠵᠦ᠂ ᠭᠠᠵᠠᠷ ᠰᠢᠷᠣᠢ ᠵᠢᠨ ᠭᠠᠷᠤᠯᠲᠠ ᠵᠢᠨ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ ᠠᠷᠪᠢᠯᠠᠬᠤ᠂ ᠭᠠᠵᠠᠷ ᠰᠢᠷᠣᠢ ᠵᠢ ᠨᠡᠮᠡᠭᠳᠡᠭᠦᠯᠬᠦ᠂ ᠤᠨᠠᠯᠲᠠ ᠵᠢ ᠨᠡᠮᠡᠭᠳᠡᠭᠦᠯᠬᠦ᠂ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠠᠯᠢ ᠣᠯᠠᠨ ᠦᠷ᠎ᠡ ᠪᠦᠲᠦᠮᠵᠢ ᠣᠯᠵᠠᠢ᠂ ᠡᠭᠦᠨ᠎ᠤ ᠠᠷᠤ᠎ᠳᠤ᠂ ᠯᠢᠦ ᠵᠢᠶᠦ᠋ᠨ ᠰᠢᠭ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠨ᠎ᠤ ᠲᠣᠪ ᠳᠤᠭᠤᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠭᠰᠠᠨ᠎ᠠᠴᠠ ᠰᠠᠯᠵᠤ ᠴᠢᠳᠠᠰᠢ ᠦᠭᠡᠢ ᠶᠤᠮ᠃
《ᠬᠤᠶ᠋ᠢᠰᠢᠳᠠ ᠵᠢᠨ ᠡᠷᠴᠢ ᠵᠣᠷᠢᠭ ᠨᠡᠩ ᠲᠡᠭᠦᠯᠳᠡᠷ ᠪᠣᠯᠵᠠᠢ》᠃ ᠶᠡᠷᠦᠩᠬᠡᠢ ᠱᠦᠵᠢ ᠰᠢ ᠵᠢᠨ ᠫᠢᠩ᠎ᠤᠨ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ᠎ᠨᠢ ᠯᠢᠦ ᠵᠢᠶᠦ᠋ᠨ᠎ᠳᠤ ᠲᠤᠶ᠋ᠢᠯ᠎ᠤᠨ ᠶᠡᠭᠡ ᠵᠣᠷᠢᠭᠵᠢᠭᠤᠯᠤᠯ ᠪᠣᠯᠪᠠ᠃ 《30 ᠭᠠᠷᠤᠢ ᠵᠢᠯ ᠠᠵᠢᠯᠯᠠᠭᠰᠠᠨ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯᠲᠡᠨ ᠪᠣᠯᠤᠭᠰᠠᠨ᠎ᠤ ᠬᠤᠪᠢ᠎ᠳᠤ᠂ ᠪᠢ ᠶᠡᠷᠦᠩᠬᠡᠢ ᠱᠦᠵᠢ ᠵᠢᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠵᠣᠷᠢᠭᠲᠠᠢ᠎ᠪᠠᠷ ᠰᠢᠨ᠎ᠡ ᠵᠢ ᠡᠭᠦᠳᠴᠦ᠂ ᠵᠣᠷᠢᠭᠲᠠᠢ᠎ᠪᠠᠷ ᠪᠣᠭᠤᠮᠲᠠ ᠰᠢᠪᠲᠤᠯᠵᠤ᠂ ᠲᠠᠷᠢᠶᠠᠯᠠᠩ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠢᠭᠦᠷ ᠤᠷᠭᠤᠭᠤᠯᠵᠤ᠂ ᠲᠠᠷᠢᠶᠠᠯᠠᠩ᠎ᠤᠨ ᠮᠡᠷᠭᠡᠵᠢᠯ᠎ᠤᠨ ᠳᠡᠯᠭᠡᠷᠡᠭᠦᠯᠦᠯᠲᠡ ᠵᠢ ᠢᠳᠡᠪᠬᠢᠲᠡᠢ ᠰᠠᠶ᠋ᠢᠲᠤᠷ ᠬᠢᠵᠦ᠂ ᠪᠠᠶᠠᠨᠨᠠᠭᠤᠷ ᠬᠤᠳᠠ ᠵᠢᠨ ᠤᠳᠤ ᠦᠶ᠎ᠡ ᠵᠢᠨ ᠬᠥᠳᠡᠭᠡ ᠠᠵᠤ ᠠᠬᠤᠢ ᠵᠢᠨ ᠬᠥᠭᠵᠢᠯᠲᠡ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ》 ᠭᠡᠵᠡᠢ᠃
ᠬᠦᠷᠢᠶᠡᠯᠡᠩ ᠲᠣᠭᠤᠷᠢᠭ᠎ᠤᠨ ᠲᠠᠷᠢᠶᠠᠨ ᠭᠠᠵᠠᠷ᠎ᠢ ᠵᠥᠭᠡᠯᠡᠨ ᠰᠠᠯᠬᠢ ᠢᠯᠪᠢᠬᠦ᠎ᠳᠤ᠂ 《ᠪᠣᠷᠣᠳᠣᠬᠤᠢ ᠵᠢᠨ ᠠᠮᠤ ᠵᠢᠨ ᠰᠠᠩ》 ᠵᠢᠨ ᠬᠦᠰᠡᠯ ᠡᠷᠡᠮᠡᠯᠵᠡᠯ ᠪᠢᠯᠬᠠᠵᠤ᠂ ᠮᠥᠨ ᠴᠦ᠍ ᠥᠪᠥᠷ ᠮᠣᠩᠭᠤᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠭᠦ ᠬᠦᠴᠦᠨ ᠵᠶ᠋ᠠᠷ ᠵᠶ᠋ᠠᠨ ᠪᠦᠲᠦᠭᠡᠨ ᠪᠠᠶ᠋ᠢᠭᠤᠯᠬᠤ ᠢᠲᠡᠭᠡᠯ ᠵᠣᠷᠢᠭ ᠪᠢᠯᠬᠠᠵᠤ ᠪᠠᠶ᠋ᠢᠯ᠎ᠠ᠃
《ᠶᠡᠷᠦᠩᠬᠡᠢ ᠱᠦᠵᠢ ᠪᠢᠳᠡᠨ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ》
ᠰᠤᠪᠠᠭ᠎ᠤᠨ ᠳᠤᠰᠤᠯ ᠤᠰᠤ᠂ ᠤᠯᠤᠰ ᠭᠡᠷ᠎ᠤᠨ ᠬᠢᠵᠠᠭ᠋ᠠᠯᠠᠰᠢ ᠦᠭᠡᠢ ᠬᠠᠶ᠋ᠢᠷ᠎ᠠ ᠰᠡᠳᠬᠢᠯᠭᠡ᠃ ᠬᠠᠲᠤᠨ ᠭᠤᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ᠎ᠨᠢ ᠶᠡᠷᠦᠩᠬᠡᠢ ᠱᠦᠵᠢ ᠵᠢᠨ ᠢᠮᠠᠭᠲᠠ ᠠᠩᠬᠠᠷᠴᠤ ᠪᠠᠶ᠋ᠢᠭ᠎ᠠ ᠠᠰᠠᠭᠤᠳᠠᠯ ᠶᠤᠮ᠃
2019 ᠣᠨ᠎ᠳᠤ᠂ ᠶᠡᠷᠦᠩᠬᠡᠢ ᠱᠦᠵᠢ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷ᠎ᠡ᠂ ᠬᠠᠲᠤᠨ ᠭᠤᠣᠯ᠎ᠤᠨ ᠤᠰᠤᠨ᠎ᠤ ᠡᠬᠢ ᠪᠠᠶᠠᠯᠢᠭ ᠡᠳᠦᠶ᠋ᠢᠬᠡᠨ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠬᠢᠬᠦ᠎ᠳᠤ ᠤᠰᠤ ᠬᠡᠷᠡᠭᠯᠡᠨ᠎ᠡ᠂ ᠠᠵᠤ ᠠᠬᠤᠢ ᠵᠢ ᠬᠥᠭᠵᠢᠭᠦᠯᠬᠦ᠂ ᠢᠳᠡᠵᠦ ᠡᠮᠦᠰᠬᠦ᠎ᠳᠡᠭᠡᠨ ᠴᠦ᠍ ᠤᠰᠤ᠎ᠠᠴᠠ ᠰᠠᠯᠵᠤ ᠴᠢᠳᠠᠬᠤ ᠦᠭᠡᠢ᠂ ᠤᠰᠤ ᠵᠢ ᠬᠢᠵᠠᠭ᠋ᠠᠷ ᠦᠭᠡᠢ ᠬᠠᠩᠭ᠋ᠠᠬᠤ ᠡᠬᠢ ᠪᠠᠶᠠᠯᠢᠭ ᠪᠤᠯᠭ᠋ᠠᠵᠤ ᠪᠤᠯᠬᠤ ᠦᠭᠡᠢ ᠭᠡᠵᠦ ᠵᠢᠭ᠋ᠠᠵᠤ ᠭᠠᠷᠭ᠋ᠠᠪᠠ᠃ 《ᠪᠣᠷᠣᠳᠣᠬᠤᠢ ᠤᠰᠤ ᠳᠤᠲᠠᠬᠤ ᠦᠭᠡᠢ ᠪᠤᠯᠪᠠᠴᠤ ᠤᠰᠤᠨ᠎ᠤ ᠡᠬᠢ ᠪᠠᠶᠠᠯᠢᠭ᠎ᠢ ᠠᠷᠪᠢᠯᠠᠵᠤ᠂ ᠣᠲᠣ ᠦᠶ᠎ᠡ ᠵᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠬᠦ ᠬᠡᠷᠡᠭᠲᠡᠢ᠂ ᠬᠠᠷᠢᠨ ᠴᠦ᠍ ᠬᠡᠲᠦᠷᠡᠲᠡᠯ᠎ᠡ ᠤᠰᠤᠯᠠᠵᠤ ᠪᠤᠯᠬᠤ ᠦᠭᠡᠢ》᠃ 6 ᠰᠠᠷ᠎ᠠ ᠵᠢᠨ 5᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠤᠰᠤᠨ᠎ᠤ ᠡᠬᠢ ᠪᠠᠶᠠᠯᠢᠭ᠎ᠢ ᠠᠷᠪᠢᠯᠠᠬᠤ ᠵᠢᠨ ᠴᠢᠬᠤᠯᠠ ᠴᠢᠨᠠᠷ᠎ᠢ ᠳᠠᠬᠢᠨᠲᠠ ᠴᠢᠬᠤᠯᠠᠴᠢᠯᠠᠪᠠ᠃
ᠡᠨᠡ ᠲᠠᠯ᠎ᠠ᠎ᠪᠠᠷ ᠥᠪᠥᠷ ᠮᠣᠩᠭᠤᠯ᠎ᠤᠨ ᠾᠧ ᠰᠢᠩ ᠲᠠᠷᠢᠶᠠᠯᠠᠩ ᠮᠠᠯ ᠠᠵᠤ ᠠᠬᠤᠢ ᠵᠢᠨ ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠪᠠᠢ ᠧᠨ ᠽᠧ ᠲᠥᠷᠥᠭᠳᠡᠯ ᠭᠦᠨ ᠪᠠᠶ᠋ᠢᠯ᠎ᠠ᠃ 6 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠰᠤᠷᠪᠤᠯᠵᠢᠯᠠᠬ᠍ᠴᠢ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠲᠤ ᠲᠡᠭᠦᠨ᠎ᠲᠠᠢ ᠠᠭᠤᠯᠵᠠᠪᠠ᠃
ᠠᠮᠤ ᠪᠤᠳᠠᠭ᠎ᠠ ᠳᠠᠷᠢᠬᠤ ᠲᠣᠮᠣ ᠡᠷᠦᠭᠡ ᠪᠣᠯᠤᠭᠰᠠᠨ᠎ᠤ ᠬᠤᠪᠢ᠎ᠳᠤ᠂ ᠪᠠᠢ ᠧᠨ ᠽᠧ ᠣᠶ᠋ᠢᠷ᠎ᠠ ᠵᠢᠨ ᠵᠢᠯ᠎ᠤᠳ᠎ᠲᠤ ᠲᠠᠷᠢᠶ᠎ᠠ ᠳᠠᠷᠢᠬᠤ ᠲᠠᠯ᠎ᠠ᠎ᠪᠠᠷ ᠬᠤᠪᠢᠷᠠᠯᠲᠠ ᠭᠠᠷᠤᠭᠰᠠᠨ ᠲᠤᠬᠠᠢ ᠲᠥᠷᠥᠭᠳᠡᠯ ᠭᠦᠨ ᠪᠠᠶ᠋ᠢᠯ᠎ᠠ᠃ 《ᠥᠩᠭᠡᠷᠡᠭᠡᠭᠰᠡᠨ᠎ᠳᠤ ᠲᠠᠷᠢᠶ᠎ᠠ ᠲᠠᠷᠢᠬᠤ᠎ᠳᠤ 〈ᠣᠷᠴᠢᠨ ᠲᠣᠭᠤᠷᠢᠨ〉 ᠭᠡᠬᠦ ᠤᠬᠠᠮᠰᠠᠷ ᠪᠠᠶ᠋ᠢᠬᠤ ᠦᠭᠡᠢ᠂ ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠵᠤ᠂ ᠪᠣᠷᠳᠣᠭᠤᠷ᠎ᠢ ᠬᠡᠮᠵᠢᠶ᠎ᠡ ᠲᠣᠮᠵᠢᠶ᠎ᠠ ᠦᠭᠡᠢ ᠬᠡᠷᠡᠭᠯᠡᠵᠦ᠂ ᠪᠣᠷᠳᠣᠭᠤᠷ᠎ᠢ ᠪᠦᠷᠢᠯᠭᠡᠭᠰᠡᠨ ᠮᠥᠷᠲᠡᠭᠡᠨ ᠤᠰᠤᠨ᠎ᠤ ᠡᠬᠢ ᠰᠤᠷᠪᠤᠯᠵᠢ ᠵᠢ ᠴᠤ᠌ ᠪᠣᠬᠢᠷᠲᠤᠭᠤᠯᠪᠠ》 ᠭᠡᠵᠦ ᠬᠡᠯᠡᠪᠡ᠃
ᠣᠶ᠋ᠢᠷ᠎ᠠ ᠵᠢᠨ ᠵᠢᠯ᠎ᠳᠤ᠂ ᠤᠷᠠᠳ᠎ᠤᠨ ᠡᠮᠦᠨᠡᠲᠦ ᠬᠤᠰᠢᠭᠤᠨ᠎ᠤ᠎ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠬᠤ᠎ᠪᠠᠷ ᠰᠠᠭᠤᠷᠢ ᠪᠤᠯᠭ᠋ᠠᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ᠂ ᠡᠬᠢ ᠪᠠᠶᠠᠯᠢᠭ᠎ᠢ ᠠᠰᠢᠭᠯᠠᠬᠤ ᠠᠷᠭ᠎ᠠ ᠭᠡᠯᠪᠡᠷᠢ ᠪᠠ ᠡᠵᠡᠩᠨᠡᠯᠲᠡ ᠵᠢᠨ ᠠᠷᠭ᠎ᠠ ᠭᠡᠯᠪᠡᠷᠢ ᠵᠢ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠲᠠᠷᠢᠶᠠᠯᠠᠩ᠎ᠤᠨ ᠪᠣᠷᠳᠣᠭᠤᠷ᠎ᠢ ᠬᠢᠵᠠᠭ᠋ᠠᠷᠯᠠᠬᠤ᠂ ᠤᠰᠤ ᠵᠢ ᠬᠢᠵᠠᠭ᠋ᠠᠷᠯᠠᠬᠤ᠂ ᠰᠦᠯᠢᠶᠥᠦ ᠪᠦᠷᠬᠦᠪᠴᠢ ᠵᠢ ᠬᠢᠵᠠᠭ᠋ᠠᠷᠯᠠᠬᠤ᠂ ᠲᠠᠷᠢᠶᠠᠨ ᠡᠮ᠎ᠢ ᠬᠢᠵᠠᠭ᠋ᠠᠷᠯᠠᠬᠤ 《ᠳᠥᠷᠪᠡ ᠵᠢ ᠬᠢᠵᠠᠭ᠋ᠠᠷᠯᠠᠬᠤ》 ᠠᠵᠢᠯᠯᠠᠭ᠎ᠠ ᠵᠢ ᠪᠠᠶ᠋ᠢᠩᠭᠤ ᠬᠡᠷᠡᠭᠵᠢᠭᠦᠯᠵᠦ᠂ ᠣᠲᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ ᠵᠢᠨ 《ᠪᠣᠬᠢᠷᠳᠤᠯ ᠦᠭᠡᠢ ᠲᠡᠶ᠋ᠢᠰᠢ ᠬᠥᠭᠵᠢᠬᠦ》 ᠵᠢ ᠠᠬᠢᠭᠤᠯᠵᠤ᠂ ᠨᠠᠩ ᠴᠤ᠌ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠪ ᠳᠠᠭᠤᠷᠢᠶᠠᠯ》᠎ᠢ ᠪᠤᠢ ᠪᠣᠯᠭ᠋ᠠᠵᠠᠢ᠃
《ᠣᠳᠣᠬᠠᠨ᠎ᠳᠤ᠂ ᠵᠢᠱ᠌ᠢᠶ᠎ᠡ ᠦᠵᠡᠭᠦᠯᠭᠦ ᠬᠦᠷᠢᠶᠡᠯᠡᠩ ᠲᠣᠭᠤᠷᠢᠭ᠎ᠤᠨ᠎ᠬᠢᠨ ᠨᠠᠷᠢᠯᠢᠭᠵᠢᠭᠤᠯᠤᠨ ᠲᠠᠷᠢᠶᠠᠯᠠᠬᠤ᠂ ᠳᠣᠬᠢᠭᠤᠷ ᠲᠤᠯᠤᠭ᠋ᠠᠨ ᠣᠲᠣ ᠨᠡᠷᠡᠮᠵᠢᠲᠦ ᠠᠶᠠᠯᠠᠯ ᠵᠠᠮᠴᠢᠯᠠᠬᠤ ᠮᠡᠷᠭᠡᠵᠢᠯ᠎ᠢ ᠬᠡᠷᠡᠭᠯᠡᠨ ᠳᠠᠷᠢᠵᠤ᠂ ᠮᠦ᠍ ᠪᠦᠷᠢ᠎ᠳᠤ ᠢᠯᠡᠭᠦᠦ 1200 ᠰᠠᠭᠤᠷᠢ ᠣᠷᠴᠢᠮ ᠳᠠᠷᠢᠵᠤ᠂ ᠠᠰᠢᠭᠯᠠᠯᠲᠠ ᠵᠢᠨ ᠨᠣᠷᠮ᠎ᠠ ᠵᠢ 8%᠎ᠪᠠᠷ ᠨᠡᠮᠡᠭᠳᠡᠭᠦᠯᠪᠡ᠃ ᠡᠭᠦᠨ᠎ᠤ ᠬᠠᠮᠲᠤ᠂ ᠨᠡᠯᠦᠶ᠋ᠢᠲᠡᠯ᠎ᠡ ᠤᠰᠤᠯᠠᠬᠤ ᠵᠢ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠨᠠᠷᠢᠯᠢᠭ ᠣᠨᠣᠴᠠᠲᠠᠢ ᠳᠤᠰᠤᠯᠠᠭ᠋ᠠᠨ ᠤᠰᠤᠯᠠᠬᠤ ᠪᠣᠯᠭ᠋ᠠᠨ ᠥᠭᠡᠷᠡᠴᠢᠯᠡᠵᠦ᠂ ᠲᠤᠰᠬᠠᠶ᠋ᠢᠵᠢᠭᠰᠠᠨ ᠨᠢᠭᠡᠳᠦᠯᠲᠡᠢ ᠰᠡᠷᠭᠡᠶ᠋ᠢᠯᠡᠯᠲᠡ ᠵᠠᠰᠠᠯᠲᠠ ᠵᠢ ᠬᠡᠷᠡᠭᠵᠢᠭᠦᠯᠵᠦ᠂ ᠤᠰᠤ᠂ ᠪᠣᠷᠳᠣᠭᠤᠷ᠂ ᠡᠮ᠎ᠤᠨ ᠬᠡᠷᠡᠭᠯᠡᠯᠲᠡ ᠵᠢᠨ ᠨᠣᠷᠮ᠎ᠠ ᠵᠢ ᠨᠠᠩ ᠰᠢᠨᠵᠢᠯᠡᠬᠦ ᠤᠬᠠᠭ᠋ᠠᠨᠴᠢ ᠨᠠᠷᠢᠯᠢᠭ ᠣᠨᠣᠴᠠᠲᠠᠢ ᠪᠤᠯᠭ᠋ᠠᠵᠤ᠂ ᠡᠲᠡᠭᠡᠷ ᠠᠯᠢ ᠣᠯᠠᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠤᠰᠤ ᠵᠢ 30% ᠣᠷᠴᠢᠮ ᠠᠷᠪᠢᠯᠠᠵᠤ᠂ ᠪᠣᠷᠳᠣᠭᠤᠷ᠎ᠢ 20% ᠣᠷᠴᠢᠮ ᠠᠷᠪᠢᠯᠠᠵᠤ᠂ ᠤᠨᠠᠯᠲᠠ ᠵᠢ ᠨᠠᠭ᠋ᠠᠲᠤ ᠵᠠᠬ᠎ᠠ᠎ᠳᠠᠭᠠᠨ 10% ᠨᠡᠮᠡᠭᠳᠡᠭᠦᠯᠵᠦ᠂ ᠥᠪᠡᠷ᠎ᠤᠨ ᠥᠷᠲᠡᠭ᠎ᠢ ᠪᠠᠭᠤᠷᠠᠭᠤᠯᠵᠤ᠂ ᠦᠷ᠎ᠡ ᠠᠰᠢᠭ᠎ᠢ ᠬᠠᠷᠢᠨ ᠳᠡᠭᠡᠭᠰᠢᠯᠡᠭᠦᠯᠪᠡ》᠃ ᠪᠠᠢ ᠧᠨ ᠽᠧ ᠪᠠᠶᠠᠷᠲᠠᠢ᠎ᠪᠠᠷ ᠲᠠᠨᠢᠯᠴᠠᠭᠤᠯᠬᠤ᠎ᠳᠠᠭᠠᠨ᠂ ᠣᠶ᠋ᠢᠷ᠎ᠠ ᠵᠢᠨ ᠵᠢᠯ᠎ᠤᠳ᠎ᠲᠤ ᠬᠤᠵᠢᠷᠰᠢᠭᠰᠠᠨ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠬᠤ᠂ ᠬᠠᠲᠤᠨ ᠭᠤᠣᠯ᠎ᠤᠨ ᠤᠰᠤ ᠵᠢ ᠲᠤᠩᠭ᠋ᠠᠵᠤ ᠳᠤᠰᠤᠯᠠᠭ᠋ᠠᠨ ᠤᠰᠤᠯᠠᠬᠤ ᠵᠡᠷᠭᠡ ᠮᠡᠷᠭᠡᠵᠢᠯ᠎ᠢ ᠬᠡᠷᠡᠭᠵᠢᠭᠦᠯᠦᠭᠰᠡᠨ ᠵᠶ᠋ᠠᠷ ᠲᠤᠬᠠᠢ ᠵᠢᠨ ᠭᠠᠵᠠᠷ᠎ᠤᠨ ᠲᠠᠷᠢᠶᠠᠨ ᠭᠠᠵᠠᠷ᠎ᠤᠨ ᠶᠠᠰᠤ ᠴᠢᠨᠠᠷ ᠨᠢᠰᠬᠦ ᠮᠡᠲᠦ ᠲᠦᠷᠭᠡᠨ ᠳᠡᠭᠡᠭᠰᠢᠯᠡᠪᠡ ᠭᠡᠵᠡᠢ᠃
《ᠶᠡᠷᠦᠩᠬᠡᠢ ᠱᠦᠵᠢ ᠤᠳᠤ ᠦᠶ᠎ᠡ ᠵᠢᠨ ᠥᠨᠳᠥᠷ ᠪᠦᠲᠦᠮᠵᠢᠲᠡᠢ ᠲᠠᠷᠢᠶᠠᠯᠠᠩ ᠪᠣᠯᠣᠨ ᠤᠰᠤ ᠠᠷᠪᠢᠯᠠᠬᠤ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠬᠦ ᠬᠡᠷᠡᠭᠲᠡᠢ ᠭᠡᠵᠦ ᠬᠡᠯᠡᠪᠡ᠂ ᠡᠨᠡ᠎ᠨᠢ ᠪᠢᠳᠡᠨ᠎ᠳᠤ ᠴᠢᠭᠯᠡᠯ᠎ᠢ ᠵᠢᠭ᠋ᠠᠵᠤ ᠥᠭᠴᠡᠢ᠃ ᠬᠤᠶ᠋ᠢᠰᠢᠳᠠ ᠪᠢᠳᠡ ᠳᠠᠷᠢᠵᠤ ᠤᠷᠭᠤᠭᠤᠯᠬᠤ ᠮᠡᠷᠭᠡᠵᠢᠯ᠎ᠤᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠬᠡᠪᠴᠢᠶᠡᠲᠦ ᠡᠵᠡᠩᠨᠡᠯᠲᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠣᠲᠣ ᠦᠶ᠎ᠡ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠢᠳᠡᠪᠬᠢᠲᠡᠢ ᠬᠡᠷᠡᠭᠯᠡᠵᠦ᠂ ᠥᠷᠭᠡᠨ ᠣᠯᠠᠨ ᠲᠠᠷᠢᠶᠠᠴᠢᠨ ᠡᠷᠦᠭᠡ ᠵᠢ ᠳᠠᠶ᠋ᠢᠴᠢᠯᠠᠨ ᠢᠯᠡᠭᠦᠦ ᠠᠮᠤ ᠪᠤᠳᠠᠭ᠎ᠠ ᠳᠠᠷᠢᠵᠤ᠂ ᠰᠠᠶ᠋ᠢᠨ ᠡᠭᠦᠯᠳᠡᠷ᠎ᠤᠨ ᠠᠮᠤ ᠪᠤᠳᠠᠭ᠎ᠠ ᠲᠠᠷᠢᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠪᠠᠢ ᠧᠨ ᠽᠧ ᠢᠯᠡᠳᠬᠡᠪᠡ᠃