ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠶᠡᠷᠦᠩᠬᠡᠢ ᠱᠦᠵᠢ ᠤᠯᠠᠭ᠋ᠠᠨᠰᠤᠬᠠᠢ ᠵᠢ ᠰᠠᠨᠠᠭ᠋ᠠᠯᠵᠠᠭᠰᠠᠭ᠋ᠠᠷ ᠢᠷᠡᠪᠡ
ᠨᠡᠶᠢᠲᠡᠯᠡᠭᠰᠡᠨ ᠴᠠᠭ᠄ 2023-08-09

   — ᠶᠡᠷᠦᠩᠬᠡᠢ ᠱᠦᠵᠢ ᠰᠢ ᠵᠢᠨ ᠫᠢᠩ᠎ᠤᠨ ᠤᠷᠠᠳ᠎ᠤᠨ ᠡᠮᠦᠨᠡᠲᠦ ᠬᠤᠰᠢᠭᠤᠨ᠎ᠤ ᠤᠯᠠᠭ᠋ᠠᠨᠰᠤᠬᠠᠢ᠎ᠳᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
   ᠰᠢᠨᠵᠢᠯᠡᠨ ᠪᠠᠶ᠋ᠢᠴᠠᠭ᠋ᠠᠭᠰᠠᠨ ᠴᠡᠭ᠄
   ᠤᠷᠠᠳ᠎ᠤᠨ ᠡᠮᠦᠨᠡᠲᠦ ᠬᠤᠰᠢᠭᠤᠨ᠎ᠤ ᠤᠯᠠᠭ᠋ᠠᠨᠰᠤᠬᠠᠢ
   ᠬᠠᠲᠤᠨ ᠭᠤᠣᠯ᠎ᠤᠨ 《ᠶᠡᠭᠡ ᠲᠣᠬᠤᠢ》 ᠵᠢᠨ ᠣᠷᠣᠢ ᠵᠢᠨ ᠬᠡᠰᠡᠭ᠎ᠲᠤ ᠪᠠᠶ᠋ᠢᠷᠢᠯᠠᠵᠤ ᠪᠠᠶ᠋ᠢᠭ᠎ᠠ ᠤᠯᠠᠭ᠋ᠠᠨᠰᠤᠬᠠᠢ ᠵᠢᠨ ᠲᠠᠯᠠᠪᠠᠶ᠎ᠨᠢ 293 ᠲᠡᠭᠰᠢ ᠳᠥᠷᠪᠡᠯᠵᠢᠨ ᠺᠢᠯᠣᠮᠧᠳ᠋ᠷ ᠪᠠᠶ᠋ᠢᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠬᠠᠮᠤᠭ᠎ᠤᠨ ᠶᠡᠭᠡ ᠨᠠᠭᠤᠷ ᠴᠥᠭᠦᠷᠥᠮ ᠨᠤᠭᠤ ᠭᠠᠵᠠᠷ ᠪᠣᠯᠣᠨ᠎ᠠ᠂ ᠬᠠᠲᠤᠨ ᠭᠤᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ 《ᠪᠠᠶ᠋ᠢᠭ᠋ᠠᠯᠢᠯᠢᠭ ᠪᠥᠭᠡᠷ᠎ᠡ》 ᠬᠡᠮᠡᠭᠳᠡᠵᠦ᠂ ᠬᠠᠲᠤᠨ ᠭᠤᠣᠯ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠂ ᠤᠰᠤᠨ᠎ᠤ ᠴᠢᠨᠠᠷ᠎ᠢ ᠴᠡᠪᠡᠷᠰᠢᠭᠦᠯᠬᠦ᠂ ᠰᠥᠩ ᠬᠠᠯᠢᠶ᠎ᠠ ᠵᠢ ᠰᠡᠷᠭᠡᠶ᠋ᠢᠯᠡᠵᠦ ᠦᠶᠡᠷ᠎ᠢ ᠰᠡᠷᠭᠡᠶ᠋ᠢᠯᠡᠬᠦ ᠵᠡᠷᠭᠡ ᠴᠢᠬᠤᠯᠠ ᠴᠢᠳᠠᠮᠵᠢ ᠵᠢ ᠡᠭᠦᠷᠭᠡᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠣᠯᠠᠨ ᠠᠮᠢ ᠠᠬᠤᠢ ᠵᠢᠨ ᠴᠢᠳᠠᠮᠵᠢ ᠵᠢᠨ ᠠᠭᠤᠯᠵᠠᠷ ᠣᠷᠣᠨ ᠪᠠᠶ᠋ᠢᠵᠤ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠡᠵᠡᠮᠳᠡᠬᠦ ᠪᠠᠶ᠋ᠢᠭ᠋ᠠᠯᠢ ᠵᠢᠨ ᠠᠮᠢ ᠠᠬᠤᠢ ᠵᠢᠨ ᠬᠠᠯᠬᠠᠪᠴᠢ ᠪᠣᠯᠣᠨ᠎ᠠ᠃

6382225192684649692789390.jpg


    《ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ》 ᠤᠯᠠᠭ᠋ᠠᠨᠰᠤᠬᠠᠢ
    ᠡᠷᠭᠢᠵᠦ ᠰᠤᠷᠪᠤᠯᠵᠢᠯᠠᠭᠰᠠᠨ ᠬᠤᠯᠪᠣᠭ᠋ᠠᠰᠤ
   ᠶᠡᠷᠦᠩᠬᠡᠢ ᠱᠦᠵᠢ ᠪᠦᠭᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ ᠤᠯᠠᠭ᠋ᠠᠨᠰᠤᠬᠠᠢ᠎ᠳᠤ ᠭᠤᠷᠪᠠᠨᠲᠠ ᠵᠢᠭ᠋ᠠᠪᠤᠷᠢ ᠴᠣᠬᠤᠯᠠᠪᠤᠷᠢ ᠥᠭᠴᠡᠢ
   2018 ᠣᠨ᠎ᠤ ᠪᠦᠭᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ ᠵᠡᠷᠭᠡ ᠤᠰᠤᠨ᠎ᠤ ᠠᠮᠢ ᠠᠬᠤᠢ ᠵᠢᠨ ᠶᠡᠷᠦᠩᠬᠡᠶ᠋ᠢᠯᠡᠭᠰᠡᠨ ᠵᠠᠰᠠᠯᠲᠠ ᠵᠢ ᠲᠦᠷᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    2019 ᠣᠨ᠎ᠤ ᠪᠦᠭᠦ ᠤᠯᠤᠰ᠎ᠤᠨ ᠬᠤᠶᠠᠷ ᠬᠤᠷᠠᠯ ᠳᠡᠭᠡᠷ᠎ᠡ ᠶᠡᠷᠦᠩᠬᠡᠢ ᠱᠦᠵᠢ᠂ ᠥᠪᠥᠷ ᠮᠣᠩᠭᠤᠯ᠎ᠤᠨ ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ᠎ᠤᠨ ᠠᠮᠢ ᠠᠬᠤᠢ ᠵᠢᠨ ᠶᠡᠷᠦᠩᠬᠡᠶ᠋ᠢᠯᠡᠭᠰᠡᠨ ᠵᠠᠰᠠᠯᠲᠠ ᠵᠢ ᠰᠠᠶ᠋ᠢᠲᠤᠷ ᠠᠳᠬᠤᠵᠤ᠂ ᠡᠪᠡᠳᠴᠢᠨ᠎ᠳᠤᠨᠢ ᠲᠣᠬᠢᠷᠠᠭᠤᠯᠤᠨ ᠡᠮ ᠥᠭᠴᠦ᠂ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃
    2021 ᠣᠨ᠎ᠤ ᠪᠦᠭᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ᠄ 《ᠤᠯᠠᠭ᠋ᠠᠨᠰᠤᠬᠠᠢ᠎ᠳᠤ ᠪᠢ ᠣᠯᠠᠨᠲᠠ ᠴᠣᠬᠤᠯᠠᠪᠤᠷᠢ ᠥᠭᠪᠡ᠃ ᠤᠳᠤ ᠦᠵᠡᠬᠦ᠎ᠳᠤ ᠵᠠᠰᠠᠯᠲᠠ ᠢᠯᠡᠳᠲᠡ ᠦᠷ᠎ᠡ ᠪᠦᠲᠦᠮᠵᠢ ᠣᠯᠣᠭᠰᠠᠨ ᠪᠤᠯᠪᠠᠴᠤ ᠪᠠᠰᠠ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠬᠤ ᠬᠡᠷᠡᠭᠲᠡᠢ》 ᠭᠡᠵᠦ ᠢᠯᠡᠳᠬᠡᠪᠡ᠃
    ᠤᠯᠠᠭ᠋ᠠᠨᠰᠤᠬᠠᠢ ᠵᠢᠨ ᠨᠡᠷ᠎ᠡ ᠵᠢᠨ ᠬᠠᠭᠤᠳᠠᠰᠤ
    ᠤᠯᠠᠭ᠋ᠠᠨᠰᠤᠬᠠᠢ ᠪᠣᠯ ᠬᠠᠲᠤᠨ ᠭᠤᠣᠯ᠎ᠤᠨ ᠵᠠᠮ ᠥᠭᠡᠷᠡᠴᠢᠯᠡᠭᠳᠡᠭᠡᠳ ᠪᠤᠶ ᠪᠣᠯᠤᠭᠰᠠᠨ ᠭᠤᠣᠯ᠎ᠤᠨ ᠵᠢᠮᠳᠦ ᠨᠠᠭᠤᠷ ᠪᠣᠯᠣᠨ᠎ᠠ᠂ ᠪᠠᠰᠠ ᠴᠤ᠌ ᠪᠦᠭᠦ ᠪᠥᠮᠪᠥᠷᠴᠡᠭ᠎ᠤᠨ ᠴᠦᠯᠯᠡᠷᠭᠡᠭᠵᠢᠭᠰᠡᠨ᠂ ᠬᠠᠭ᠋ᠠᠰ ᠴᠦᠯᠯᠡᠷᠭᠡᠭᠵᠢᠭᠰᠡᠨ ᠭᠠᠵᠠᠷ ᠣᠷᠣᠨ᠎ᠳᠤ ᠲᠤᠶ᠋ᠢᠯ᠎ᠤᠨ ᠴᠥᠭᠡᠨ ᠲᠣᠬᠢᠶᠠᠯᠳᠤᠳᠠᠭ ᠲᠣᠮᠣ ᠭᠡᠯᠪᠡᠷᠢ ᠵᠢᠨ ᠲᠠᠯ᠎ᠠ ᠨᠤᠲᠤᠭ᠎ᠤᠨ ᠨᠠᠭᠤᠷ ᠪᠣᠯᠣᠨ᠎ᠠ᠂ ᠣᠳᠣᠬᠠᠨ᠎ᠳᠤ ᠨᠠᠭᠤᠷ᠎ᠤᠨ ᠣᠷᠣᠨ᠎ᠤ ᠶᠡᠷᠦᠩᠬᠡᠢ ᠲᠠᠯᠠᠪᠠᠶ᠎ᠨᠢ 293 ᠲᠡᠭᠰᠢ ᠳᠥᠷᠪᠡᠯᠵᠢᠨ ᠺᠢᠯᠣᠮᠧᠳ᠋ᠷ ᠪᠠᠶ᠋ᠢᠨ᠎ᠠ᠃ ᠤᠯᠠᠭ᠋ᠠᠨᠰᠤᠬᠠᠢ ᠪᠣᠯ ᠨᠡᠭᠦᠳᠡᠯ᠎ᠤᠨ ᠰᠢᠪᠠᠭᠤᠳ᠎ᠤᠨ ᠴᠡᠩᠭᠡᠯ᠎ᠤᠨ ᠣᠷᠣᠨ ᠮᠥᠨ᠂ ᠣᠳᠣᠬᠠᠨ᠎ᠳᠤ ᠰᠢᠪᠠᠭᠤᠨ᠎ᠤ ᠲᠥᠷᠥᠯ 260 ᠭᠠᠷᠤᠢ ᠵᠦᠢ᠍ᠯ ᠪᠠᠶ᠋ᠢᠵᠤ᠂ 600 ᠭᠠᠷᠤᠢ ᠲᠦᠮᠡᠨ ᠰᠢᠪᠠᠭᠤ ᠠᠳᠡ ᠣᠷᠣᠰᠢᠨ ᠠᠮᠢᠳᠤᠷᠠᠵᠤ ᠪᠤᠶ᠃
    ᠤᠯᠠᠭ᠋ᠠᠨᠰᠤᠬᠠᠢ ᠵᠢᠨ ᠪᠠᠷᠠᠭᠤᠨ ᠬᠡᠰᠡᠭ ᠪᠣᠯ ᠨᠡᠯᠦᠭᠡᠷ ᠶᠡᠭᠡ ᠤᠯᠠᠭ᠋ᠠᠨᠪᠤᠬ᠎ᠠ ᠵᠢᠨ ᠡᠯᠡᠰᠦᠨ ᠴᠦᠯ᠂ ᠡᠮᠦᠨᠡᠲᠦ ᠬᠡᠰᠡᠭ᠎ᠨᠢ ᠳᠠᠪᠠᠯᠭ᠋ᠠᠯᠠᠨ ᠤᠷᠤᠰᠬᠤ ᠬᠠᠳᠤᠨ ᠭᠤᠣᠯ᠂ ᠵᠡᠭᠦᠨ ᠬᠡᠰᠡᠭ᠎ᠨᠢ ᠴᠡᠯᠡᠭᠡᠷ ᠠᠭᠤᠳᠠᠮ ᠮᠤᠨᠠ ᠠᠭᠤᠯᠠ ᠵᠢᠨ ᠤᠯᠤᠰ᠎ᠤᠨ ᠤᠢ ᠰᠢᠭᠤᠢ ᠵᠢᠨ ᠴᠡᠴᠡᠷᠯᠢᠭ᠂ ᠬᠤᠶ᠋ᠢᠲᠤ ᠬᠡᠰᠡᠭ᠎ᠨᠢ ᠦᠷᠭᠦᠯᠵᠢᠯᠡᠭᠰᠡᠨ ᠮᠤᠨᠢ ᠠᠭᠤᠯᠠ ᠨᠢᠷᠤᠭᠤ ᠪᠠ ᠥᠷᠭᠡᠨ ᠠᠭᠤᠳᠠᠮ ᠤᠷᠠᠳ᠎ᠤᠨ ᠲᠠᠯ᠎ᠠ ᠨᠤᠲᠤᠭ᠂ ᠳᠤᠮᠳᠠ ᠬᠡᠰᠡᠭ᠎ᠨᠢ ᠥᠩ ᠰᠢᠮᠡᠯᠢᠭ ᠪᠣᠷᠣᠳᠣᠬᠤᠢ ᠵᠢᠨ ᠲᠠᠯ᠎ᠠ ᠭᠠᠵᠠᠷ ᠪᠣᠯᠣᠨ᠎ᠠ᠂ ᠡᠳᠡᠭᠡᠷ᠎ᠨᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠬᠠᠮᠲᠤ᠎ᠪᠠᠷ ᠠᠭᠤᠰᠤᠯᠴᠠᠵᠤ ᠬᠠᠮᠲᠤ᠎ᠪᠠᠷ ᠣᠷᠣᠰᠢᠭᠰᠠᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠪᠦᠷᠢᠯᠳᠦᠭᠦᠯᠵᠡᠢ᠃
 6382225206790899156026421.jpg  



    ᠵᠤᠨ᠎ᠤ ᠡᠬᠢᠨ᠎ᠤ ᠤᠯᠠᠭ᠋ᠠᠨᠰᠤᠬᠠᠢ᠂ ᠮᠡᠯᠮᠡᠯᠵᠡᠨ ᠳᠣᠯᠭᠢᠶᠠᠯᠠᠵᠤ᠂ ᠤᠰᠤᠨ᠎ᠤ ᠰᠢᠪᠠᠭᠤᠳ ᠳᠡᠪᠳᠡᠷᠢᠯᠴᠡᠨ ᠱᠤᠯᠤᠭ᠋ᠠᠨᠠᠵᠠᠭ᠋ᠠᠨ᠎ᠠ᠃ 6 ᠰᠠᠷ᠎ᠠ ᠵᠢᠨ 5᠎ᠤ ᠡᠳᠦᠷ᠂ ᠲᠠᠪᠢᠳᠠᠭᠢ ᠳᠡᠯᠡᠬᠡᠢ ᠵᠢᠨ ᠣᠷᠴᠢᠨ ᠲᠣᠭᠤᠷᠢᠨ᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ ᠬᠤᠳᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠬᠢᠵᠠᠭ᠋ᠠᠷ᠎ᠲᠠᠬᠢ ᠤᠯᠠᠭ᠋ᠠᠨᠰᠤᠬᠠᠢ᠎ᠳᠤ ᠬᠦᠷᠴᠦ᠂ ᠲᠤᠬᠠᠢ ᠵᠢᠨ ᠭᠠᠵᠠᠷ᠎ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ ᠪᠠᠶ᠋ᠢᠬᠤ᠂ ᠠᠮᠢ ᠠᠬᠤᠢ ᠣᠷᠴᠢᠨ ᠲᠣᠭᠤᠷᠢᠨ᠎ᠢ ᠰᠡᠷᠭᠦᠭᠡᠬᠦ ᠵᠢ ᠠᠬᠢᠭᠤᠯᠵᠤ ᠪᠠᠶ᠋ᠢᠬᠤ ᠵᠡᠷᠭᠡ ᠪᠠᠶ᠋ᠢᠳᠠᠯ᠎ᠢ ᠣᠶ᠋ᠢᠯᠠᠭ᠋ᠠᠵᠤ᠂ ᠤᠯᠠᠭ᠋ᠠᠨᠰᠤᠬᠠᠢ ᠵᠢᠨ ᠪᠠᠶ᠋ᠢᠭ᠋ᠠᠯᠢ ᠵᠢᠨ ᠳᠦᠷᠰᠦ ᠪᠠᠶ᠋ᠢᠳᠠᠯ ᠪᠣᠯᠣᠨ ᠡᠷᠭᠢᠨ ᠲᠣᠭᠤᠷᠢᠨ᠎ᠤ ᠠᠮᠢ ᠠᠬᠤᠢ ᠣᠷᠴᠢᠨ ᠲᠣᠭᠤᠷᠢᠨ᠎ᠢ ᠪᠠᠶ᠋ᠢᠴᠠᠭ᠋ᠠᠨ ᠦᠵᠡᠪᠡ᠃ ᠶᠡᠷᠦᠩᠬᠡᠢ ᠱᠦᠵᠢ ᠰᠢ ᠵᠢᠨ ᠫᠢᠩ᠂ ᠤᠯᠠᠭ᠋ᠠᠨᠰᠤᠬᠠᠢ ᠵᠢᠨ ᠰᠠᠪᠠ ᠭᠠᠵᠠᠷ᠎ᠢ ᠰᠠᠶ᠋ᠢᠲᠤᠷ ᠵᠠᠰᠠᠬᠤ᠎ᠨᠢ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃ ᠤᠯᠠᠭ᠋ᠠᠨᠰᠤᠬᠠᠢ ᠵᠢᠨ ᠵᠠᠰᠠᠯᠲᠠ ᠪᠠ ᠬᠠᠮᠠᠭ᠋ᠠᠯᠠᠯᠲᠠ ᠵᠢᠨ ᠴᠢᠭᠯᠡᠯ᠎ᠨᠢ ᠲᠣᠳᠣᠷᠬᠠᠢ ᠶᠤᠮ᠂ ᠰᠡᠳᠬᠢᠯ ᠲᠠᠯᠪᠢᠨ ᠵᠠᠰᠠᠵᠤ᠂ ᠨᠠᠷᠢᠨ ᠨᠢᠮᠪᠠᠢ ᠬᠠᠶ᠋ᠢᠷᠠᠯᠠᠨ ᠬᠠᠮᠠᠭ᠋ᠠᠯᠠᠵᠤ᠂ ᠢᠮᠠᠭᠲᠠ ᠲᠤᠭᠤᠰᠢᠯᠠᠭᠤᠯᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠵᠤ᠂ ᠡᠨᠡ ᠬᠦ᠌ 《ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ》᠎ᠢ ᠰᠠᠶ᠋ᠢᠲᠤᠷ ᠰᠠᠬᠢᠨ ᠬᠠᠮᠠᠭ᠋ᠠᠯᠠᠵᠤ᠂ ᠦᠷ᠎ᠡ ᠬᠤᠶ᠋ᠢᠴᠢᠰ᠎ᠲᠠᠭᠠᠨ ᠬᠥᠬᠡᠮᠳᠦᠭ ᠨᠣᠭᠤᠭ᠋ᠠᠨ ᠠᠭᠤᠯᠠ ᠤᠰᠤ᠎ᠲᠠᠢ᠂ ᠰᠢᠨ᠎ᠡ ᠰᠣᠷᠭᠤᠭ ᠠᠭ᠋ᠠᠷ ᠮᠠᠨᠳᠠᠯ᠎ᠲᠠᠢ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠦᠯᠡᠳᠡᠭᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
    ᠰᠡᠳᠬᠢᠯ ᠲᠠᠯᠪᠢᠨ ᠵᠠᠰᠠᠵᠤ᠂ ᠨᠢᠮᠪᠠᠢ ᠬᠠᠮᠠᠭ᠋ᠠᠯᠠᠵᠤ᠂ ᠶᠡᠷᠦᠩᠬᠡᠢ ᠱᠦᠵᠢ ᠵᠢᠨ ᠰᠠᠨᠠᠭ᠋ᠠᠯᠵᠠᠵᠤ ᠪᠠᠶ᠋ᠢᠭᠰᠠᠨ ᠤᠯᠠᠭ᠋ᠠᠨᠰᠤᠬᠠᠢ ᠵᠢ ᠤᠯᠠᠮ ᠭᠤᠶᠣᠵᠢᠭᠤᠯᠤᠨ᠎ᠠ
    ᠶᠡᠷᠦᠩᠬᠡᠢ ᠱᠦᠵᠢ ᠤᠯᠠᠭ᠋ᠠᠨᠰᠤᠬᠠᠢ ᠵᠢᠨ ᠵᠠᠰᠠᠯᠲᠠ ᠵᠢ ᠢᠮᠠᠭᠲᠠ ᠰᠡᠳᠬᠢᠯ᠎ᠳᠡᠭᠡᠨ ᠪᠤᠳᠤᠵᠤ ᠪᠠᠶ᠋ᠢᠪᠠ᠂ ᠪᠠᠶᠠᠨᠨᠠᠭᠤᠷ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠾᠧ ᠸᠧᠢ ᠬᠤᠸᠠ ᠲᠤᠬᠠᠢ ᠵᠢᠨ ᠡᠳᠦᠷ ᠶᠡᠷᠦᠩᠬᠡᠢ ᠱᠦᠵᠢ᠎ᠳᠤ ᠤᠯᠠᠭ᠋ᠠᠨᠰᠤᠬᠠᠢ ᠵᠢᠨ ᠵᠠᠰᠠᠯᠲᠠ ᠪᠠ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠬᠠᠷᠢᠭᠤ ᠮᠡᠳᠡᠭᠦᠯᠪᠡ᠃
    ᠬᠡᠳᠦᠨ ᠵᠢᠯ᠎ᠤᠨ ᠴᠥᠬᠦᠷᠡᠰᠢ ᠦᠭᠡᠢ ᠴᠢᠷᠮᠠᠶ᠋ᠢᠯᠭ᠎ᠠ᠎ᠪᠠᠷ ᠳᠡᠮᠵᠢᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮᠵᠢᠭᠦᠯᠬᠦ ᠣᠶ᠋ᠢᠯᠠᠭ᠋ᠠᠭᠳᠠᠬᠤᠨ ᠳᠣᠣᠷ᠎ᠠ᠂ ᠰᠢᠨᠵᠢᠯᠡᠬᠦ ᠤᠬᠠᠭ᠋ᠠᠨᠴᠢ ᠣᠨᠣᠴᠠᠲᠠᠢ᠎ᠪᠠᠷ ᠬᠠᠤᠯᠢ ᠶᠣᠰᠣᠭ᠋ᠠᠷ ᠵᠠᠰᠠᠵᠤ᠂ ᠬᠡᠰᠡᠭ ᠡᠬᠢ᠂ ᠣᠯᠠᠨ ᠡᠬᠢ᠂ ᠳᠣᠲᠣᠭ᠋ᠠᠳᠤ ᠡᠬᠢ ᠵᠢ ᠨᠢᠭᠡᠳᠦᠯᠲᠡᠢ ᠲᠥᠯᠥᠪᠵᠢᠭᠦᠯᠦᠨ ᠵᠠᠰᠠᠬᠤ᠂ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠤᠯᠠᠭ᠋ᠠᠨᠰᠤᠬᠠᠢ ᠵᠢᠨ ᠤᠰᠤᠨ᠎ᠤ ᠴᠢᠨᠠᠷ᠎ᠢ ᠶᠡᠷᠦᠩᠬᠡᠢ᠎ᠳᠡᠭᠡᠨ Ⅴ ᠲᠥᠷᠥᠯ᠎ᠳᠤ ᠬᠦᠷᠭᠡᠵᠦ᠂ ᠬᠡᠰᠡᠭ ᠲᠠᠯ᠎ᠠ ᠵᠢ ᠳᠡᠭᠡᠭᠰᠢᠯᠡᠭᠦᠯᠦᠭᠡᠳ Ⅳ ᠲᠥᠷᠥᠯ᠎ᠳᠤ ᠬᠦᠷᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠶᠡᠷᠦᠩᠬᠡᠢ᠎ᠳᠡᠭᠡᠨ Ⅳ ᠲᠥᠷᠥᠯ᠎ᠳᠤ ᠬᠦᠷᠭᠡᠬᠦ᠎ᠪᠠᠷ ᠴᠢᠷᠮᠠᠶ᠋ᠢᠬᠤ ᠪᠣᠯᠣᠨ᠎ᠠ᠃
    ᠶᠡᠷᠦᠩᠬᠡᠢ ᠱᠦᠵᠢ ᠵᠢᠭ᠋ᠠᠰᠤᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠢ ᠮᠠᠰᠢ ᠬᠠᠯᠠᠮᠵᠢᠯᠠᠵᠤ᠂ ᠲᠡᠳᠡᠨ᠎ᠤ ᠣᠳᠣᠬᠠᠨ᠎ᠤ ᠠᠮᠢᠳᠤᠷᠠᠯ᠎ᠤᠨ ᠪᠠᠶ᠋ᠢᠳᠠᠯ᠎ᠢ ᠨᠠᠷᠢᠨ ᠠᠰᠠᠭᠤᠪᠠ᠃
    ᠨᠠᠭᠤᠷ᠎ᠤᠨ ᠣᠷᠣᠨ᠎ᠤ ᠠᠮᠢ ᠠᠬᠤᠢ ᠵᠢ ᠠᠶᠠᠨᠳᠠᠭ᠋ᠠᠨ ᠰᠡᠷᠭᠦᠭᠡᠬᠦ ᠵᠢ ᠠᠬᠢᠭᠤᠯᠬᠤ ᠵᠢᠨ ᠲᠥᠯᠥᠭᠡ᠂ ᠣᠶ᠋ᠢᠷ᠎ᠠ ᠵᠢᠨ ᠵᠢᠯ᠎ᠳᠤ᠂ ᠤᠯᠠᠭ᠋ᠠᠨᠰᠤᠬᠠᠢ ᠵᠢᠨ᠎ᠬᠢᠨ ᠵᠢᠭ᠋ᠠᠰᠤᠴᠢᠨ᠎ᠤ ᠡᠷᠭᠢ᠎ᠳᠤ ᠭᠠᠷᠬᠤ ᠢᠨᠵᠧᠨᠧᠷᠢᠩ᠎ᠢ ᠬᠡᠷᠡᠭᠵᠢᠭᠦᠯᠵᠦ᠂ ᠵᠢᠭ᠋ᠠᠰᠤ ᠠᠩᠨᠠᠬᠤ ᠵᠢ ᠵᠣᠭᠰᠣᠭ᠋ᠠᠨ ᠨᠠᠭᠤᠷ ᠴᠥᠭᠦᠷᠥᠮ᠎ᠳᠤ ᠪᠤᠴᠠᠭ᠋ᠠᠬᠤ ᠵᠢ ᠪᠡᠶᠡᠯᠡᠭᠦᠯᠪᠡ᠂ ᠡᠨᠡ  ᠪᠣᠯ ᠤᠯᠠᠭ᠋ᠠᠨᠰᠤᠬᠠᠢ ᠵᠢᠨ ᠵᠠᠰᠠᠯᠲᠠ ᠪᠠ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠰᠢᠨ᠎ᠡ ᠵᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃
    ᠶᠡᠷᠦᠩᠬᠡᠢ ᠱᠦᠵᠢ ᠵᠢᠨ ᠬᠦᠷᠴᠦ ᠢᠷᠡᠬᠦ ᠦᠶ᠎ᠡ ᠵᠢᠨ ᠪᠠᠶ᠋ᠢᠳᠠᠯ᠎ᠢ ᠡᠷᠭᠢᠴᠡᠭᠦᠯᠬᠦᠶ᠎ᠡ᠂ ᠯᠢᠦ ᠸᠧᠨ ᠪᠢᠨ ᠳᠣᠬᠳᠣᠯᠤᠬᠰᠠᠨ ᠰᠡᠳᠬᠢᠯᠭᠡ᠎ᠪᠠᠨ ᠳᠠᠷᠤᠵᠤ ᠶᠠᠳᠠᠨ᠎ᠠ᠃
    《ᠶᠡᠷᠦᠩᠬᠡᠢ ᠱᠦᠵᠢ ᠮᠠᠨ᠎ᠤ ᠵᠢᠭ᠋ᠠᠰᠤᠴᠢᠳ᠎ᠤᠨ ᠣᠲᠣ ᠵᠢᠨ ᠠᠮᠢᠳᠤᠷᠠᠯ᠎ᠢ ᠮᠠᠰᠢ ᠬᠠᠯᠠᠮᠵᠢᠯᠠᠵᠤ ᠪᠠᠶ᠋ᠢᠨ᠎ᠠ᠂ ᠵᠢᠭ᠋ᠠᠰᠤᠴᠢᠳ ᠰᠢᠨ᠎ᠡ ᠠᠵᠢᠯ᠎ᠤᠨ ᠪᠠᠶ᠋ᠢᠷᠢ᠎ᠲᠠᠢ ᠪᠣᠯᠵᠤ᠂ ᠠᠮᠢᠳᠤᠷᠠᠯ ᠤᠯᠠᠮ᠎ᠠᠴᠠ ᠤᠯᠠᠮ ᠰᠠᠶ᠋ᠢᠵᠢᠷᠠᠵᠤ ᠪᠠᠶ᠋ᠢᠬᠤ ᠵᠢ ᠰᠣᠨᠣᠰᠤᠭ᠋ᠠᠳ 〈ᠮᠠᠰᠢ ᠰᠠᠶ᠋ᠢᠨ〉 ᠭᠡᠵᠦ ᠪᠠᠶᠠᠷᠲᠠᠶ᠋ᠢᠬᠠᠨ ᠬᠡᠯᠡᠪᠡ》᠃
    ᠠᠳᠠᠯᠢᠬᠠᠨ ᠵᠢᠭ᠋ᠠᠰᠤᠴᠢᠨ ᠭᠠᠷᠤᠯᠲᠠᠢ ᠾᠧ ᠠᠢ ᠶᠢᠩ 3 ᠵᠢᠯ᠎ᠤᠨ ᠡᠮᠦᠨ᠎ᠡ᠎ᠠᠴᠠ ᠡᠬᠢᠯᠡᠨ ᠣᠨᠴᠠᠯᠢᠭᠲᠤ ᠲᠠᠷᠢᠮᠠᠯ᠎ᠤᠨ ᠦᠢ᠍ᠯᠡᠰ ᠡᠷᠭᠢᠯᠡᠵᠦ᠂ 《ᠨᠠᠭᠤᠷ᠎ᠤᠨ ᠣᠷᠣᠨ᠎ᠤ ᠬᠤᠯᠤᠰᠤ ᠵᠢ ᠬᠡᠮᠬᠡᠯᠦᠭᠰᠡᠨ᠎ᠤ ᠳᠠᠷᠠᠭ᠎ᠠ ᠮᠥᠭᠦ ᠵᠢᠨ ᠪᠠᠭ᠋ᠠᠨᠠᠴᠢᠷ ᠬᠢᠵᠦ᠂ ᠪᠣᠶ᠋ᠢᠵᠢᠭᠤᠯᠤᠭᠰᠠᠨ ᠳᠡᠯᠳᠡᠦ᠎ᠨᠢ ᠰᠢᠷᠪᠦᠰᠦᠯᠢᠭ᠂ ᠪᠣᠷᠤᠯᠠᠭᠤᠯᠭ᠎ᠠ᠎ᠨᠢ ᠮᠠᠰᠢ ᠰᠠᠶ᠋ᠢᠨ ᠪᠠᠶ᠋ᠢᠨ᠎ᠠ》᠃ ᠾᠧ ᠠᠢ ᠶᠢᠩ᠎ᠤᠨ ᠳᠡᠯᠳᠡᠦ ᠵᠢᠨ ᠠᠵᠤ ᠦᠢ᠍ᠯᠡᠰ ᠭᠦᠷ ᠬᠥᠭᠵᠢᠶᠡᠨ᠎ᠲᠠᠢ ᠶᠠᠪᠤᠭᠳᠠᠵᠤ᠂ ᠣᠳᠣᠬᠠᠨ᠎ᠳᠤ ᠨᠢᠭᠡᠨᠲᠡ 4 ᠳᠡᠯᠳᠡᠦ ᠵᠢᠨ ᠬᠦᠯᠡᠮᠵᠢ᠎ᠲᠠᠢ ᠪᠣᠯᠵᠤ᠂ ᠵᠢᠯ᠎ᠤᠨ ᠣᠷᠣᠯᠭ᠎ᠠ᠎ᠨᠢ ᠨᠡᠯᠢᠶᠡᠳ ᠰᠠᠶ᠋ᠢᠨ ᠪᠣᠯᠵᠠᠢ᠃
    ᠯᠢᠦ ᠸᠧᠨ ᠪᠢᠨ᠂ ᠾᠧ ᠠᠢ ᠶᠢᠩ ᠪᠣᠯ ᠵᠢᠭ᠋ᠠᠰᠤᠴᠢᠨ᠎ᠤ ᠡᠷᠭᠢ᠎ᠳᠤ ᠭᠠᠷᠬᠤ ᠢᠨᠵᠧᠨᠧᠷᠢᠩ᠎ᠤᠨ ᠠᠰᠢᠭ ᠭᠦᠷᠲᠡᠭᠴᠢ ᠮᠥᠨ᠃ ᠥᠩᠭᠡᠷᠡᠭᠰᠡᠨ᠎ᠳᠤ ᠤᠰᠤᠨ᠎ᠳᠤ ᠲᠦᠰᠢᠭᠯᠡᠨ ᠠᠵᠤ ᠲᠦᠷᠦᠵᠤ ᠪᠠᠶ᠋ᠢᠭᠰᠠᠨ ᠵᠢᠭ᠋ᠠᠰᠤᠴᠢᠳ ᠰᠢᠨ᠎ᠡ ᠠᠵᠢᠯ᠎ᠤᠨ ᠪᠠᠶ᠋ᠢᠷᠢ᠎ᠲᠠᠢ ᠪᠣᠯᠵᠤ᠂ ᠣᠷᠣᠯᠭ᠎ᠠ ᠨᠡᠮᠡᠭᠳᠡᠵᠦ᠂ ᠠᠮᠢᠳᠤᠷᠠᠯ ᠰᠠᠶ᠋ᠢᠵᠢᠷᠠᠨ᠂ ᠠᠵᠢᠯᠴᠢ ᠭᠦᠳᠡᠯᠮᠦᠷᠢᠴᠢ ᠬᠤᠶᠠᠷ ᠭᠠᠷ ᠵᠶ᠋ᠠᠷ ᠵᠶ᠋ᠠᠨ ᠵᠣᠯ ᠵᠢᠷᠭ᠋ᠠᠯᠲᠤ ᠠᠮᠢᠳᠤᠷᠠᠯ ᠵᠶ᠋ᠠᠨ ᠴᠣᠭᠴᠠᠯᠠᠵᠤ ᠪᠠᠶ᠋ᠢᠨ᠎ᠠ᠃
    ᠤᠯᠠᠭ᠋ᠠᠨᠰᠤᠬᠠᠢ ᠵᠢᠨ ᠵᠠᠰᠠᠯᠲᠠ ᠵᠢᠨ ᠴᠢᠭᠯᠡᠯ ᠪᠣᠯ ᠲᠣᠳᠣᠷᠬᠠᠢ ᠶᠤᠮ᠂ 《ᠪᠢᠳᠡ ᠶᠡᠷᠦᠩᠬᠡᠢ ᠱᠦᠵᠢ ᠵᠢᠨ 〈ᠤᠯᠠᠭ᠋ᠠᠨᠰᠤᠬᠠᠢ ᠵᠢ ᠰᠡᠳᠬᠢᠯ ᠲᠠᠯᠪᠢᠨ ᠵᠠᠰᠠᠵᠤ᠂ ᠰᠡᠳᠬᠢᠯ ᠲᠠᠯᠪᠢᠨ ᠬᠠᠮᠠᠭ᠋ᠠᠯᠠᠵᠤ᠂ ᠢᠮᠠᠭᠲᠠ ᠲᠤᠭᠤᠰᠢᠯᠠᠭᠤᠯᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠬᠤ〉 ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠭ᠋ᠠᠨᠰᠤᠬᠠᠢ ᠡᠨᠡ ᠬᠦ᠌ 〈ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ〉᠎ᠢ ᠨᠠᠩ ᠬᠥᠬᠡᠮᠳᠦᠭ ᠨᠣᠭᠤᠭ᠋ᠠᠨ ᠠᠭᠤᠯᠠ ᠤᠰᠤ᠎ᠲᠠᠢ᠂ ᠰᠢᠨ᠎ᠡ ᠰᠣᠷᠭᠤᠭ ᠠᠭ᠋ᠠᠷ ᠮᠠᠨᠳᠠᠯ᠎ᠲᠠᠢ ᠦᠵᠡᠰᠬᠦᠯᠡᠩᠲᠦ ᠰᠠᠶ᠋ᠢᠬᠠᠨ ᠭᠡᠷ ᠣᠷᠣᠨ ᠪᠣᠯᠭ᠋ᠠᠨ᠎ᠠ》 ᠭᠡᠵᠦ ᠾᠧ ᠸᠧᠢ ᠬᠤᠸᠠ ᠬᠡᠯᠡᠪᠡ᠃
6382225213308086251549608.jpg   



    ᠨᠠᠭᠤᠷ᠎ᠤᠨ ᠳᠣᠲᠣᠷᠠᠬᠢ ᠠᠰᠠᠭᠤᠳᠠᠯ᠎ᠢ ᠨᠠᠭᠤᠷ᠎ᠤᠨ ᠭᠠᠳᠠᠨ᠎ᠠ ᠬᠦᠴᠦ ᠣᠷᠣᠭᠤᠯᠵᠤ᠂ ᠪᠦᠭᠦ ᠡᠯᠧᠮᠧᠨ᠋ᠲ᠎ᠤᠨ ᠵᠠᠰᠠᠯᠲᠠ᠎ᠪᠠᠷ 《ᠪᠣᠭᠤᠮᠲᠠ ᠵᠢᠨ ᠭᠠᠳᠠᠨᠠᠬᠢ  ᠬᠡᠷᠡᠯᠳᠦ ᠰᠤᠪᠤᠳ》᠎ᠢ ᠲᠠᠭᠢᠨ ᠭᠡᠷᠡᠯ ᠭᠢᠯᠪᠠᠭ᠎ᠠ ᠰᠠᠴᠤᠷᠠᠭᠤᠯᠤᠨ᠎ᠠ
    ᠶᠡᠷᠦᠩᠬᠡᠢ ᠱᠦᠵᠢ ᠤᠯᠠᠭ᠋ᠠᠨᠰᠤᠬᠠᠢ᠎ᠳᠤ ᠰᠢᠨᠵᠢᠯᠡᠨ ᠪᠠᠶ᠋ᠢᠴᠠᠭ᠋ᠠᠬᠤ᠎ᠳᠤ᠂ ᠣᠩᠭᠤᠴᠠᠴᠢᠨ ᠵᠢᠶᠠᠩ ᠳ᠋ᠧ ᠴᠢᠤᠸᠠᠨ᠄ 《ᠶᠡᠷᠦᠩᠬᠡᠢ ᠱᠦᠵᠢ᠎ᠲᠠᠢ ᠠᠭᠤᠯᠵᠠᠭ᠋ᠠᠳ ᠪᠢ ᠲᠤᠶ᠋ᠢᠯ ᠵᠶ᠋ᠠᠷ ᠳᠣᠭᠳᠣᠯᠵᠤ ᠪᠠᠶ᠋ᠢᠨ᠎ᠠ᠂ ᠶᠡᠷᠦᠩᠬᠡᠢ ᠱᠦᠵᠢ ᠤᠯᠠᠭ᠋ᠠᠨᠰᠤᠬᠠᠢ ᠵᠢ ᠢᠩᠭᠢᠵᠦ ᠴᠢᠬᠤᠯᠠᠴᠢᠯᠠᠵᠤ ᠪᠠᠶ᠋ᠢᠬᠤ᠎ᠳᠤ ᠤᠯᠠᠭ᠋ᠠᠨᠰᠤᠬᠠᠢ ᠵᠢᠨ ᠪᠦᠷᠢᠯᠳᠦᠭᠦᠨ ᠪᠣᠯᠤᠭᠰᠠᠨ ᠪᠢᠳᠡ ᠵᠠᠪᠠᠯ ᠤᠯᠠᠭ᠋ᠠᠨᠰᠤᠬᠠᠢ ᠵᠢ ᠰᠠᠶ᠋ᠢᠲᠤᠷ ᠬᠠᠮᠠᠭ᠋ᠠᠯᠠᠵᠤ᠂ ᠦᠷ᠎ᠡ ᠬᠤᠶ᠋ᠢᠴᠢᠰ᠎ᠲᠠᠭᠠᠨ ᠬᠥᠬᠡᠮᠳᠦᠭ ᠨᠣᠭᠤᠭ᠋ᠠᠨ ᠠᠭᠤᠯᠠ ᠤᠰᠤ ᠦᠯᠡᠳᠡᠭᠡᠵᠦ ᠥᠭᠭᠦᠨ᠎ᠡ》 ᠭᠡᠵᠦ ᠬᠡᠯᠡᠪᠡ᠃
    ᠵᠢᠶᠠᠩ ᠳ᠋ᠧ ᠴᠢᠤᠸᠠᠨ ᠪᠣᠯ ᠤᠯᠠᠭ᠋ᠠᠨᠰᠤᠬᠠᠢ ᠵᠢᠨ ᠬᠥᠮᠥᠨ᠂ ᠡᠨᠡ ᠬᠦ᠌ 《ᠨᠠᠭᠤᠷ》᠎ᠤᠨ ᠲᠤᠬᠠᠢ ᠣᠨᠴᠠᠭ᠋ᠠᠢ ᠳᠤᠷᠠᠳᠬᠠᠯ᠎ᠲᠠᠢ᠃ ᠲᠡᠷᠡ᠄ 《ᠪᠠᠭ᠎ᠠ᠎ᠳᠠᠭᠠᠨ ᠪᠢᠳᠡ 〈ᠨᠠᠭᠤᠷ᠎ᠤᠨ ᠤᠰᠤ᠎ᠪᠠᠷ ᠲᠣᠮᠣ ᠵᠢᠭ᠋ᠠᠰᠤ ᠵᠢ ᠴᠢᠨᠠᠵᠤ〉 ᠢᠳᠡᠵᠦ᠂ ᠤᠮᠳᠠᠭ᠋ᠠᠰᠪᠠᠯ ᠨᠠᠭᠤᠷ᠎ᠤᠨ ᠤᠰᠤ ᠵᠢ ᠤᠳᠬᠤᠵᠤ ᠤᠤᠭᠤᠳᠠᠭ ᠪᠠᠶ᠋ᠢᠯ᠎ᠠ᠂ ᠰᠡᠭᠦᠯᠡᠷ᠎ᠨᠢ ᠵᠦᠢ᠍ᠯ ᠵᠦᠢ᠍ᠯ᠎ᠤᠨ ᠰᠢᠯᠲᠠᠭ᠋ᠠᠨ᠎ᠠᠴᠠ ᠪᠣᠯᠵᠤ ᠤᠰᠤᠨ᠎ᠤ ᠴᠢᠨᠠᠷ᠎ᠨᠢ ᠮᠠᠭᠤᠳᠠᠵᠤ᠂ ᠡᠨᠡ ᠬᠡᠳᠦᠨ ᠵᠢᠯ᠎ᠤᠨ ᠵᠠᠰᠠᠯᠲᠠ᠎ᠪᠠᠷ ᠳᠡᠮᠵᠢᠨ ᠤᠰᠤ᠎ᠨᠢ ᠳᠠᠬᠢᠨᠲᠠ ᠲᠤᠩᠭ᠋ᠠᠯᠠᠭ ᠪᠣᠯᠵᠠᠢ》 ᠭᠡᠵᠦ ᠬᠡᠯᠡᠪᠡ᠃
    ᠠᠮᠢ ᠠᠬᠤᠢ᠎ᠪᠠᠷ ᠠᠷᠠᠳ᠎ᠲᠤ ᠠᠰᠢᠭ ᠬᠦᠷᠲᠡᠭᠡᠵᠦ᠂ ᠠᠮᠢ ᠠᠬᠤᠢ᠎ᠪᠠᠷ ᠠᠷᠠᠳ᠎ᠲᠤ ᠲᠤᠰᠠ ᠬᠢᠵᠦ᠂ ᠠᠮᠢ ᠠᠬᠤᠢ᠎ᠪᠠᠷ ᠠᠷᠠᠳ᠎ᠲᠤ ᠦᠢ᠍ᠯᠡᠴᠢᠯᠡᠨ᠎ᠡ᠃ ᠤᠯᠠᠭ᠋ᠠᠨᠰᠤᠬᠠᠢ ᠵᠢᠨ ᠬᠠᠮᠠᠭ᠋ᠠᠯᠠᠯᠲᠠ ᠪᠠ ᠵᠠᠰᠠᠯᠲᠠ ᠵᠢᠨ ᠠᠰᠠᠭᠤᠳᠠᠯ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠰᠡᠳᠬᠢᠯ᠎ᠢ ᠭᠦᠨ ᠲᠠᠲᠠᠵᠠᠢ᠃ ᠪᠦᠭᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠶᠡᠷᠦᠩᠬᠡᠢ ᠱᠦᠵᠢ ᠤᠯᠠᠭ᠋ᠠᠨᠰᠤᠬᠠᠢ ᠵᠢᠨ ᠲᠤᠬᠠᠢ ᠭᠤᠷᠪᠠ ᠤᠳᠠᠭ᠎ᠠ ᠶᠠᠷᠢᠵᠤ ᠥᠩᠭᠡᠷᠡᠪᠡ᠃
    ᠤᠯᠠᠭ᠋ᠠᠨᠰᠤᠬᠠᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠥᠪ᠎ᠤᠨ ᠡᠷᠭᠢᠯᠡᠭᠴᠢ ᠪᠦᠦ ᠸᠧᠢ ᠶᠡᠷᠦᠩᠬᠡᠢ ᠱᠦᠵᠢ᠎ᠳᠤ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠂ ᠲᠡᠷᠡ ᠰᠤᠷᠪᠤᠯᠵᠢᠯᠠᠬ᠍ᠴᠢ᠎ᠳᠤ᠂ ᠤᠯᠠᠭ᠋ᠠᠨᠰᠤᠬᠠᠢ ᠵᠢ ᠨᠢᠭᠡᠳᠦᠯᠲᠡᠢ ᠲᠥᠯᠥᠪᠵᠢᠭᠦᠯᠦᠨ ᠵᠠᠰᠠᠭᠰᠠᠨ᠎ᠨᠢ 2018 ᠣᠨ᠎ᠠᠴᠠ ᠡᠬᠢᠯᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮᠵᠢᠭᠦᠯᠦᠨ ᠵᠠᠰᠠᠬᠤ ᠣᠶ᠋ᠢᠯᠠᠭ᠋ᠠᠭᠳᠠᠬᠤᠨ ᠶᠣᠰᠣᠭ᠋ᠠᠷ᠂ 《ᠨᠠᠭᠤᠷ ᠴᠥᠭᠦᠷᠥᠮ᠎ᠢ ᠵᠠᠰᠠᠬᠤ》᠎ᠠᠴᠠ 《ᠰᠠᠪᠠ ᠭᠠᠵᠠᠷ᠎ᠢ ᠵᠠᠰᠠᠬᠤ》 ᠲᠡᠶ᠋ᠢᠰᠢ ᠬᠤᠪᠢᠷᠠᠭᠤᠯᠵᠤ᠂ 《ᠲᠠᠩ ᠡᠯᠧᠮᠧᠨ᠋ᠲ》᠎ᠤᠨ ᠠᠮᠢ ᠠᠬᠤᠢ ᠵᠢ ᠰᠡᠷᠭᠦᠭᠡᠨ ᠵᠠᠰᠠᠬᠤ᠎ᠠᠴᠠ 《ᠤᠯᠠᠨ ᠡᠯᠧᠮᠧᠨ᠋ᠲ》᠎ᠤᠨ ᠠᠮᠢ ᠠᠬᠤᠢ ᠵᠢ ᠰᠡᠷᠭᠦᠭᠡᠨ ᠵᠠᠰᠠᠬᠤ ᠲᠡᠶ᠋ᠢᠰᠢ ᠬᠤᠪᠢᠷᠠᠭᠤᠯᠪᠠ᠃ 2018 ᠣᠨ᠎ᠠᠴᠠ ᠡᠬᠢᠯᠡᠨ᠂ ᠵᠢᠯ ᠪᠦᠷᠢ ᠬᠠᠲᠤᠨ ᠭᠤᠣᠯ᠎ᠤᠨ ᠰᠦᠩ ᠬᠠᠯᠢᠶ᠎ᠠ ᠦᠶᠡᠷ᠎ᠤᠨ ᠬᠤᠭᠤᠴᠠᠭ᠎ᠠ ᠪᠣᠯᠣᠨ ᠤᠰᠤᠯᠠᠯᠲᠠ ᠵᠢᠨ ᠵᠠᠪᠰᠠᠷᠯᠠᠭ᠎ᠠ ᠵᠢᠨ ᠬᠤᠭᠤᠴᠠᠭ᠎ᠠ ᠵᠢ ᠠᠰᠢᠭᠯᠠᠨ᠂ ᠤᠯᠠᠭ᠋ᠠᠨᠰᠤᠬᠠᠢ᠎ᠳᠤ ᠠᠮᠢ ᠠᠬᠤᠢ ᠵᠢᠨ ᠤᠰᠤ ᠨᠥᠬᠦᠪᠦᠷᠢᠯᠡᠵᠦ᠂ ᠤᠰᠤ ᠨᠥᠬᠦᠪᠦᠷᠢᠯᠡᠬᠦ ᠬᠡᠮᠵᠢᠶ᠎ᠡ᠎ᠨᠢ 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ᠎ᠠᠴᠠ ᠳᠡᠭᠡᠭᠰᠢ ᠪᠠᠶ᠋ᠢᠵᠤ᠂ ᠣᠳᠣᠬᠠᠨ᠎ᠳᠤ ᠨᠠᠭᠤᠷ᠎ᠤᠨ ᠣᠷᠣᠨ᠎ᠤ ᠲᠠᠯᠠᠪᠠᠶ᠎ᠨᠢ 293 ᠲᠡᠭᠰᠢ ᠳᠥᠷᠪᠡᠯᠵᠢᠨ ᠺᠢᠯᠣᠮᠧᠳ᠋ᠷ᠎ᠲᠤ ᠲᠣᠬᠲᠠᠪᠤᠷᠢᠵᠢᠪᠠ; ᠤᠯᠠᠭ᠋ᠠᠨᠰᠤᠬᠠᠢ ᠵᠢᠨ ᠳᠡᠭᠡᠳᠦ ᠤᠷᠤᠰᠬᠠᠯ᠎ᠤᠨ ᠤᠯᠠᠭ᠋ᠠᠨᠪᠤᠬ᠎ᠠ ᠡᠯᠡᠰᠦᠨ ᠴᠥᠯ᠎ᠳᠤ ᠶᠡᠭᠡ ᠬᠡᠪᠴᠢᠶ᠎ᠡ᠎ᠪᠠᠷ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠵᠤ ᠡᠭᠢᠯᠡᠪᠡ; ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠳᠤ 《ᠤᠰᠤ ᠵᠢ ᠬᠢᠵᠠᠭ᠋ᠠᠷᠯᠠᠬᠤ᠂ ᠲᠠᠷᠢᠶᠠᠨ ᠡᠮ᠎ᠢ ᠬᠢᠵᠠᠭ᠋ᠠᠷᠯᠠᠬᠤ᠂ ᠰᠦᠯᠢᠶᠥᠦ ᠪᠦᠷᠬᠦᠪᠴᠢ ᠵᠢ ᠬᠢᠵᠠᠭ᠋ᠠᠷᠯᠠᠬᠤ᠂ ᠪᠣᠷᠳᠣᠭᠤᠷ᠎ᠢ ᠬᠢᠵᠠᠭ᠋ᠠᠷᠯᠠᠬᠤ᠂ ᠮᠠᠯ ᠵᠢᠭᠦᠷᠲᠡᠨ᠎ᠤ ᠢᠯᠭ᠋ᠠᠳᠠᠰᠤ ᠵᠢ ᠬᠤᠣᠷ ᠦᠭᠡᠶ᠋ᠢᠳᠡᠭᠦᠯᠦᠨ ᠰᠢᠢ᠍ᠳᠪᠦᠷᠢᠯᠡᠬᠦ᠂ ᠡᠰᠢ ᠰᠦᠷᠡᠯ᠎ᠢ ᠡᠬᠢ ᠪᠠᠶᠠᠯᠢᠭᠵᠢᠭᠤᠯᠤᠨ ᠠᠰᠢᠭᠯᠠᠬᠤ》 ᠵᠢ ᠥᠷᠨᠢᠭᠦᠯᠪᠡ; ᠬᠤᠲᠠ ᠪᠠᠯᠭ᠋ᠠᠰᠤ ᠪᠣᠯᠣᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠵᠠᠰᠠᠬᠤ ᠲᠠᠯ᠎ᠠ᠎ᠪᠠᠷ᠂ ᠪᠣᠬᠢᠷ ᠤᠰᠤ ᠵᠢ ᠵᠠᠰᠠᠬᠤ ᠦᠢ᠍ᠯᠡᠳᠪᠦᠷᠢ ᠵᠢ ᠰᠠᠶ᠋ᠢᠲᠤᠷ ᠪᠠᠶ᠋ᠢᠭᠤᠯᠵᠤ᠂ ᠨᠢᠭᠡᠨᠲᠡ ᠪᠠᠶ᠋ᠢᠭ᠎ᠠ ᠪᠣᠬᠢᠷ ᠤᠰᠤ ᠵᠢ ᠵᠠᠰᠠᠬᠤ ᠦᠢ᠍ᠯᠡᠳᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠵᠦ᠂ ᠠᠷᠢᠭᠤᠳᠬᠠᠭᠰᠠᠨ ᠤᠰᠤ ᠵᠢ ᠡᠭᠡᠭᠦᠯᠦᠨ ᠬᠡᠷᠡᠭᠯᠡᠬᠦ ᠨᠣᠷᠮ᠎ᠠ ᠵᠢ ᠳᠡᠭᠡᠭᠰᠢᠯᠡᠭᠦᠯᠪᠡ; ᠤᠯᠠᠭ᠋ᠠᠨᠰᠤᠬᠠᠢ ᠵᠢᠨ 4 ᠤᠰᠤ ᠣᠷᠣᠬᠤ ᠠᠮᠠ᠎ᠳᠤ ᠶᠡᠭᠡ ᠪᠠᠭ᠎ᠠ᠎ᠨᠢ ᠠᠳᠠᠯᠢ ᠪᠤᠰᠤ ᠵᠣᠬᠢᠶᠠᠮᠠᠯ ᠨᠤᠭᠤ ᠭᠠᠵᠠᠷ᠎ᠢ ᠪᠠᠶ᠋ᠢᠭᠤᠯᠵᠤ᠂ ᠤᠰᠤᠨ᠎ᠤ ᠴᠢᠨᠠᠷ᠎ᠢ᠎ᠨᠢ ᠠᠶᠠᠨᠳᠠᠭ᠋ᠠᠨ ᠰᠠᠶ᠋ᠢᠵᠢᠷᠠᠭᠤᠯᠤᠭᠰᠠᠨ᠎ᠤ ᠳᠠᠷᠠᠭ᠎ᠠ ᠤᠯᠠᠭ᠋ᠠᠨᠰᠤᠬᠠᠢ᠎ᠳᠤ ᠣᠷᠣᠭᠤᠯᠪᠠ; ᠨᠠᠭᠤᠷ᠎ᠤᠨ ᠣᠷᠣᠨ᠎ᠳᠤ ᠤᠰᠤᠨ ᠵᠠᠮ᠎ᠢ ᠯᠠᠶ᠋ᠢᠳᠠᠬᠤ ᠢᠨᠵᠧᠨᠧᠷᠢᠩ᠎ᠢ ᠥᠷᠨᠢᠭᠦᠯᠵᠦ᠂ ᠬᠤᠯᠤᠰᠤ ᠢᠭᠴᠤ ᠰᠠᠬᠤᠯᠢᠭ ᠭᠠᠵᠠᠷ᠎ᠲᠤ ᠤᠰᠤᠨ ᠵᠠᠮ ᠭᠠᠷᠭ᠋ᠠᠵᠤ᠂ ᠤᠰᠤᠨ᠎ᠤ ᠬᠥᠳᠡᠯᠭᠡᠬᠦ ᠬᠦᠴᠦᠨ᠎ᠢ ᠰᠠᠶ᠋ᠢᠵᠢᠷᠠᠭᠤᠯᠵᠤ᠂ ᠤᠰᠤ ᠵᠢ ᠤᠷᠤᠰᠬᠠᠪᠠ; ᠤᠯᠠᠭ᠋ᠠᠨᠰᠤᠬᠠᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠥᠪ ᠪᠣᠯᠣᠨ ᠳᠤᠮᠳᠠᠳᠤ ᠤᠯᠤᠰ᠎ᠤᠨ ᠣᠷᠴᠢᠨ ᠲᠣᠭᠤᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ ᠬᠠᠮᠲᠤᠷᠠᠨ ᠨᠠᠭᠤᠷ᠎ᠤᠨ ᠢᠷᠤᠭ᠋ᠠᠷ᠎ᠤᠨ ᠨᠦᠯᠦᠮᠡᠯ ᠰᠢᠪᠠᠷ ᠰᠢᠷᠣᠢ ᠵᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠨᠠᠭᠤᠷ᠎ᠤᠨ ᠢᠷᠤᠭ᠋ᠠᠷ᠎ᠤᠨ ᠨᠦᠯᠦᠮᠡᠯ ᠰᠢᠪᠠᠷ ᠰᠢᠷᠣᠢ ᠵᠢ ᠶᠡᠭᠡ ᠬᠡᠪᠴᠢᠶ᠎ᠡ᠎ᠪᠠᠷ ᠴᠡᠪᠡᠷᠯᠡᠵᠡᠢ ᠭᠡᠪᠡ᠃
    ᠠᠮᠢ ᠠᠬᠤᠢ ᠵᠢᠨ ᠰᠠᠶ᠋ᠢᠨ ᠮᠠᠭᠤ ᠵᠢ ᠰᠢᠪᠠᠭᠤ ᠬᠠᠮᠤᠭ᠎ᠠᠴᠠ ᠮᠡᠳᠡᠨ᠎ᠡ᠃ ᠥᠨᠥᠳᠥᠷ᠂ ᠤᠯᠠᠭ᠋ᠠᠨᠰᠤᠬᠠᠢ ᠵᠢᠨ ᠡᠷᠭᠢ᠎ᠪᠠᠷ ᠰᠡᠯᠡᠭᠦᠴᠡᠨ ᠠᠯᠬᠤᠯᠠᠬᠤ᠎ᠳᠤ ᠣᠭᠲᠠᠷᠭᠤᠢ᠎ᠳᠤ ᠰᠢᠪᠠᠭᠤᠳ ᠬᠠᠯᠢᠨ ᠳᠡᠭᠦᠯᠢᠵᠦ᠂ ᠨᠠᠭᠤᠷ ᠳᠡᠭᠡᠷ᠎ᠡ ᠬᠤᠯᠤᠰᠤ ᠬᠥᠬᠡᠷᠡᠨ ᠨᠣᠭᠤᠭ᠋ᠠᠷᠠᠵᠤ᠂ ᠨᠢᠭᠡ ᠦᠶ᠎ᠡ ᠬᠠᠷᠠᠭᠳᠠᠬᠤ᠎ᠪᠠᠨ ᠪᠣᠯᠢᠭᠰᠠᠨ ᠬᠤᠨ ᠭᠠᠯᠠᠭᠤ ᠴᠤ᠌ ᠨᠠᠭᠤᠷ ᠳᠣᠲᠣᠷ᠎ᠠ ᠳᠠᠭᠢᠨ ᠵᠤᠭ᠋ᠠᠴᠠᠵᠤ ᠪᠠᠶ᠋ᠢᠯ᠎ᠠ᠃ ᠣᠳᠣᠬᠠᠨ᠎ᠳᠤ᠂ 260 ᠭᠠᠷᠤᠢ ᠲᠦᠷᠤᠯ᠎ᠤᠨ 600 ᠭᠠᠷᠤᠢ ᠲᠦᠮᠡᠨ ᠰᠢᠪᠠᠭᠤ ᠤᠯᠠᠭ᠋ᠠᠨᠰᠤᠬᠠᠢ ᠨᠠᠭᠤᠷ᠎ᠲᠤ ᠦᠷᠡᠵᠢᠨ ᠨᠤᠲᠤᠭᠰᠢᠵᠤ᠂ ᠤᠯᠠᠭ᠋ᠠᠨᠰᠤᠬᠠᠢ᠎ᠨᠢ ᠨᠡᠭᠦᠳᠡᠯ᠎ᠤᠨ ᠰᠢᠪᠠᠭᠤᠳ᠎ᠤᠨ ᠳ᠋ᠧᠪᠡᠵᠡᠨ ᠣᠷᠣᠨ ᠪᠣᠯᠵᠠᠢ᠃
    ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ ᠤᠯᠠᠭ᠋ᠠᠨᠰᠤᠬᠠᠢ ᠳᠠᠬᠢᠨᠲᠠ ᠭᠡᠷᠡᠯ ᠭᠢᠯᠪᠠᠭ᠎ᠠ᠎ᠪᠠᠨ ᠰᠠᠴᠤᠷᠠᠭᠤᠯᠤᠯ᠎ᠠ᠃
 6382225219379960832833479.jpg  



    ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠵᠤ᠂ ᠦᠷ᠎ᠡ ᠬᠤᠶ᠋ᠢᠴᠢᠰ᠎ᠲᠠᠭᠠᠨ ᠬᠥᠬᠡᠮᠳᠦᠭ ᠨᠣᠭᠤᠭ᠋ᠠᠨ ᠠᠭᠤᠯᠠ ᠤᠰᠤ᠂ ᠰᠢᠨ᠎ᠡ ᠰᠣᠷᠭᠤᠭ ᠠᠭ᠋ᠠᠷ ᠮᠠᠨᠳᠠᠯ᠎ᠲᠠᠢ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠦᠯᠡᠳᠡᠭᠡᠵᠦ ᠥᠭᠭᠦᠨ᠎ᠡ
    ᠤᠯᠠᠭ᠋ᠠᠨᠰᠤᠬᠠᠢ ᠵᠢᠨ ᠦᠵᠡᠮᠵᠢ ᠵᠢᠨ ᠣᠷᠣᠨ᠎ᠳᠤ᠂ 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠥᠨ》 ᠭᠡᠬᠦ ᠤᠷᠢᠶ᠎ᠠ ᠯᠣᠽᠦ᠋ᠩ ᠲᠤᠶ᠋ᠢᠯ᠎ᠤᠨ ᠢᠯᠡ ᠲᠣᠳᠣ ᠬᠠᠷᠠᠭᠳᠠᠨ᠎ᠠ᠃ ᠨᠢᠭᠡ ᠨᠠᠭᠤᠷ᠎ᠢ ᠬᠠᠮᠠᠭ᠋ᠠᠯᠠᠬᠤ᠎ᠠᠴᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠭᠦᠷᠲᠡᠯ᠎ᠡ᠂ ᠤᠯᠠᠭ᠋ᠠᠨᠰᠤᠬᠠᠢ ᠵᠢᠨ ᠶᠡᠷᠦᠩᠬᠡᠢ ᠵᠠᠰᠠᠯᠲᠠ᠎ᠨᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠭᠦᠨᠵᠡᠭᠡᠢ ᠢᠯᠡᠷᠡᠭᠦᠯᠦᠭᠰᠡᠨ ᠪᠥᠭᠡᠳ ᠥᠪᠥᠷ ᠮᠣᠩᠭᠤᠯ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠠᠬᠢᠴᠠ ᠳᠤᠮᠳᠠ ᠠᠯᠬᠤᠭᠰᠠᠨ ᠴᠢᠬᠤᠯᠠ ᠠᠯᠬᠤᠮ ᠪᠣᠯᠣᠨ᠎ᠠ᠃
    《ᠦᠵᠡᠭᠦᠯᠭᠡ ᠵᠢᠨ ᠰᠠᠮᠪᠠᠷ᠎ᠠ ᠵᠢᠨ ᠡᠮᠦᠨ᠎ᠡ᠂ ᠪᠢ ᠶᠡᠷᠦᠩᠬᠡᠢ ᠱᠦᠵᠢ᠎ᠳᠤ ᠤᠯᠠᠭ᠋ᠠᠨᠰᠤᠬᠠᠢ ᠵᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠵᠤ ᠰᠡᠷᠭᠦᠭᠡᠨ ᠵᠠᠰᠠᠬᠤ ᠰᠡᠳᠬᠢᠴᠡ ᠵᠢ ᠬᠠᠷᠢᠭᠤ ᠮᠡᠳᠡᠭᠦᠯᠬᠦ᠎ᠳᠤ᠂ ᠶᠡᠷᠦᠩᠬᠡᠢ ᠱᠦᠵᠢ ᠪᠠᠶᠠᠨᠨᠠᠭᠤᠷ ᠬᠤᠳᠠ ᠵᠢᠨ ᠭᠠᠵᠠᠷ᠎ᠤᠨ ᠪᠠᠶ᠋ᠢᠴᠠ᠂ ᠤᠯᠠᠭ᠋ᠠᠨᠰᠤᠬᠠᠢ ᠵᠢᠨ ᠳᠡᠭᠡᠳᠦ ᠤᠷᠤᠰᠬᠠᠯ᠎ᠤᠨ ᠡᠯᠡᠰᠦ ᠵᠢ ᠬᠡᠷᠬᠢᠨ ᠵᠠᠰᠠᠭᠰᠠᠨ᠎ᠢ ᠪᠠᠭᠲᠠᠭ᠋ᠠᠭᠰᠠᠨ ᠮᠠᠰᠢ ᠤᠯᠠᠨ ᠠᠰᠠᠭᠤᠳᠠᠯ᠎ᠢ ᠨᠠᠷᠢᠨ ᠠᠰᠠᠭᠤᠪᠠ᠂ ᠡᠳᠡᠭᠡᠷ᠎ᠠᠴᠠ ᠶᠡᠷᠦᠩᠬᠡᠢ ᠱᠦᠵᠢ ᠵᠢᠨ ᠤᠯᠠᠭ᠋ᠠᠨᠰᠤᠬᠠᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢ ᠲᠤᠶ᠋ᠢᠯ ᠵᠶ᠋ᠠᠷ ᠬᠠᠯᠠᠮᠵᠢᠯᠠᠵᠤ ᠪᠠᠶ᠋ᠢᠬᠤ ᠵᠢ ᠣᠶ᠋ᠢᠯᠠᠭ᠋ᠠᠵᠤ ᠪᠣᠯᠣᠨ᠎ᠠ》 ᠭᠡᠵᠦ ᠾᠧ ᠸᠧᠢ ᠬᠤᠸᠠ ᠬᠡᠯᠡᠪᠡ᠃
    《ᠲᠠᠷᠠᠭ᠋ᠠᠴᠢ ᠵᠢᠨ ᠠᠯᠬᠤᠮ᠎ᠳᠤ ᠪᠢᠳᠡ ᠦᠷᠭᠦᠯᠵᠢᠯᠡᠨ ᠴᠢᠷᠮᠠᠶ᠋ᠢᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠠᠯᠲᠠ ᠮᠥᠩᠭᠦᠨ ᠠᠭᠤᠯᠠ ᠪᠤᠯᠭ᠋ᠠᠵᠤ᠂ ᠤᠯᠠᠭ᠋ᠠᠨᠰᠤᠬᠠᠢ ᠭᠡᠬᠦ 〈ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ〉᠎ᠢ ᠤᠯᠠᠮ ᠦᠵᠡᠰᠬᠦᠯᠡᠩᠲᠦ ᠰᠠᠶ᠋ᠢᠬᠠᠨ ᠪᠤᠯᠭ᠋ᠠᠬᠤ᠎ᠪᠠᠷ ᠴᠢᠷᠮᠠᠶ᠋ᠢᠨ᠎ᠠ》 ᠭᠡᠵᠦ ᠤᠯᠠᠭ᠋ᠠᠨᠰᠤᠬᠠᠢ᠎ᠳᠤ ᠰᠢᠨᠵᠢᠯᠡᠨ ᠪᠠᠶ᠋ᠢᠴᠠᠭ᠋ᠠᠵᠤ ᠳᠠᠭᠤᠰᠬᠤ᠎ᠳᠤ ᠪᠦᠦ ᠸᠧᠢ ᠶᠡᠷᠦᠩᠬᠡᠢ ᠱᠦᠵᠢ᠎ᠳᠤ ᠣᠪᠣᠷ ᠵᠶ᠋ᠠᠨ ᠢᠯᠡᠳᠬᠡᠪᠡ᠃ ᠦᠵᠡᠰᠬᠦᠯᠡᠩᠲᠦ ᠰᠠᠶ᠋ᠢᠬᠠᠨ ᠵᠢᠷᠤᠭ ᠲᠥᠰᠥᠪ ᠵᠢᠷᠤᠭᠯᠠᠭᠳᠠᠯ᠎ᠠ᠂ ᠪᠢᠳᠡ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ ᠵᠢᠨ ᠬᠤᠭᠤᠴᠠᠭ᠋ᠠᠨ᠎ᠳᠤ ᠡᠯ᠎ᠡ ᠵᠦᠢ᠍ᠯ᠎ᠤᠨ ᠲᠣᠭᠲᠠᠭᠰᠠᠨ ᠬᠠᠷᠠᠯᠲᠠ ᠪᠠ ᠭᠦᠢ᠍ᠴᠡᠳᠬᠡᠯ ᠲᠤᠭ᠎ᠠ ᠵᠢ ᠪᠡᠶᠡᠯᠡᠭᠦᠯᠵᠦ᠂ ᠵᠢᠭ᠋ᠠᠰᠤᠴᠢᠨ᠎ᠤ ᠡᠷᠭᠢ᠎ᠳᠤ ᠭᠠᠷᠬᠤ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ ᠠᠮᠢ ᠠᠬᠤᠢ ᠵᠢᠨ ᠲᠣᠬᠢᠷᠠᠭᠤᠯᠤᠯ ᠡᠵᠡᠮᠳᠡᠯ ᠵᠶ᠋ᠠᠷ ᠳᠠᠮᠵᠢᠭᠤᠯᠤᠨ ᠬᠠᠷᠢᠴᠠᠩᠭᠤᠢ ᠪᠦᠷᠢᠨ ᠪᠦᠲᠦᠨ ᠠᠮᠢᠳᠤ ᠪᠣᠳᠠᠰ᠎ᠤᠨ ᠬᠡᠯᠬᠢᠶ᠎ᠡ ᠵᠢ ᠪᠠᠶ᠋ᠢᠭᠤᠯᠵᠤ᠂ ᠣᠨᠴᠠ ᠲᠥᠷᠥᠯ᠎ᠤᠨ ᠲᠤᠭ᠎ᠠ ᠬᠡᠮᠵᠢᠶᠡᠨ᠎ᠤ ᠵᠢᠭ᠋ᠠᠰᠤ ᠵᠢ ᠬᠠᠨᠳᠤᠯᠭ᠎ᠠ᠎ᠲᠠᠢ᠎ᠪᠠᠷ ᠲᠠᠯᠪᠢᠵᠤ᠂ ᠬᠢᠨᠠᠨ ᠬᠡᠮᠵᠢᠯᠲᠡ ᠬᠢᠵᠦ᠂ ᠵᠢᠭ᠋ᠠᠰᠤ᠂ ᠡᠪᠡᠰᠦ᠂ ᠵᠠᠮᠠᠭ᠎ᠤᠨ ᠬᠠᠷᠢᠴᠠᠩᠭᠤᠢ ᠲᠡᠩᠴᠡᠭᠦᠷᠢ ᠵᠢ ᠪᠡᠶᠡᠯᠡᠭᠦᠯᠵᠦ᠂ ᠬᠤᠶ᠋ᠢᠰᠢᠳᠠ ᠵᠢᠨ ᠤᠯᠠᠭ᠋ᠠᠨᠰᠤᠬᠠᠢ ᠵᠢᠨ ᠣᠷᠳᠣ ᠬᠤᠭᠤᠴᠠᠭ᠋ᠠᠨ᠎ᠤ ᠵᠠᠰᠠᠯᠲᠠ᠎ᠳᠤ ᠰᠠᠭᠤᠷᠢ ᠨᠥᠬᠦᠴᠡᠯ ᠬᠠᠩᠭ᠋ᠠᠨ᠎ᠠ ᠭᠡᠵᠦ ᠪᠤᠤ ᠸᠧᠢ  ᠬᠡᠯᠡᠪᠡ᠃
    ᠶᠡᠷᠦᠩᠬᠡᠢ ᠱᠦᠵᠢ ᠤᠯᠠᠭ᠋ᠠᠨᠰᠤᠬᠠᠢ᠎ᠳᠤ ᠰᠢᠨᠵᠢᠯᠡᠨ ᠪᠠᠶ᠋ᠢᠴᠠᠭ᠋ᠠᠬᠤ᠎ᠪᠠᠷ ᠢᠷᠡᠭᠰᠡᠨ᠎ᠨᠢ ᠲᠤᠬᠠᠢ ᠵᠢᠨ ᠭᠠᠵᠠᠷ᠎ᠤᠨ ᠺᠠᠳ᠋ᠷ ᠤᠯᠠᠨ ᠲᠦᠮᠡᠨ᠎ᠤ ᠤᠷᠮ᠎ᠠ ᠵᠣᠷᠢᠭ᠎ᠢ ᠬᠥᠭᠵᠢᠭᠡᠭᠰᠡᠨ ᠪᠥᠭᠡᠳ ᠨᠡᠩ ᠡᠷᠴᠢ ᠵᠣᠷᠢᠭ᠎ᠢ ᠲᠡᠭᠦᠯᠳᠡᠷᠵᠢᠭᠦᠯᠵᠡᠢ᠃ ᠥᠪᠥᠷ ᠮᠣᠩᠭᠤᠯ᠎ᠤᠨ ᠤᠯᠠᠭ᠋ᠠᠨᠰᠤᠬᠠᠢ ᠠᠵᠤ ᠦᠢ᠍ᠯᠡᠰ᠎ᠤᠨ ᠬᠥᠭᠵᠢᠯᠲᠡ ᠵᠢᠨ ᠬᠢᠵᠠᠭ᠋ᠠᠷᠲᠤ ᠺᠤᠮᠫᠠᠨᠢ ᠵᠢᠨ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠮᠠ ᠬᠠᠢ ᠮᠢᠩ᠄ 《ᠶᠡᠷᠦᠩᠬᠡᠢ ᠱᠦᠵᠢ ᠵᠢᠨ ᠤᠯᠠᠭ᠋ᠠᠨᠰᠤᠬᠠᠢ᠎ᠳᠤ ᠰᠢᠨᠵᠢᠯᠡᠨ ᠪᠠᠶ᠋ᠢᠴᠠᠭ᠋ᠠᠬᠤ᠎ᠪᠠᠷ ᠢᠷᠡᠭᠰᠡᠨ ᠮᠡᠳᠡᠭᠡᠯᠡᠯ᠎ᠢ ᠦᠵᠡᠭᠡᠳ ᠪᠢ ᠲᠤᠶ᠋ᠢᠯ ᠵᠶ᠋ᠠᠷ ᠳᠣᠭᠳᠣᠯᠪᠠ᠃ ᠶᠡᠷᠦᠩᠬᠡᠢ ᠱᠦᠵᠢ᠂ ᠰᠡᠳᠬᠢᠯ ᠲᠠᠯᠪᠢᠨ ᠵᠠᠰᠠᠵᠤ᠂ ᠨᠢᠮᠪᠠᠢ ᠬᠠᠶ᠋ᠢᠷᠠᠯᠠᠨ ᠬᠠᠮᠠᠭ᠋ᠠᠯᠠᠵᠤ᠂ ᠤᠷᠳᠤ ᠬᠤᠭᠤᠴᠠᠭ᠎ᠠ ᠪᠠᠷᠢᠮᠲᠠᠯᠠᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠨ ᠴᠢᠷᠮᠠᠶ᠋ᠢᠵᠤ᠂ ᠡᠨᠡ ᠬᠦ᠌ 〈ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ〉᠎ᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠡᠨᠡ ᠬᠦ᠌ ᠨᠤᠲᠤᠭ ᠳᠡᠪᠢᠰᠬᠡᠷ ᠵᠶ᠋ᠠᠨ ᠨᠠᠩ ᠬᠠᠶ᠋ᠢᠷᠠᠯᠠᠵᠤ᠂ ᠰᠠᠶ᠋ᠢᠲᠤᠷ ᠬᠠᠮᠠᠭ᠋ᠠᠯᠠᠵᠤ᠂ ᠲᠡᠭᠦᠨ᠎ᠢ ᠤᠯᠠᠮ᠎ᠠᠴᠠ ᠤᠯᠠᠮ ᠭᠤᠶᠤ ᠪᠣᠯᠭ᠋ᠠᠨ᠎ᠠ》 ᠭᠡᠵᠦ ᠬᠡᠯᠡᠪᠡ᠃
    

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 8 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠡᠷ᠎ᠲᠤ᠎ᠪᠠᠨ ᠬᠣᠴᠣᠷᠤᠭᠰᠠᠨ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢᠨ ᠡᠬᠢᠯᠡᠯᠳᠡ ᠵᠢᠨ ᠶᠤᠰᠤᠯᠠᠯ᠎ᠢ ᠡᠷᠬᠢᠯᠡᠪᠡ
ᠣᠷᠳᠣᠰ ᠬᠤᠳᠠ ᠵᠢᠨ ᠤᠳᠤᠭ᠎ᠤᠨ ᠡᠮᠦᠨᠡᠲᠦ ᠬᠣᠰᠢᠭᠤ᠄ ᠤᠷᠤᠭ ᠵᠠᠩᠰᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠤᠷᠤᠭ ᠬᠤᠷᠢᠮ᠎ᠤᠨ ᠲᠠᠷᠤᠭ᠋ᠠᠰᠤ ᠵᠢ ᠬᠦᠡᠭᠭᠡᠷᠡᠬᠦᠯᠵᠤ ᠪᠠᠢ᠌ᠨ᠎ᠠ
ᠡᠷᠢᠶᠡᠨ ᠬᠣᠲᠠ᠄ ᠲᠦᠷᠪᠡ ᠵᠢ ᠴᠢᠡᠭᠭ᠋ᠠᠳᠬᠠᠬᠤ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ
ᠤᠯᠠᠭ᠋ᠠᠨᠴᠠᠪ ᠬᠣᠲᠠ᠄ ᠬᠠᠮ ᠠᠷᠭ᠎ᠠ᠎ᠪᠠᠷ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠵᠤ ᠦᠷ᠎ᠡ ᠪᠦᠳᠤᠮᠵᠢ ᠵᠢ ᠲᠡᠭᠡᠭᠰᠢᠯᠡᠬᠦᠯᠬᠦ ᠰᠠᠭᠤᠷᠢ ᠵᠢ ᠲᠠᠯᠪᠢᠵᠤ ᠪᠠᠢ᠌ᠨ᠎ᠠ
 
            