ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠶᠡᠷᠦᠩᠬᠡᠢ ᠱᠦᠵᠢ ᠪᠠᠭ᠋ᠠᠰᠬᠠᠯ ᠬᠡᠪ᠎ᠤᠨ 《ᠪᠣᠷᠣᠳᠣᠬᠤᠢ ᠵᠢᠨ ᠤᠰᠤᠯᠠᠯᠲᠠ ᠵᠢᠨ ᠣᠷᠣᠨ》᠎ᠢ ᠦᠵᠡᠪᠡ — ᠶᠡᠷᠦᠩᠬᠡᠢ ᠱᠦᠵᠢ ᠰᠢ ᠵᠢᠨ ᠫᠢᠩ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠨᠡᠶᠢᠲᠡᠯᠡᠭᠰᠡᠨ ᠴᠠᠭ᠄ 2023-08-09

   ᠰᠢᠨᠵᠢᠯᠡᠨ ᠪᠠᠶ᠋ᠢᠴᠠᠭ᠋ᠠᠭᠰᠠᠨ ᠴᠡᠭ᠄
   ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ   

   ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠨᠢ ᠬᠠᠲᠤᠨ ᠭᠤᠣᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠬᠤᠶ᠋ᠢᠲᠤ ᠡᠷᠭᠢ ᠵᠢᠨ 《ᠶᠡᠭᠡ ᠲᠣᠬᠤᠢ》 ᠳᠡᠭᠡᠷ᠎ᠡ ᠪᠠᠶ᠋ᠢᠷᠢᠯᠠᠵᠤ᠂ ᠪᠦᠭᠦ ᠤᠯᠤᠰ᠎ᠤᠨ ᠭᠤᠷᠪᠠᠨ ᠣᠨᠴᠠ ᠲᠣᠮᠣ ᠭᠡᠯᠪᠡᠷᠢ ᠵᠢᠨ ᠤᠰᠤᠯᠠᠯᠲᠠ ᠵᠢᠨ ᠣᠷᠣᠨ᠎ᠤ ᠨᠢᠭᠡ ᠪᠠᠶ᠋ᠢᠵᠤ᠂ ᠠᠽᠢᠶ᠎ᠠ ᠲᠢᠪ᠎ᠤᠨ ᠬᠠᠮᠤᠭ᠎ᠤᠨ ᠲᠣᠮᠣ ᠥᠪᠡᠰᠦᠪᠡᠨ ᠤᠰᠤ ᠲᠠᠲᠠᠵᠤ ᠤᠰᠤᠯᠠᠬᠤ ᠣᠷᠣᠨ ᠪᠣᠯᠣᠨ᠎ᠠ᠃ ᠣᠲᠣ ᠨᠢᠭᠡᠨᠲᠡ ᠲᠤᠯᠤᠭ᠋ᠠᠨ ᠱᠠᠲᠤᠨ᠎ᠤ ᠤᠰᠤᠯᠠᠬᠤ ᠪᠠ ᠤᠰᠤ ᠵᠠᠯᠠᠬᠤ ᠪᠦᠷᠢᠨ ᠪᠦᠲᠦᠨ ᠰᠢᠰᠲ᠋ᠧᠮ᠎ᠢ ᠪᠦᠷᠢᠯᠳᠦᠭᠦᠯᠵᠦ᠂ ᠬᠠᠲᠤᠨ ᠭᠤᠣᠯ᠎ᠠᠴᠠ ᠤᠰᠤ ᠲᠠᠲᠠᠬᠤ ᠤᠰᠤᠯᠠᠯᠲᠠ ᠵᠢᠨ ᠲᠠᠯᠠᠪᠠᠶ 1154 ᠲᠦᠮᠡᠨ ᠮᠦ᠍ ᠪᠠᠶ᠋ᠢᠨ᠎ᠠ᠃ 2019 ᠣᠨ᠎ᠳᠤ᠂ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ ᠳᠡᠯᠡᠬᠡᠢ ᠵᠢᠨ ᠤᠰᠤᠯᠠᠯᠲᠠ ᠵᠢᠨ ᠢᠨᠵᠧᠨᠧᠷᠢᠩ᠎ᠤᠨ ᠥᠪ᠎ᠤᠨ ᠨᠡᠷᠡᠰ᠎ᠲᠤ ᠵᠢᠭᠰᠠᠭ᠋ᠠᠭᠳᠠᠪᠠ᠃
   ᠪᠠᠶᠠᠨᠨᠠᠭᠤᠷ ᠬᠤᠲᠠ ᠤᠰᠤᠯᠠᠯᠲᠠ ᠵᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠢ ᠪᠠᠶ᠋ᠢᠭᠤᠯᠪᠠ᠃ ᠲᠣᠰ ᠲᠥᠪ᠎ᠨᠢ ᠲᠣᠭ᠋ᠠᠴᠢᠯᠠᠭᠰᠠᠨ ᠬᠡᠷᠡᠮ᠂ ᠲᠣᠮᠣ ᠳ᠋ᠠᠶ᠋ᠢᠲ᠋ᠠ ᠵᠢᠨ ᠲᠥᠪ᠂ ᠲᠣᠭ᠋ᠠᠴᠢᠯᠠᠭᠰᠠᠨ ᠡᠯᠡᠰᠦᠨ ᠴᠠᠷ᠎ᠠ ᠵᠡᠷᠭᠡ ᠳᠤᠨᠤᠭ ᠲᠥᠬᠦᠭᠡᠷᠦᠮᠵᠢ ᠵᠢᠴᠢ ᠲᠣᠬᠢᠷᠠᠭᠤᠯᠤᠨ ᠬᠡᠷᠡᠭᠯᠡᠬᠦ ᠰᠢᠰᠲ᠋ᠧᠮ᠎ᠢ ᠪᠠᠶ᠋ᠢᠭᠤᠯᠵᠤ᠂ ᠤᠰᠤᠯᠠᠯᠲᠠ ᠵᠢᠨ ᠣᠷᠣᠨ᠎ᠤ ᠲᠣᠰ ᠡᠳᠦᠷ᠎ᠤᠨ ᠤᠰᠤᠨ᠎ᠤ ᠪᠠᠶ᠋ᠢᠳᠠᠯ᠎ᠢ ᠮᠡᠳᠡᠭᠡᠯᠡᠬᠦ᠂ ᠲᠤᠭ᠎ᠠ ᠪᠠᠷᠢᠮᠲᠠ ᠰᠣᠯᠢᠯᠴᠠᠬᠤ ᠪᠠ ᠤᠰᠤ ᠬᠡᠷᠡᠭᠯᠡᠬᠦ ᠲᠥᠯᠥᠪᠯᠡᠭᠡ ᠵᠢ ᠳᠠᠮᠵᠢᠭᠤᠯᠬᠤ ᠵᠢ ᠪᠡᠶᠡᠯᠡᠭᠦᠯᠵᠦ᠂ ᠤᠰᠤᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ ᠬᠠᠮᠢᠶᠠᠷᠬᠤ ᠴᠢᠳᠠᠪᠤᠷᠢ ᠵᠢ ᠪᠦᠲᠦᠮᠵᠢᠲᠡᠶ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃
   6 ᠰᠠᠷ᠎ᠠ ᠵᠢᠨ 6᠎ᠤ ᠡᠳᠦᠷ᠂ ᠪᠤᠭᠤᠳᠠᠢ ᠪᠣᠯᠪᠠᠰᠤᠷᠠᠬᠤ ᠴᠠᠭ ᠠᠭᠤᠷ ᠲᠣᠬᠢᠶᠠᠪᠠ᠃ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠥᠩ ᠰᠢᠮᠡᠯᠢᠭ ᠲᠠᠯ᠎ᠠ ᠨᠤᠲᠤᠭ ᠬᠥᠬᠡᠷᠡᠨ ᠨᠣᠭᠤᠭ᠋ᠠᠷᠠᠵᠤ᠂ ᠲᠦᠮᠡᠨ ᠪᠣᠳᠠᠰ ᠲᠥᠯᠵᠢᠨ ᠠᠮᠢᠯᠠᠵᠤ᠂ ᠰᠢᠨ᠎ᠡ ᠡᠯᠪᠡᠭ ᠬᠤᠷᠢᠶᠠᠯᠲᠠ ᠵᠢ ᠪᠤᠢ ᠪᠣᠯᠭ᠋ᠠᠨ᠎ᠠ᠃ ᠬᠥᠨᠳᠡᠯᠡᠨ ᠭᠤᠯᠳᠤ ᠰᠦᠯᠵᠢᠯᠳᠦᠭᠰᠡᠨ ᠤᠰᠤᠯᠠᠯᠲᠠ ᠵᠢᠨ ᠰᠤᠪᠠᠭ᠎ᠨᠢ ᠨᠢᠭᠡᠨ ᠵᠤᠷᠪᠤᠰ ᠠᠯᠲᠠᠨ ᠰᠢᠷᠭ᠋ᠠᠯ ᠲᠣᠷᠭ᠋ᠠᠨ ᠪᠦᠰᠡ ᠮᠡᠲᠦ᠂ ᠬᠠᠲᠤᠨ ᠭᠤᠣᠯ᠎ᠤᠨ ᠤᠰᠤ ᠵᠢ ᠵᠠᠯᠠᠵᠤ ᠪᠣᠷᠣᠳᠣᠬᠤᠢ ᠵᠢᠨ ᠡᠬᠡ ᠭᠠᠵᠠᠷ᠎ᠢ ᠤᠮᠳᠠᠯᠠᠨ᠎ᠠ᠃
   ᠲᠤᠰ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠵᠤ ᠪᠠᠶ᠋ᠢᠭᠰᠠᠨ ᠶᠡᠷᠦᠩᠬᠡᠢ ᠱᠦᠵᠢ ᠰᠢ ᠵᠢᠨ ᠫᠢᠩ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠤ ᠢᠷᠡᠪᠡ᠃ ᠶᠡᠷᠦᠩᠬᠡᠢ ᠱᠦᠵᠢ ᠡᠯᠡᠰᠦᠨ ᠴᠠᠷ᠎ᠠ᠂ ᠳᠡᠯᠭᠡᠴᠡ᠎ᠲᠠᠢ ᠤᠶᠠᠯᠳᠤᠭᠤᠯᠤᠨ᠂ ᠲᠤᠬᠠᠢ ᠵᠢᠨ ᠭᠠᠵᠠᠷ᠎ᠤᠨ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠠᠰᠢᠭᠯᠠᠭᠰᠠᠨ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠭᠰᠡᠨ᠂ ᠤᠰᠤᠨ᠎ᠤ ᠡᠬᠢ ᠪᠠᠶᠠᠯᠢᠭ᠎ᠢ ᠪᠣᠬᠢᠷᠳᠤᠯ ᠦᠭᠡᠢ ᠥᠨᠳᠥᠷ ᠪᠦᠲᠦᠮᠵᠢᠲᠡᠶ ᠠᠰᠢᠭᠯᠠᠬᠤ ᠵᠢ ᠠᠬᠢᠭᠤᠯᠤᠭᠰᠠᠨ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃
  《ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠢᠨᠵᠧᠨᠧᠷᠢᠩ ᠪᠣᠯ ᠮᠢᠩᠭ᠋ᠠᠨ ᠣᠨ᠎ᠤ ᠰᠠᠭᠤᠷᠢ ᠦᠢ᠍ᠯᠡᠰ ᠮᠥᠨ᠂ ᠮᠠᠰᠢ ᠶᠡᠭᠡ ᠬᠦᠴᠦ ᠵᠠᠷᠤᠴᠠᠭᠤᠯᠤᠭᠰᠠᠨ ᠪᠥᠭᠡᠳ ᠮᠠᠰᠢ ᠦᠨ᠎ᠡ ᠥᠷᠲᠡᠭ᠎ᠲᠠᠢ ᠶᠤᠮ᠃ ᠦᠷᠭᠦᠯᠵᠢᠯᠡᠨ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠤᠰᠤ ᠬᠤᠪᠢᠶᠠᠨ ᠲᠣᠬᠢᠷᠠᠭᠤᠯᠬᠤ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠡᠭᠦᠨ᠎ᠤ ᠵᠡᠷᠭᠡ᠎ᠪᠠᠷ ᠣᠷᠣᠯᠭ᠎ᠠ᠎ᠪᠠᠨ ᠦᠨᠳᠦᠰᠦᠯᠡᠨ ᠵᠠᠷᠤᠯᠭ᠎ᠠ᠎ᠪᠠᠨ ᠲᠣᠬᠢᠷᠠᠭᠤᠯᠵᠤ᠂ ᠣᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠨᠡᠶ᠋ᠢᠭᠡᠮ᠎ᠤᠨ ᠬᠦᠴᠦᠨ᠎ᠤ ᠣᠷᠤᠯᠴᠠᠯᠭ᠎ᠠ ᠵᠢ ᠠᠯᠢ ᠴᠢᠳᠠᠬᠤ᠎ᠪᠠᠷ ᠳᠠᠶ᠋ᠢᠴᠢᠯᠠᠬᠤ ᠬᠡᠷᠡᠭᠲᠡᠢ》᠃
  ᠶᠡᠷᠦᠩᠬᠡᠢ ᠱᠦᠵᠢ ᠵᠢᠨ ᠶᠠᠷᠢᠶ᠎ᠠ᠎ᠨᠢ ᠴᠢᠭᠯᠡᠯ᠎ᠢ ᠵᠢᠭ᠋ᠠᠵᠤ᠂ ᠢᠲᠡᠭᠡᠯ ᠵᠣᠷᠢᠭ᠎ᠢ ᠪᠠᠲᠤᠳᠬᠠᠵᠤ᠂ ᠲᠤᠬᠠᠢ ᠵᠢᠨ ᠭᠠᠵᠠᠷ᠎ᠤᠨ ᠺᠠᠳ᠋ᠷ ᠤᠯᠠᠨ ᠲᠦᠮᠡᠨ᠎ᠢ ᠲᠤᠶ᠋ᠢᠯ᠎ᠤᠨ ᠶᠡᠭᠡ᠎ᠪᠠᠷ ᠤᠷᠮᠠᠰᠢᠭᠤᠯᠤᠨ ᠵᠣᠷᠢᠭᠵᠢᠭᠤᠯᠪᠠ᠃

   ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠠᠬᠢ ᠡᠯᠡᠰᠦᠨ ᠴᠠᠷ᠎ᠠ
  《ᠶᠡᠷᠦᠩᠬᠡᠢ ᠱᠦᠵᠢ ᠵᠢᠨ ᠵᠢᠭ᠋ᠠᠪᠤᠷᠢ᠎ᠳᠠᠬᠢ 〈ᠬᠠᠳᠤᠨ ᠭᠤᠣᠯ᠎ᠢ ᠠᠷᠠᠳ ᠲᠦᠮᠡᠨ᠎ᠳᠤ ᠪᠤᠶᠠᠨ ᠦᠢ᠍ᠯᠡᠳᠬᠦ ᠵᠢᠷᠭ᠋ᠠᠯ᠎ᠤᠨ ᠭᠤᠣᠯ ᠪᠤᠯᠭ᠋ᠠᠬᠤ〉 ᠵᠢ ᠪᠣᠷᠣᠳᠣᠬᠤᠢ ᠣᠷᠣᠨ᠎ᠤ ᠠᠮᠢᠳᠤᠯᠢᠭ ᠦᠢ᠍ᠯᠡᠳᠦᠯᠭᠡ ᠪᠣᠯᠭ᠋ᠠᠨ᠎ᠠ》
  《ᠥᠨᠥᠳᠥᠷ ᠶᠡᠷᠦᠩᠬᠡᠢ ᠱᠦᠵᠢ᠎ᠳᠤ ᠠᠵᠢᠯ ᠵᠶ᠋ᠠᠨ ᠬᠠᠷᠢᠭᠤ ᠮᠡᠳᠡᠭᠦᠯᠬᠦ ᠲᠣᠭᠢᠶᠠᠯ ᠣᠯᠣᠭᠰᠠᠨ᠎ᠳᠠᠭᠠᠨ ᠮᠠᠰᠢ ᠪᠠᠶᠠᠷ᠎ᠲᠠᠢ ᠪᠠᠶ᠋ᠢᠨ᠎ᠠ᠂ ᠡᠨᠡ ᠪᠣᠯ ᠮᠢᠨᠤ ᠨᠢᠭᠡ ᠨᠠᠰᠤᠨ᠎ᠤ ᠬᠠᠮᠤᠭ᠎ᠤᠨ ᠠᠵᠠ᠎ᠲᠠᠢ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠡᠶᠡᠯᠰᠡᠭ ᠳᠣᠲᠣᠨᠣ᠂ ᠳᠣᠲᠣᠨᠣ ᠬᠦᠨᠳᠦᠳᠬᠡᠭᠦᠰᠢᠲᠡᠢ ᠶᠤᠮ》᠃
  6 ᠰᠠᠷ᠎ᠠ ᠵᠢᠨ 6᠎ᠤ ᠡᠳᠦᠷ᠎ᠤᠨ ᠦᠳᠡ ᠵᠢᠨ ᠬᠤᠶ᠋ᠢᠨ᠎ᠠ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠤᠨ ᠡᠯᠡᠰᠦᠨ ᠴᠠᠷ᠎ᠠ ᠵᠢᠨ ᠡᠮᠦᠨ᠎ᠡ ᠵᠣᠭᠰᠣᠵᠤ᠂ ᠬᠡᠳᠦᠨ ᠴᠠᠭ᠎ᠤᠨ ᠡᠮᠦᠨ᠎ᠡ ᠠᠳᠡ ᠶᠡᠷᠦᠩᠬᠡᠢ ᠱᠦᠵᠢ᠎ᠲᠠᠢ ᠨᠢᠭᠤᠷᠳᠠᠨ ᠶᠠᠷᠢᠯᠴᠠᠭᠰᠠᠨ ᠪᠠᠶ᠋ᠢᠳᠠᠯ ᠵᠶ᠋ᠠᠨ ᠡᠷᠭᠢᠴᠡᠭᠦᠯᠬᠦ᠎ᠳᠤ᠂ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠡᠷᠭᠢᠯᠡᠭᠴᠢ ᠵᠠᠩ ᠭᠤᠸᠠᠩ ᠮᠢᠩ ᠳᠣᠬᠳᠣᠯᠤᠬᠰᠠᠨ ᠰᠡᠳᠬᠢᠯᠭᠡ᠎ᠪᠠᠨ ᠳᠠᠷᠤᠵᠤ ᠶᠠᠳᠠᠨ ᠪᠠᠶ᠋ᠢᠯ᠎ᠠ᠃
   ᠪᠣᠷᠣᠳᠣᠬᠤᠢ ᠵᠢᠨ ᠤᠰᠤᠯᠠᠯᠲᠠ ᠵᠢᠨ ᠣᠷᠣᠨ ᠪᠣᠯ ᠮᠠᠨ᠎ᠤ ᠤᠯᠤᠰ᠎ᠤᠨ 3 ᠣᠨᠴᠠ ᠲᠣᠮᠣ ᠭᠡᠯᠪᠡᠷᠢ ᠵᠢᠨ ᠤᠰᠤᠯᠠᠯᠲᠠ ᠵᠢᠨ ᠣᠷᠣᠨ᠎ᠤ ᠨᠢᠭᠡ ᠪᠤᠯᠬᠤ ᠪᠥᠭᠡᠳ ᠪᠠᠰᠠ ᠴᠤ᠌ ᠮᠠᠨ᠎ᠤ ᠤᠯᠤᠰ᠎ᠤᠨ ᠠᠮᠤ ᠲᠣᠰᠣ ᠦᠢ᠍ᠯᠡᠳᠪᠦᠷᠢᠯᠡᠬᠦ ᠴᠢᠬᠤᠯᠠ ᠰᠠᠭᠤᠷᠢᠨ ᠪᠣᠯᠣᠨ᠎ᠠ᠂ ᠣᠲᠣ ᠨᠢᠭᠡᠨᠲᠡ ᠪᠦᠷᠢᠨ ᠪᠦᠲᠦᠨ 7 ᠲᠠᠰ᠎ᠤᠨ ᠤᠰᠤᠯᠠᠬᠤ ᠪᠠ ᠤᠰᠤ ᠵᠠᠯᠠᠬᠤ ᠰᠢᠰᠲ᠋ᠧᠮ᠎ᠢ ᠪᠦᠷᠢᠯᠳᠦᠭᠦᠯᠵᠦ᠂ ᠬᠠᠲᠤᠨ ᠭᠤᠣᠯ᠎ᠤᠨ ᠤᠰᠤ ᠵᠢ ᠲᠠᠲᠠᠵᠤ ᠤᠰᠤᠯᠠᠬᠤ ᠲᠠᠯᠠᠪᠠᠶ 1000 ᠭᠠᠷᠤᠢ ᠲᠦᠮᠡᠨ ᠮᠦ᠍᠎ᠳᠤ ᠬᠦᠷᠴᠡᠢ᠃ 160 ᠲᠡᠭᠰᠢ ᠳᠥᠷᠪᠡᠯᠵᠢᠨ ᠮᠧᠳ᠋ᠷ᠎ᠤᠨ ᠪᠣᠳᠠᠲᠤ ᠴᠣᠭᠴᠠ ᠵᠢᠨ ᠲᠤᠬᠠᠢ ᠵᠢᠨ ᠴᠠᠭ᠎ᠤᠨ ᠲᠣᠭ᠋ᠠᠴᠢᠯᠠᠭᠰᠠᠨ ᠡᠯᠡᠰᠦᠨ ᠴᠠᠷ᠎ᠠ ᠪᠣᠯ ᠪᠠᠭ᠋ᠠᠰᠬᠠᠯ ᠬᠡᠪ᠎ᠤᠨ 《ᠪᠣᠷᠣᠳᠣᠬᠤᠢ ᠵᠢᠨ ᠤᠰᠤᠯᠠᠯᠲᠠ ᠵᠢᠨ ᠣᠷᠣᠨ》 ᠪᠠᠶ᠋ᠢᠵᠤ᠂ ᠪᠦᠬᠦᠶ᠋ᠢᠯᠡ ᠤᠰᠤᠯᠠᠯᠲᠠ ᠵᠢᠨ ᠣᠷᠣᠨ᠎ᠤ ᠤᠰᠤᠯᠠᠬᠤ ᠪᠠ ᠤᠰᠤ ᠵᠠᠯᠠᠬᠤ ᠰᠢᠰᠲ᠋ᠧᠮ᠎ᠢ ᠲᠣᠳᠣᠷᠬᠠᠢ ᠣᠯᠵᠤ ᠬᠠᠷᠠᠨ᠎ᠠ᠃
   《ᠪᠢ ᠶᠡᠷᠦᠩᠬᠡᠢ ᠱᠦᠵᠢ᠎ᠳᠤ ᠤᠷᠢᠳ ᠵᠶ᠋ᠠᠷ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠢᠨᠵᠧᠨᠧᠷᠢᠩ᠎ᠢ ᠲᠠᠨᠢᠯᠴᠠᠭᠤᠯᠵᠤ᠂ ᠲᠠᠷᠠᠭ᠎ᠠ᠎ᠨᠢ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠲᠡᠦᠬᠡ ᠵᠢᠨ ᠤᠭ ᠰᠤᠷᠪᠤᠯᠵᠢ᠂ ᠭᠠᠵᠠᠷ ᠵᠦᠢ ᠵᠢᠨ ᠣᠷᠣᠨ ᠪᠠᠶ᠋ᠢᠷᠢ᠂ ᠤᠰᠤᠯᠠᠯᠲᠠ ᠪᠣᠯᠣᠨ ᠤᠰᠤ ᠵᠠᠯᠠᠬᠤ ᠪᠠᠶ᠋ᠢᠳᠠᠯ᠂ ᠤᠰᠤ ᠲᠡᠯᠪᠢᠬᠤ ᠪᠠᠶ᠋ᠢᠳᠠᠯ᠂ ᠪᠦᠬᠦᠶ᠋ᠢᠯᠡ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠲᠣᠭ᠋ᠠᠴᠢᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠦᠨᠳᠦᠰᠦᠨ ᠪᠠᠶ᠋ᠢᠳᠠᠯ ᠵᠡᠷᠭᠡ ᠵᠢ ᠲᠠᠨᠢᠯᠴᠠᠭᠤᠯᠪᠠ᠃
   ᠪᠣᠷᠣᠳᠣᠬᠤᠢ ᠵᠢᠨ ᠤᠰᠤᠯᠠᠯᠲᠠ ᠵᠢᠨ ᠣᠷᠣᠨ ᠦᠶ᠎ᠡ ᠦᠶ᠎ᠡ ᠵᠢᠨ ᠬᠥᠮᠥᠰ᠎ᠤᠨ ᠪᠤᠤᠬᠢᠶ᠎ᠠ ᠲᠡᠮᠡᠴᠡᠯ ᠵᠶ᠋ᠠᠷ ᠳᠠᠮᠵᠢᠨ᠂ ᠥᠨᠥᠳᠥᠷ ᠪᠤᠯᠲᠠᠯ᠎ᠠ ᠬᠥᠭᠵᠢᠭᠡᠳ ᠨᠢᠭᠡᠨ ᠶᠡᠷᠦ ᠪᠤᠰᠤ ᠵᠢᠨ ᠤᠰᠤᠯᠠᠯᠲᠠ ᠵᠢᠨ ᠢᠨᠵᠧᠨᠧᠷᠢᠩ ᠪᠣᠯᠤᠭᠰᠠᠨ᠎ᠢ ᠰᠣᠨᠣᠰᠤᠭ᠋ᠠᠳ᠂ ᠶᠡᠷᠦᠩᠬᠡᠢ ᠱᠦᠵᠢ ᠮᠠᠰᠢ ᠪᠠᠶᠠᠷᠯᠠᠪᠠ》 ᠭᠡᠵᠦ ᠵᠠᠩ ᠭᠤᠸᠠᠩ ᠮᠢᠩ ᠬᠡᠯᠡᠪᠡ᠃ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠬᠠᠲᠤᠨ ᠭᠤᠣᠯ᠎ᠤᠨ ᠤᠰᠤ ᠵᠢ ᠲᠠᠳᠠᠨ ᠤᠰᠤᠯᠠᠬᠤ᠎ᠨᠢ ᠴᠢᠨ ᠤᠯᠤᠰ ᠬᠠᠨ ᠤᠯᠤᠰ᠎ᠠᠴᠠ ᠡᠬᠢᠯᠡᠵᠦ᠂ ᠨᠢᠭᠡᠨᠲᠡ ᠬᠤᠶᠠᠷ ᠮᠢᠩᠭ᠎ᠠ ᠭᠠᠷᠤᠢ ᠵᠢᠯ᠎ᠤᠨ ᠲᠡᠦᠬᠡ᠎ᠲᠠᠢ ᠪᠣᠯᠵᠠᠢ᠃ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠨᠢ ᠰᠠᠨ ᠱᠧᠩ ᠭᠦᠩ ᠤᠰᠤ ᠲᠠᠲᠠᠬᠤ ᠬᠦᠢ᠍ᠰᠦ ᠪᠠᠷᠢᠯᠭ᠎ᠠ᠎ᠪᠠᠷ ᠬᠠᠳᠤᠨ ᠭᠤᠣᠯ᠎ᠠᠴᠠ ᠤᠰᠤ ᠲᠠᠲᠠᠵᠤ᠂ ᠤᠰᠤᠯᠠᠬᠤ ᠵᠠᠯᠠᠬᠤ ᠵᠢ ᠲᠥᠭᠦᠷᠵᠢᠭᠦᠯᠭᠦ ᠵᠢ ᠪᠦᠷᠢᠮᠦᠰᠦᠨ ᠪᠡᠶᠡᠯᠡᠭᠦᠯᠪᠡ᠃
  ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ᠂ ᠤᠰᠤ ᠲᠠᠲᠠᠬᠤ ᠢᠨᠵᠧᠨᠧᠷᠢᠩ᠂ ᠤᠰᠤ ᠲᠠᠲᠠᠷᠠᠭᠤᠯᠬᠤ ᠢᠨᠵᠧᠨᠧᠷᠢᠩ᠂ ᠤᠰᠤᠯᠠᠬᠤ ᠪᠠ ᠤᠰᠤ ᠲᠠᠲᠠᠷᠠᠭᠤᠯᠬᠤ ᠵᠢ ᠢᠵᠢ ᠪᠦᠷᠢᠳᠦᠭᠦᠯᠬᠦ᠂ ᠤᠰᠤ ᠠᠷᠪᠢᠯᠠᠬᠤ ᠥᠭᠡᠷᠡᠴᠢᠯᠡᠯᠲᠡ ᠵᠡᠷᠭᠡ 4 ᠤᠳᠠᠭ᠋ᠠᠨ᠎ᠤ ᠶᠡᠭᠡ ᠬᠡᠪᠴᠢᠶᠡᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠪᠠᠷ ᠳᠠᠮᠵᠢᠨ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠨᠢ ᠬᠠᠰᠢᠯᠭ᠎ᠠ ᠦᠭᠡᠢ᠎ᠪᠠᠷ ᠤᠰᠤ ᠲᠠᠲᠠᠬᠤ᠎ᠠᠴᠠ ᠬᠠᠰᠢᠯᠭ᠎ᠠ᠎ᠲᠠᠢ ᠤᠰᠤ ᠲᠠᠲᠠᠬᠤ ᠭᠦᠷᠲᠡᠯ᠎ᠡ᠂ ᠤᠰᠤᠯᠠᠯᠲᠠ ᠪᠠᠶ᠋ᠢᠭ᠋ᠠᠳ ᠤᠰᠤ ᠲᠠᠳᠠᠭᠤᠷᠠᠭᠤᠯᠤᠯᠳᠠ ᠦᠭᠡᠢ ᠪᠠᠶ᠋ᠢᠭᠰᠠᠨ᠎ᠠᠴᠠ᠎ᠪᠠᠨ ᠤᠰᠤᠯᠠᠬᠤ ᠪᠠ ᠤᠰᠤ ᠲᠠᠲᠠᠷᠠᠭᠤᠯᠬᠤ ᠵᠢ ᠢᠵᠢ ᠪᠦᠷᠢᠳᠦᠭᠦᠯᠬᠦ ᠭᠦᠷᠲᠡᠯ᠎ᠡ᠂ ᠪᠦᠳᠦᠭᠦᠯᠢᠭ ᠤᠰᠤᠯᠠᠯᠲᠠ᠎ᠠᠴᠠ ᠤᠰᠤ ᠠᠷᠪᠢᠯᠠᠬᠤ ᠪᠦᠲᠦᠭᠡᠨ ᠪᠠᠶ᠋ᠢᠭᠤᠯᠤᠯᠲᠠ ᠬᠦᠷᠲᠡᠯᠡᠬᠢ ᠭᠤᠷᠪᠠᠨ ᠶᠡᠭᠡ ᠲᠡᠦᠬᠡᠨ ᠳᠠᠪᠠᠯᠲᠠ ᠵᠢ ᠪᠡᠶᠡᠯᠡᠭᠦᠯᠪᠡ᠃ ᠤᠰᠤᠯᠠᠯᠲᠠ ᠵᠢᠨ ᠲᠤᠯᠭ᠋ᠠᠭᠤᠷᠢᠯᠠᠯ ᠳᠣᠣᠷᠠᠬᠢ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠳᠤ᠂ ᠣᠶ᠋ᠢᠷ᠎ᠠ ᠵᠢᠨ ᠵᠢᠯ᠎ᠤᠳ᠎ᠲᠤ ᠵᠢᠯ ᠳᠤᠮᠳᠠᠴᠢ ᠵᠢᠨ ᠠᠮᠤ ᠪᠤᠳᠠᠭ᠋ᠠᠨ᠎ᠤ ᠶᠡᠷᠦᠩᠬᠡᠢ ᠤᠨᠠᠯᠲᠠ 60 ᠳ᠋ᠦᠩᠰᠢᠭᠤᠷ ᠵᠢᠩ᠎ᠠᠴᠠ ᠳᠡᠭᠡᠭᠰᠢ᠎ᠳᠤ ᠬᠦᠷᠴᠦ᠂ ᠨᠡᠷ᠎ᠡ ᠨᠢᠳᠡᠷ᠎ᠲᠡᠭᠡᠨ ᠨᠡᠶ᠋ᠢᠴᠡᠭᠰᠡᠨ 《ᠪᠣᠭᠤᠮᠲᠠ ᠵᠢᠨ ᠭᠠᠳᠠᠨᠠᠬᠢ ᠠᠮᠤ ᠵᠢᠨ ᠰᠠᠩ》 ᠪᠣᠯᠪᠠ᠃
  《ᠶᠡᠷᠦᠩᠬᠡᠢ ᠱᠦᠵᠢ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠲᠤᠶ᠋ᠢᠯ ᠵᠶ᠋ᠠᠷ ᠬᠠᠯᠠᠮᠵᠢᠯᠠᠵᠤ ᠪᠠᠶ᠋ᠢᠯ᠎ᠠ᠃ ᠲᠠᠷᠠᠭ᠋ᠠᠴᠢ᠎ᠪᠠᠷ ᠪᠢᠳᠡ ᠮᠡᠳᠡᠭᠡ ᠵᠠᠩᠭᠢᠵᠢᠯᠲᠠ ᠵᠢᠴᠢ ᠲᠣᠭ᠋ᠠᠴᠢᠯᠠᠯᠳᠠ ᠵᠢ ᠴᠤᠭ ᠪᠡᠶᠡᠯᠡᠭᠦᠯᠦᠭᠰᠡᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠶᠡᠷᠦᠩᠬᠡᠢ ᠱᠦᠵᠢ ᠵᠢᠨ 〈ᠬᠠᠳᠤᠨ ᠭᠤᠣᠯ᠎ᠢ ᠠᠷᠠᠳ ᠲᠦᠮᠡᠨ᠎ᠳᠤ ᠪᠤᠶᠠᠨ ᠦᠢ᠍ᠯᠡᠳᠬᠦ ᠵᠢᠷᠭ᠋ᠠᠯ᠎ᠤᠨ ᠭᠤᠣᠯ ᠪᠤᠯᠭ᠋ᠠᠬᠤ ᠬᠡᠷᠡᠭᠲᠡᠢ〉 ᠭᠡᠰᠡᠨ ᠵᠢᠭ᠋ᠠᠪᠤᠷᠢ ᠵᠢ ᠪᠣᠷᠣᠳᠣᠬᠤᠢ ᠣᠷᠣᠨ᠎ᠤ ᠠᠮᠢᠳᠤᠯᠢᠭ ᠦᠢ᠍ᠯᠡᠳᠦᠯᠭᠡ ᠪᠣᠯᠭ᠋ᠠᠨ᠎ᠠ》 ᠭᠡᠵᠦ ᠵᠠᠩ ᠭᠤᠸᠠᠩ ᠮᠢᠩ ᠢᠯᠡᠳᠬᠡᠪᠡ᠃
   《ᠮᠠᠨᠤᠰ᠎ᠤᠨ ᠥᠩᠭᠡᠷᠡᠭᠰᠡᠨ᠎ᠤ ᠴᠢᠷᠮᠠᠶ᠋ᠢᠭᠰᠠᠨ ᠴᠢᠭᠯᠡᠯ ᠵᠥᠪ ᠦᠷ᠎ᠡ ᠪᠦᠲᠦᠮᠵᠢ ᠰᠠᠶ᠋ᠢᠨ ᠭᠡᠳᠡᠭ᠎ᠢ ᠪᠢ ᠰᠡᠷᠡᠵᠦ ᠮᠡᠳᠡᠪᠡ》  
   ᠡᠯᠡᠰᠦᠨ ᠴᠠᠷ᠎ᠠ ᠵᠢᠨ ᠳᠡᠷᠭᠡᠳᠡᠬᠢ᠂ 50 ᠮᠧᠳ᠋ᠷ ᠤᠷᠳᠤ ᠲᠣᠭ᠋ᠠᠴᠢᠯᠠᠭᠰᠠᠨ ᠬᠡᠷᠡᠮ ᠳᠡᠭᠡᠷ᠎ᠡ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠴᠠᠭ ᠲᠤᠬᠠᠢ ᠎ᠳᠤᠨᠢ ᠬᠢᠨᠠᠨ ᠡᠵᠡᠮᠳᠡᠬᠦ ᠸᠢᠳᠢᠤ᠋᠂ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ ᠪᠦᠷᠢᠳᠬᠡᠨ ᠵᠠᠳᠠᠯᠤᠭᠰᠠᠨ ᠲᠤᠭ᠎ᠠ ᠪᠠᠷᠢᠮᠲᠠ ᠵᠡᠷᠭᠡ ᠢᠯᠡᠷᠡᠵᠦ ᠪᠠᠶ᠋ᠢᠯ᠎ᠠ᠃ ᠡᠯᠡᠰᠦᠨ ᠴᠠᠷ᠎ᠠ ᠪᠠ ᠲᠣᠭ᠋ᠠᠴᠢᠯᠠᠭᠰᠠᠨ ᠬᠡᠷᠡᠮ ᠳᠡᠭᠡᠷᠡᠬᠢ ᠪᠦᠭᠦ ᠤᠰᠤᠯᠠᠯᠲᠠ ᠵᠢᠨ ᠣᠷᠣᠨ᠎ᠤ ᠬᠦᠢ᠍ᠰᠦ ᠪᠠᠷᠢᠯᠭ᠎ᠠ ᠵᠢᠨ ᠲᠤᠬᠠᠢ ᠵᠢᠨ ᠴᠠᠭ᠎ᠤᠨ ᠲᠤᠭ᠎ᠠ ᠪᠠᠷᠢᠮᠲᠠ ᠵᠢ ᠨᠡᠶ᠋ᠢᠳᠬᠡᠵᠦ᠂ ᠤᠰᠤᠯᠠᠯᠲᠠ ᠵᠢᠨ ᠣᠷᠣᠨ᠎ᠤ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ ᠬᠥᠮᠥᠨ᠎ᠤ ᠬᠦᠴᠦ᠎ᠪᠠᠷ ᠳᠠᠮᠵᠢᠭᠤᠯᠤᠨ ᠲᠡᠮᠳᠡᠭᠯᠡᠬᠦ᠎ᠳᠤ ᠪᠦᠷᠢᠮᠦᠰᠦᠨ ᠲᠦᠰᠢᠭᠯᠡᠵᠦ ᠪᠠᠶ᠋ᠢᠭᠰᠠᠨ ᠲᠡᠦᠬᠡ ᠵᠢ ᠡᠴᠦᠰᠯᠡᠭᠦᠯᠵᠦ᠂ ᠬᠤᠯᠪᠣᠭ᠋ᠠᠯᠠᠬᠤ᠂ ᠲᠤᠬᠠᠢ ᠵᠢᠨ ᠴᠠᠭ᠎ᠲᠤᠨᠢ ᠣᠨᠣᠪᠴᠢᠲᠠᠶ ᠬᠢᠨᠠᠨ ᠰᠢᠨᠵᠢᠵᠦ ᠲᠣᠬᠢᠷᠠᠭᠤᠯᠬᠤ ᠵᠢ ᠪᠡᠶᠡᠯᠡᠭᠦᠯᠪᠡ᠃
   《ᠡᠯᠡᠰᠦᠨ ᠴᠠᠷ᠎ᠠ ᠵᠢ ᠦᠵᠡᠵᠦ ᠪᠠᠷᠠᠭᠰᠠᠨ᠎ᠤ ᠳᠠᠷᠠᠭ᠎ᠠ᠂ ᠶᠡᠷᠦᠩᠬᠡᠢ ᠱᠦᠵᠢ ᠪᠢᠳᠡᠨ᠎ᠤ ᠵᠦᠭ ᠠᠯᠬᠤᠨ ᠢᠷᠡᠪᠠ᠂ ᠪᠢ ᠲᠤᠬᠠᠢ ᠵᠢᠨ ᠲᠠᠯᠠᠪᠠᠶ᠎ᠳᠤ ᠠᠵᠢᠯᠯᠠᠵᠤ ᠪᠠᠶ᠋ᠢᠭᠰᠠᠨ ᠠᠷᠪᠠᠨ ᠬᠡᠳᠦᠨ ᠬᠠᠮᠲᠤ ᠠᠵᠢᠯᠲᠠᠨ᠎ᠲᠠᠢ᠎ᠪᠠᠨ ᠣᠷᠣᠨ᠎ᠳᠠᠭᠠᠨ ᠪᠣᠰᠴᠤ ᠵᠣᠭᠰᠣᠨ ᠠᠯᠠᠭ᠎ᠠ ᠲᠠᠰᠢᠵᠤ᠂ ᠶᠡᠷᠦᠩᠬᠡᠢ ᠱᠦᠵᠢ ᠪᠢᠳᠡᠨ᠎ᠤ ᠵᠦᠭ ᠭᠠᠷ ᠳᠠᠯᠠᠯᠤᠨ ᠮᠡᠨᠳᠦᠴᠢᠯᠡᠪᠡ᠃ ᠪᠢᠳᠡᠨ᠎ᠤ ᠲᠣᠭ᠋ᠠᠴᠢᠯᠠᠭᠰᠠᠨ ᠬᠡᠷᠡᠮ᠎ᠤᠨ ᠰᠢᠰᠲ᠋ᠧᠮ᠎ᠢ ᠬᠡᠷᠡᠭᠵᠢᠭᠦᠯᠵᠦ ᠪᠠᠶ᠋ᠢᠬᠤ ᠵᠢ ᠦᠵᠡᠭᠡᠳ᠂ ᠲᠡᠷᠡ ᠢᠷᠡᠵᠦ ᠦᠵᠡᠪᠡ᠃ ᠲᠤᠬᠠᠢ ᠵᠢᠨ ᠦᠶ᠎ᠡ᠎ᠳᠤ ᠮᠢᠨᠤ ᠰᠡᠳᠬᠢᠯ ᠮᠠᠰᠢ ᠳᠣᠭᠳᠣᠯᠵᠤ ᠪᠠᠶ᠋ᠢᠭᠰᠠᠨ᠂ ᠤᠳᠤ ᠴᠤ᠌ ᠭᠡᠰᠡᠨ ᠰᠡᠳᠬᠢᠯ ᠳᠣᠭᠳᠣᠯᠵᠤ ᠪᠠᠶ᠋ᠢᠨ᠎ᠠ》 ᠭᠡᠵᠦ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠮᠡᠳᠡᠭᠡ ᠵᠠᠩᠭᠢᠵᠢᠯᠲᠠ ᠵᠢᠨ ᠰᠠᠯᠠᠭ᠋ᠠᠨ᠎ᠤ ᠳᠠᠷᠤᠭ᠎ᠠ ᠵᠢᠶᠠᠩ ᠵᠢᠶᠧ ᠬᠡᠯᠡᠪᠡ᠃
   ᠵᠢᠶᠠᠩ ᠵᠢᠶᠧ ᠪᠣᠯ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯ ᠣᠷᠣᠯᠴᠠᠭᠴᠢ ᠮᠥᠨ᠂ 2005 ᠣᠨ᠎ᠳᠤ ᠶᠡᠭᠡ ᠰᠤᠷᠭ᠋ᠠᠭᠤᠯᠢ᠎ᠪᠠᠨ ᠲᠡᠭᠦᠰᠬᠡᠭᠰᠡᠨ᠎ᠠᠴᠠ ᠣᠲᠣ ᠪᠤᠯᠲᠠᠯ᠎ᠠ ᠲᠡᠷᠡ ᠨᠢᠭᠡᠨᠲᠡ ᠡᠨᠡ ᠠᠵᠢᠯ᠎ᠢ 18 ᠵᠢᠯ ᠬᠢᠭᠰᠡᠨ ᠪᠠᠶ᠋ᠢᠨ᠎ᠠ᠃  《ᠶᠡᠷᠦᠩᠬᠡᠢ ᠱᠦᠵᠢ ᠵᠢᠨ ᠬᠦᠷᠴᠦ ᠢᠷᠡᠭᠰᠡᠨ᠎ᠨᠢ ᠪᠢᠳᠡᠨ᠎ᠳᠤ ᠲᠤᠶ᠋ᠢᠯ᠎ᠤᠨ ᠶᠡᠭᠡ ᠵᠣᠷᠢᠭᠵᠢᠭᠤᠯᠤᠯ ᠪᠣᠯᠵᠠᠢ᠃ ᠪᠢᠳᠡᠨ᠎ᠤ ᠤᠷᠢᠳᠤ ᠵᠢᠨ ᠬᠢᠭᠰᠡᠨ ᠠᠵᠢᠯ᠎ᠤᠨ ᠴᠢᠷᠮᠠᠶ᠋ᠢᠭᠰᠠᠨ ᠴᠢᠭᠯᠡᠯ ᠎ᠨᠢ ᠵᠥᠪ᠂ ᠦᠷ᠎ᠡ ᠳ᠋ᠦᠩ᠎ᠨᠢ ᠰᠠᠶ᠋ᠢᠨ ᠭᠡᠳᠡᠭ᠎ᠢ ᠪᠢ ᠤᠯᠠᠮ ᠭᠦᠨᠵᠡᠭᠡᠢ ᠮᠡᠳᠡᠷᠡᠪᠡ᠃ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠎ᠠ ᠪᠣᠯ ᠤᠰᠤᠯᠠᠯᠲᠠ ᠵᠢᠨ ᠲᠠᠷᠢᠶᠠᠯᠠᠩ᠎ᠳᠤ ᠦᠢ᠍ᠯᠡᠴᠢᠯᠡᠬᠦ ᠶᠠᠪᠤᠳᠠᠯ ᠪᠣᠯᠣᠨ᠎ᠠ᠃ ᠪᠢ ᠡᠨᠡ ᠬᠦ᠌ ᠦᠢ᠍ᠯᠡᠰ᠎ᠢ ᠨᠠᠩ ᠬᠠᠶ᠋ᠢᠷᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠢ ᠣᠳᠣᠬᠢᠴᠢᠯᠠᠭᠰᠠᠨ ᠤᠰᠤᠯᠠᠯᠲᠠ ᠵᠢᠨ ᠣᠷᠣᠨ ᠪᠣᠯᠭ᠋ᠠᠨ ᠪᠦᠲᠦᠭᠡᠨ ᠪᠠᠶ᠋ᠢᠭᠤᠯᠬᠤ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ ᠵᠢᠶᠠᠩ ᠵᠢᠶᠧ ᠢᠯᠡᠳᠬᠡᠪᠡ᠃
  ᠵᠢᠶᠠᠩ ᠵᠢᠶᠧ᠎ᠲᠠᠢ ᠠᠳᠠᠯᠢ᠎ᠪᠠᠷ᠂ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠮᠡᠳᠡᠭᠡ ᠵᠠᠩᠭᠢᠵᠢᠯᠲᠠ ᠵᠢᠨ ᠰᠠᠯᠠᠭ᠋ᠠᠨ᠎ᠤ ᠠᠵᠢᠯᠲᠠᠨ ᠯᠢ ᠵᠠᠨ ᠴᠢᠶᠠᠩ ᠴᠤ᠌ ᠲᠤᠬᠠᠢ ᠵᠢᠨ ᠲᠠᠯᠠᠪᠠᠶ᠎ᠳᠤ ᠡᠨᠡ ᠬᠦ᠌ ᠳᠣᠬᠳᠣᠯᠤᠬᠰᠠᠨ ᠴᠠᠭ ᠮᠥᠴᠡ ᠵᠢ ᠪᠡᠶ᠎ᠡ᠎ᠪᠠᠷ ᠵᠶ᠋ᠠᠨ ᠥᠩᠭᠡᠷᠡᠭᠦᠯᠪᠡ᠃ 《ᠶᠡᠷᠦᠩᠬᠡᠢ ᠱᠦᠵᠢ ᠵᠢᠨ ᠬᠦᠷᠴᠦ ᠢᠷᠡᠭᠰᠡᠨ᠎ᠨᠢ᠂ ᠮᠠᠨ᠎ᠤ ᠵᠠᠯᠠᠭᠤ ᠨᠢᠭᠡ ᠦᠶ᠎ᠡ ᠵᠢᠨ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠮᠡᠳᠡᠭᠡ ᠵᠠᠩᠭᠢᠵᠢᠯᠲᠠ ᠵᠢᠨ ᠠᠵᠢᠯ ᠬᠢᠵᠦ ᠪᠠᠶ᠋ᠢᠭ᠎ᠠ ᠬᠥᠮᠥᠰ᠎ᠲᠤ ᠠᠪᠴᠤ ᠬᠡᠯᠡᠪᠡᠯ᠂ ᠤᠶᠤᠨ ᠰᠠᠨᠠᠭ᠋ᠠᠨ᠎ᠤ ᠵᠣᠷᠢᠭᠵᠢᠭᠤᠯᠤᠯ ᠪᠣᠯᠵᠠᠢ᠂ ᠪᠢ ᠮᠠᠰᠢ ᠠᠵᠠ ᠵᠠᠪᠰᠢᠶᠠᠨ᠎ᠲᠠᠢ ᠰᠠᠨᠠᠭᠳᠠᠵᠤ ᠪᠠᠶ᠋ᠢᠨ᠎ᠠ》᠃ 《ᠢᠷᠡᠭᠡᠳᠦᠢ ᠵᠢᠨ ᠠᠵᠢᠯ᠎ᠤᠨ ᠳᠤᠮᠳᠠ᠂ ᠪᠢᠳᠡ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ ᠦᠷᠭᠦᠯᠵᠢᠯᠡᠨ ᠰᠢᠨ᠎ᠡ ᠲᠥᠬᠦᠭᠡᠷᠦᠮᠵᠢ ᠵᠢ ᠰᠤᠳᠤᠯᠤᠨ ᠨᠡᠭᠡᠭᠡᠵᠦ᠂ ᠦᠨᠳᠦᠰᠦᠨ ᠱᠠᠲᠤᠨ᠎ᠤ ᠠᠵᠢᠯᠲᠠᠨ᠎ᠤ ᠭᠦᠳᠡᠯᠮᠦᠷᠢ ᠵᠢᠨ ᠡᠷᠴᠢᠮ᠎ᠢ ᠪᠠᠭᠤᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ ᠤᠰᠤ ᠵᠢ ᠡᠵᠡᠮᠳᠡᠬᠦ᠎ᠪᠠᠷ ᠳᠠᠮᠵᠢᠭᠤᠯᠤᠨ ᠣᠢ ᠰᠢᠭᠤᠢ᠂ ᠲᠠᠷᠢᠶᠠᠯᠠᠩ ᠵᠡᠷᠭᠡ ᠵᠢᠨ ᠬᠥᠭᠵᠢᠯᠲᠡ ᠵᠢ ᠳᠠᠶ᠋ᠢᠴᠢᠯᠠᠨ᠎ᠠ᠃ ᠮᠡᠳᠡᠭᠡ ᠵᠠᠩᠭᠢᠵᠢᠯᠲᠠ᠎ᠪᠠᠷ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠳᠤ ᠣᠶᠤᠨ ᠤᠬᠠᠭ᠋ᠠᠨ᠎ᠤ ᠵᠢᠭᠦᠷ ᠤᠷᠭᠤᠭᠤᠯᠤᠨ᠎ᠠ》 ᠭᠡᠵᠦ ᠯᠢ ᠵᠠᠨ ᠴᠢᠶᠠᠩ ᠢᠲᠡᠭᠡᠯ ᠳᠦᠭᠦᠷᠡᠩ ᠬᠡᠯᠡᠪᠡ᠃ 
  ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠢᠨᠵᠧᠨᠧᠷᠢᠩ 《ᠲᠦᠮᠡᠨ ᠭᠠᠵᠠᠷ᠎ᠤᠨ ᠬᠠᠳᠤᠨ ᠭᠤᠣᠯ᠎ᠤᠨ ᠨᠢᠭᠡᠳᠦᠭᠡᠷ ᠬᠠᠭ᠋ᠠᠯᠲᠠ》 ᠬᠡᠮᠡᠬᠦ ᠨᠡᠷᠡᠶ᠋ᠢᠳᠦᠯ᠎ᠲᠠᠢ᠃ (ᠮᠠᠲ᠋ᠧᠷᠢᠶᠠᠯ ᠵᠢᠷᠤᠭ)
  《ᠪᠢᠳᠡ ᠶᠡᠷᠦᠩᠬᠡᠢ ᠱᠦᠵᠢ ᠵᠢᠨ ᠪᠣᠷᠣᠳᠣᠬᠤᠢ ᠵᠢᠨ ᠠᠷᠠᠳ ᠲᠦᠮᠡᠨ᠎ᠢ ᠬᠠᠶ᠋ᠢᠷᠠᠯᠠᠨ ᠬᠠᠯᠠᠮᠵᠢᠯᠠᠵᠤ ᠪᠠᠶ᠋ᠢᠭ᠎ᠠ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠭᠦᠢ᠍ᠴᠡᠳ ᠮᠡᠳᠡᠷᠡᠪᠡ》
  6 ᠰᠠᠷ᠎ᠠ ᠵᠢᠨ 6᠎ᠤ ᠣᠷᠣᠢ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠮᠡᠳᠡᠭᠡᠯᠡᠯ᠎ᠢ ᠲᠥᠪ ᠲᠧᠯᠸᠢᠰ᠎ᠤᠨ ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ᠎ᠪᠠᠷ ᠨᠡᠪᠲᠡᠷᠡᠭᠦᠯᠪᠡ᠃ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠬᠡᠰᠡᠭ ᠺᠠᠳ᠋ᠷ ᠠᠵᠢᠯᠲᠠᠨ ᠰᠣᠨᠢᠨ ᠮᠡᠳᠡᠭᠡᠨ᠎ᠤ ᠨᠡᠪᠲᠡᠷᠡᠭᠦᠯᠭᠡ ᠵᠢ ᠬᠠᠮᠲᠤ᠎ᠪᠠᠷ ᠦᠵᠡᠪᠡ᠃
  ᠲᠤᠰ ᠦᠳᠡ ᠵᠢᠨ ᠡᠮᠦᠨ᠎ᠡ ᠶᠡᠷᠦᠩᠬᠡᠢ ᠱᠦᠵᠢ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠤ ᠬᠦᠷᠴᠦ ᠰᠢᠨᠵᠢᠯᠡᠨ ᠪᠠᠶ᠋ᠢᠴᠠᠭ᠋ᠠᠭᠰᠠᠨ ᠰᠣᠨᠢᠨ ᠮᠡᠳᠡᠭᠡ ᠵᠢ ᠦᠵᠡᠭᠡᠳ ᠣᠯᠠᠨ ᠵᠶ᠋ᠠᠷ ᠵᠶ᠋ᠠᠨ ᠰᠡᠳᠬᠢᠯ ᠳᠣᠭᠳᠣᠯᠤᠨ ᠠᠯᠠᠭ᠎ᠠ ᠲᠠᠰᠢᠵᠠᠭ᠋ᠠᠪᠠ᠃ 《ᠰᠣᠨᠢᠨ ᠮᠡᠳᠡᠭᠡᠨ᠎ᠤ ᠨᠡᠪᠲᠡᠷᠡᠭᠦᠯᠭᠡ᠎ᠳᠤ ᠶᠡᠷᠦᠩᠬᠡᠢ ᠱᠦᠵᠢ ᠮᠠᠨ᠎ᠤ ᠳᠡᠷᠭᠡᠳᠡ ᠪᠠᠶ᠋ᠢᠪᠠ᠂ ᠪᠠᠰᠠ ᠬᠠᠮᠲᠤ ᠠᠵᠢᠯᠯᠠᠭᠰᠠᠳ᠎ᠤᠨ ᠵᠶ᠋ᠠᠨ ᠪᠠᠷ᠎ᠠ ᠵᠢ ᠬᠠᠷᠠᠭ᠋ᠠᠳ ᠪᠢ ᠲᠤᠶ᠋ᠢᠯ ᠵᠶ᠋ᠠᠷ ᠪᠠᠶᠠᠷᠯᠠᠪᠠ᠃ ᠶᠡᠷᠦᠩᠬᠡᠢ ᠱᠦᠵᠢ ᠵᠢᠨ ᠮᠠᠨ᠎ᠤ ᠪᠣᠷᠣᠳᠣᠬᠤᠢ ᠵᠢᠨ ᠠᠷᠠᠳ ᠲᠦᠮᠡᠨ᠎ᠢ ᠬᠠᠶ᠋ᠢᠷᠠᠯᠠᠨ ᠬᠠᠯᠠᠮᠵᠢᠯᠠᠵᠤ ᠪᠠᠶ᠋ᠢᠭ᠎ᠠ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠭᠦᠢ᠍ᠴᠡᠳ ᠮᠡᠳᠡᠷᠡᠪᠡ》 ᠭᠡᠵᠦ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠠᠯᠪᠠᠨ ᠭᠡᠷ᠎ᠤᠨ ᠡᠷᠭᠢᠯᠡᠭᠴᠢ ᠾᠧ ᠵᠢᠶᠦ᠋ᠨ ᠬᠡᠯᠡᠪᠡ᠃
  ᠾᠧ ᠵᠢᠶᠦ᠋ᠨ᠄ 《ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ᠎ᠬᠢᠨ ᠤᠰᠤᠨ᠎ᠤ ᠡᠬᠢ ᠪᠠᠶᠠᠯᠢᠭ᠎ᠢ ᠠᠷᠪᠢᠯᠠᠬᠤ ᠵᠢ ᠣᠨᠴᠠᠭ᠋ᠠᠢ ᠴᠢᠬᠤᠯᠠᠴᠢᠯᠠᠳᠠᠭ᠃ ᠵᠠᠯᠭ᠋ᠠᠭ᠋ᠠᠳ᠂ ᠪᠢᠳᠡ ᠲᠠᠷᠢᠶᠠᠯᠠᠩ᠎ᠤᠨ ᠤᠰᠤ ᠠᠷᠪᠢᠯᠠᠬᠤ ᠤᠰᠤ ᠡᠵᠡᠮᠳᠡᠬᠦ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠠᠲᠤᠨ ᠭᠤᠣᠯ᠎ᠤᠨ ᠤᠰᠤ ᠵᠢ ᠲᠠᠲᠠᠵᠤ ᠳᠤᠰᠤᠯᠠᠭ᠋ᠠᠨ ᠤᠰᠤᠯᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ᠎ᠠ》 ᠭᠡᠵᠦ ᠢᠯᠡᠳᠬᠡᠪᠡ᠃
  《ᠶᠡᠷᠦᠩᠬᠡᠢ ᠱᠦᠵᠢ ᠪᠡᠶ᠎ᠡ᠎ᠪᠠᠷ ᠵᠶ᠋ᠠᠨ ᠰᠢᠨᠵᠢᠯᠡᠨ ᠪᠠᠶ᠋ᠢᠴᠠᠭ᠋ᠠᠭᠰᠠᠨ᠎ᠨᠢ ᠨᠠᠳᠠ᠎ᠳᠤ ᠮᠠᠰᠢ ᠠᠵᠠ ᠵᠠᠪᠰᠢᠶᠠᠨ᠎ᠲᠠᠢ ᠰᠠᠨᠠᠭᠳᠠᠵᠤ᠂ ᠶᠡᠭᠡ ᠵᠣᠷᠢᠭᠵᠢᠭᠤᠯᠤᠯ ᠪᠣᠯᠵᠠᠢ᠃ ᠡᠳᠡᠭᠡᠷ ᠵᠢᠯ᠎ᠤᠳ᠎ᠲᠤ ᠮᠠᠨ᠎ᠤ ᠤᠰᠤᠨ ᠠᠰᠢᠭᠯᠠᠯᠲᠠ ᠵᠢᠨ ᠠᠵᠢᠯᠲᠠᠳ ᠲᠠᠰᠤᠷᠠᠯᠳᠠ ᠦᠭᠡᠢ ᠲᠡᠮᠡᠴᠡᠵᠦ᠂ ᠨᠢᠭᠡ ᠨᠢᠭᠡ ᠠᠯᠬᠤᠮ ᠵᠶ᠋ᠠᠷ ᠠᠵᠢᠯᠯᠠᠭ᠋ᠠᠳ ᠡᠳᠦᠢ ᠲᠡᠳᠦᠢ ᠠᠮᠵᠢᠯᠲᠠ ᠪᠦᠲᠦᠮᠵᠢ ᠣᠯᠵᠤ᠂ ᠨᠤᠲᠠᠯᠠᠯᠲᠠ ᠣᠯᠣᠭᠰᠠᠨ᠎ᠳᠠᠭᠠᠨ ᠪᠢᠳᠡ ᠲᠤᠶ᠋ᠢᠯ ᠵᠶ᠋ᠠᠷ ᠤᠷᠮᠠᠰᠢᠨ ᠪᠠᠶᠠᠷᠯᠠᠵᠤ᠂ ᠡᠷᠴᠢ ᠵᠣᠷᠢᠭ ᠨᠡᠩ ᠬᠥᠪᠴᠢᠯᠡᠭᠳᠡᠯ᠎ᠡ!》 ᠭᠡᠵᠦ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢ ᠭᠧᠨ ᠳ᠋ᠦᠩ ᠢᠯᠡᠳᠬᠡᠪᠡ᠃
  ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠢ ᠤᠰᠤᠨ ᠠᠰᠢᠭᠯᠠᠯᠲᠠ ᠵᠢᠨ ᠶᠠᠮᠤᠨ ᠬᠤᠶᠠᠷ ᠤᠳᠠᠭ᠎ᠠ ᠪᠦᠭᠦ ᠤᠯᠤᠰ᠎ᠤᠨ ᠲᠣᠮᠣ ᠭᠡᠯᠪᠡᠷᠢ ᠵᠢᠨ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠠ ᠵᠢᠨ ᠲᠤᠷᠰᠢᠯᠲᠠ ᠵᠢᠨ ᠤᠰᠤᠯᠠᠯᠲᠠ ᠵᠢᠨ ᠣᠷᠣᠨ ᠵᠶ᠋ᠠᠷ ᠲᠣᠭᠲᠠᠭ᠋ᠠᠵᠤ᠂ 2022 ᠣᠨ᠎ᠤ 12 ᠰᠠᠷ᠎ᠠ᠎ᠳᠤ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠨᠢ ᠤᠰᠤᠨ ᠠᠰᠢᠭᠯᠠᠯᠲᠠ ᠵᠢᠨ ᠶᠠᠮᠤᠨ᠎ᠤ 《ᠲᠣᠭ᠋ᠠᠴᠢᠯᠠᠭᠰᠠᠨ ᠢᠬᠡᠷ᠎ᠡ ᠤᠰᠤᠯᠠᠯᠲᠠ ᠵᠢᠨ ᠣᠷᠣᠨ᠎ᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ》 ᠲᠤᠷᠰᠢᠯᠲᠠ ᠵᠢᠨ ᠡᠭᠦᠷᠭᠡ ᠵᠢ ᠳᠠᠬᠢᠨᠲᠠ ᠣᠯᠪᠠ᠃ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠨᠢ ᠪᠦᠭᠦ ᠤᠯᠤᠰ᠎ᠤᠨ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠠ ᠵᠢᠨ ᠲᠤᠷᠰᠢᠯᠲᠠ ᠵᠢᠨ ᠠᠵᠢᠯ᠎ᠳᠤ ᠶᠡᠭᠡ ᠬᠡᠮᠵᠢᠶᠡᠨ᠎ᠤ ᠲᠤᠷᠰᠢᠯᠭ᠎ᠠ ᠪᠠ ᠠᠮᠵᠢᠯᠲᠠ᠎ᠲᠠᠢ ᠵᠢᠱ᠌ᠢᠶ᠎ᠡ ᠨᠡᠮᠡᠷᠢᠯᠡᠪᠡ᠃
  ᠯᠢ ᠭᠧᠨ ᠳ᠋ᠦᠩ᠄ 《ᠪᠢᠳᠡ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠵᠢᠨ ᠬᠠᠶ᠋ᠢᠷ᠎ᠠ ᠬᠠᠯᠠᠮᠵᠢ ᠵᠢ ᠬᠦᠴᠦᠷᠬᠡᠭ ᠶᠡᠭᠡ ᠤᠶᠤᠨ ᠰᠠᠨᠠᠭ᠋ᠠᠨ᠎ᠤ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠠᠵᠢᠯ ᠵᠶ᠋ᠠᠨ ᠠᠬᠢᠭᠤᠯᠬᠤ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠤᠨ᠎ᠠ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠵᠢ ᠴᠢᠩᠭ᠋ᠠᠳᠬᠠᠵᠤ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠠᠮᠢ ᠠᠬᠤᠢ ᠵᠢᠨ ᠵᠠᠰᠠᠯᠲᠠ ᠵᠢᠨ ᠠᠵᠢᠯ᠎ᠢ ᠰᠠᠶ᠋ᠢᠲᠤᠷ ᠬᠢᠵᠦ᠂ 〈ᠪᠦᠭᠦ ᠤᠯᠤᠰ᠎ᠤᠨ ᠲᠡᠷᠢᠭᠦᠨ᠎ᠤ ᠤᠰᠤᠯᠠᠯᠲᠠ ᠵᠢᠨ ᠣᠷᠣᠨ〉᠎ᠢ ᠪᠦᠲᠦᠭᠡᠨ ᠪᠠᠶ᠋ᠢᠭᠤᠯᠬᠤ᠎ᠪᠠᠷ ᠬᠠᠷᠠᠯᠲᠠ ᠪᠤᠯᠭ᠋ᠠᠵᠤ᠂ ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ》 ᠭᠡᠵᠦ ᠬᠡᠯᠡᠪᠡ᠃
  《ᠤᠰᠤᠨ ᠠᠰᠢᠭᠯᠠᠯᠲᠠ ᠵᠢᠨ ᠭᠤᠷᠪᠠᠳᠠᠭᠢ ᠦᠶ᠎ᠡ ᠵᠢᠨ᠎ᠬᠢᠨ》 ᠶᠡᠷᠦᠩᠬᠡᠢ ᠱᠦᠵᠢ᠎ᠲᠠᠢ ᠬᠤᠶᠠᠳᠠᠭᠢ ᠤᠳᠠᠭ᠎ᠠ ᠠᠭᠤᠯᠵᠠᠪᠠ
  《ᠡᠳᠦᠷᠵᠢᠨ ᠠᠵᠢᠯᠯᠠᠵᠤ ᠪᠠᠶ᠋ᠢᠭ᠎ᠠ ᠭᠠᠵᠠᠷ᠎ᠲᠠᠭᠠᠨ ᠶᠡᠷᠦᠩᠬᠡᠢ ᠱᠦᠵᠢ᠎ᠲᠠᠢ ᠠᠭᠤᠯᠵᠠᠨ᠎ᠠ ᠭᠡᠵᠦ ᠦᠨᠡᠬᠡᠷ ᠪᠤᠳᠤᠵᠦ ᠣᠯᠣᠭᠰᠠᠨ ᠦᠭᠡᠢ᠃ ᠪᠢᠳᠡ ᠶᠡᠷᠦᠩᠬᠡᠢ ᠱᠦᠵᠢ ᠵᠢᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠢ ᠬᠠᠯᠠᠮᠵᠢᠯᠠᠨ ᠠᠩᠬᠠᠷᠴᠤ᠂ ᠤᠰᠤᠨ ᠠᠰᠢᠭᠯᠠᠯᠲᠠ ᠵᠢᠨ ᠬᠥᠮᠥᠰ᠎ᠢ ᠬᠠᠯᠠᠮᠵᠢᠯᠠᠵᠤ ᠪᠠᠶ᠋ᠢᠬᠤ ᠵᠢ ᠭᠦᠨᠵᠡᠭᠡᠢ ᠣᠶ᠋ᠢᠯᠠᠭ᠋ᠠᠪᠠ》 ᠭᠡᠵᠦ ᠥᠪᠥᠷ ᠮᠣᠩᠭᠤᠯ᠎ᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠳᠡᠳ᠋ ᠡᠷᠭᠢᠯᠡᠭᠴᠢ ᠰᠢᠦᠢ ᠬᠤᠩ ᠸᠧᠢ ᠬᠡᠯᠡᠪᠡ᠃
  6 ᠰᠠᠷ᠎ᠠ ᠵᠢᠨ 6᠎ᠤ ᠦᠳᠡ ᠵᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ ᠵᠢᠨ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠬᠦ ᠲᠥᠪ᠎ᠲᠤ ᠰᠢᠨᠵᠢᠯᠡᠨ ᠪᠠᠶ᠋ᠢᠴᠠᠭ᠋ᠠᠪᠠ᠃
  ᠡᠨᠡ ᠪᠣᠯ ᠰᠢᠦᠢ ᠬᠤᠩ ᠸᠧᠢ ᠶᠡᠷᠦᠩᠬᠡᠢ ᠱᠦᠵᠢ᠎ᠲᠠᠢ ᠬᠤᠶᠠᠳᠠᠭᠢ ᠤᠳᠠᠭ᠎ᠠ ᠠᠭᠤᠯᠵᠠᠵᠤ ᠪᠠᠶ᠋ᠢᠭ᠎ᠠ ᠶᠠᠪᠤᠳᠠᠯ ᠪᠣᠯᠣᠨ᠎ᠠ᠃ ᠲᠡᠷᠡ ᠠᠩᠬ᠎ᠠ ᠤᠳᠠᠭ᠎ᠠ ᠶᠡᠷᠦᠩᠬᠡᠢ ᠱᠦᠵᠢ᠎ᠲᠠᠢ ᠠᠭᠤᠯᠵᠠᠭᠰᠠᠨ᠎ᠨᠢ ᠬᠤᠶᠠᠷ ᠵᠢᠯ᠎ᠤᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠪᠠᠶ᠋ᠢᠭᠰᠠᠨ ᠶᠤᠮ᠃
  2020 ᠣᠨ᠎ᠤ 11 ᠰᠠᠷ᠎ᠠ᠎ᠳᠤ᠂ ᠰᠢᠦᠢ ᠬᠤᠩ ᠸᠧᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠣᠯᠭᠤᠭᠰᠠᠨ 《ᠪᠦᠭᠦ ᠤᠯᠤᠰ᠎ᠤᠨ ᠲᠡᠷᠢᠭᠦᠨ᠎ᠤ ᠠᠵᠢᠯᠲᠠᠨ》 ᠴᠣᠯᠠ ᠵᠢ ᠬᠦᠷᠲᠡᠵᠡᠢ᠃ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠶᠠᠪᠤᠭᠳᠠᠭᠰᠠᠨ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠂ ᠲᠡᠷᠡ ᠲᠤᠬᠠᠢ ᠵᠢᠨ ᠲᠠᠯᠠᠪᠠᠢ᠎ᠳᠤ ᠶᠡᠷᠦᠩᠬᠡᠢ ᠱᠦᠵᠢ ᠵᠢᠨ ᠶᠠᠷᠢᠶ᠎ᠠ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠠᠶ᠋ᠢᠵᠠᠢ᠃ 《ᠲᠤᠬᠠᠢ ᠵᠢᠨ ᠦᠶ᠎ᠡ᠎ᠳᠤ ᠪᠢ ᠬᠢᠵᠠᠭ᠋ᠠᠯᠠᠰᠢ ᠦᠭᠡᠢ ᠣᠮᠣᠭᠰᠢᠵᠤ ᠪᠠᠶ᠋ᠢᠵᠠᠢ᠃ ᠡᠨᠡ ᠬᠡᠳᠦᠨ ᠵᠢᠯ᠎ᠳᠤ᠂ ᠪᠢ ᠶᠡᠷᠦᠩᠬᠡᠢ ᠱᠦᠵᠢ ᠵᠢᠨ ᠬᠦᠰᠡᠯ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠨ ᠭᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠭᠦᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠪᠦᠯᠭᠦᠮ ᠵᠶ᠋ᠠᠨ ᠳᠠᠭ᠋ᠠᠭᠤᠯᠤᠨ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠠ ᠵᠢᠨ ᠠᠵᠢᠯ᠎ᠢ ᠰᠠᠶ᠋ᠢᠲᠤᠷ ᠬᠢᠪᠡ》᠃ ᠰᠢᠦᠢ ᠬᠤᠩ ᠸᠧᠢ ᠡᠷᠭᠢᠴᠡᠭᠦᠯᠬᠦ᠎ᠳᠡᠭᠡᠨ᠄ 《ᠡᠨᠡ ᠤᠳᠠᠭ᠎ᠠ ᠵᠣᠯ ᠵᠶ᠋ᠠᠷ ᠶᠡᠷᠦᠩᠬᠡᠢ ᠱᠦᠵᠢ᠎ᠲᠠᠢ ᠨᠡᠩ ᠣᠶ᠋ᠢᠷᠠᠬᠠᠨ ᠠᠭᠤᠯᠵᠠᠪᠠ᠂ ᠨᠠᠳᠠ᠎ᠳᠤ ᠲᠤᠩ ᠳᠣᠲᠣᠨᠣ ᠰᠠᠨᠠᠭᠳᠠᠭᠰᠠᠨ ᠪᠠᠶ᠋ᠢᠨ᠎ᠠ᠂ ᠶᠡᠷᠦᠩᠬᠡᠢ ᠱᠦᠵᠢ ᠪᠢᠳᠠᠨ᠎ᠠᠴᠠ ᠮᠠᠰᠢ ᠪᠣᠳᠠᠲᠠᠢ ᠠᠰᠠᠭᠤᠳᠠᠯ ᠠᠰᠠᠭᠤᠯ᠎ᠠ》 ᠭᠡᠪᠡ᠃
   ᠰᠢᠦᠢ ᠬᠤᠩ ᠸᠧᠢ ᠪᠣᠯ 《ᠤᠰᠤᠨ ᠠᠰᠢᠭᠯᠠᠯᠲᠠ ᠵᠢᠨ ᠭᠤᠷᠪᠠᠳᠠᠭᠢ ᠦᠶ᠎ᠡ ᠵᠢᠨ᠎ᠬᠢᠨ》 ᠮᠥᠨ᠃ ᠲᠡᠭᠦᠨ᠎ᠤ ᠨᠠᠭ᠋ᠠᠴᠤ ᠡᠪᠦᠭᠡ ᠪᠣᠯᠣᠨ ᠠᠪᠤ ᠡᠵᠢ᠎ᠨᠢ ᠪᠦᠷ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠵᠢᠯᠲᠠᠨ ᠪᠣᠯᠣᠨ᠎ᠠ᠃
   《ᠪᠢ ᠤᠰᠤᠯᠠᠯᠲᠠ ᠵᠢᠨ ᠣᠷᠣᠨ᠎ᠤ ᠬᠥᠭᠵᠢᠯᠲᠡ ᠵᠢᠨ ᠲᠡᠦᠬᠡ ᠵᠢ ᠬᠠᠷᠠᠬᠠᠨ ᠪᠠᠭ᠎ᠠ᠎ᠠᠴᠠ᠎ᠪᠠᠨ ᠦᠵᠡᠵᠦ ᠰᠣᠨᠣᠰᠤᠭᠰᠠᠭ᠋ᠠᠷ ᠢᠷᠡᠵᠡᠢ᠃ ᠮᠢᠨᠤ ᠨᠠᠭ᠋ᠠᠴᠤ ᠡᠪᠦᠭᠡ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠶᠡᠷᠦᠩᠬᠡᠢ ᠭᠤᠣᠯ ᠰᠤᠪᠠᠭ ᠪᠠ ᠶᠡᠷᠦᠩᠬᠡᠢ ᠭᠠᠳᠠᠭᠰᠢᠯᠠᠭᠤᠯᠬᠤ ᠭᠤᠣᠯ ᠰᠤᠪᠠᠭ᠎ᠢ ᠮᠠᠯᠲᠠᠬᠤ᠎ᠳᠤ ᠣᠷᠣᠯᠴᠠᠵᠤ ᠥᠩᠭᠡᠷᠡᠵᠡᠢ᠂ ᠪᠠᠭ᠎ᠠ ᠪᠠᠶ᠋ᠢᠬᠤ᠎ᠳᠤ ᠭᠡᠷ᠎ᠲᠤ 〈ᠱᠠᠩᠨᠠᠯ〉 ᠭᠡᠰᠡᠨ ᠦᠰᠦᠭ ᠳᠠᠷᠤᠮᠠᠯᠯᠠᠭᠰᠠᠨ ᠨᠢᠭᠡ ᠴᠣᠮᠣ ᠪᠠᠶ᠋ᠢᠵᠠᠢ᠂ ᠲᠡᠷᠡ᠎ᠨᠢ ᠡᠪᠦᠭᠡ ᠵᠢᠨ ᠶᠡᠷᠦᠩᠬᠡᠢ ᠭᠤᠣᠯ ᠰᠤᠪᠠᠭ ᠮᠠᠯᠲᠠᠬᠤ᠎ᠳᠤ ᠣᠷᠣᠯᠴᠠᠭ᠋ᠠᠳ ᠭᠥᠷᠳᠡᠭᠰᠡᠨ ᠱᠠᠩᠨᠠᠯ ᠪᠣᠯᠣᠨ᠎ᠠ》᠃ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠳᠤ ᠨᠢᠭᠡᠨᠲᠡ ᠪᠦᠬᠦᠯᠢ 20 ᠵᠢᠯ ᠠᠵᠢᠯᠯᠠᠭᠰᠠᠨ ᠰᠢᠦᠢ ᠬᠤᠩ ᠸᠧᠢ 21 ᠳ᠋ᠦ᠍ᠭᠡᠷ ᠵᠠᠭᠤᠨ᠎ᠠᠴᠠ ᠨᠠᠭ᠋ᠠᠰᠢᠬᠢ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠪᠠ ᠬᠥᠭᠵᠢᠯᠲᠡ ᠵᠢᠨ ᠶᠠᠪᠤᠴᠠ᠎ᠳᠤ ᠣᠷᠣᠯᠴᠠᠬᠰᠠᠨ ᠪᠠ ᠭᠡᠷᠡᠴᠢᠯᠡᠵᠦ᠂ ᠮᠥᠨ ᠴᠦ᠍ ᠠᠯᠬᠤᠮ ᠠᠯᠬᠤᠮ ᠵᠶ᠋ᠠᠷ ᠪᠦᠭᠦ ᠤᠯᠤᠰ᠎ᠤᠨ ᠤᠰᠤᠨ ᠠᠰᠢᠭᠯᠠᠯᠲᠠ ᠵᠢᠨ ᠰᠢᠰᠲ᠋ᠧᠮ᠎ᠤᠨ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠤ ᠨᠡᠷᠡᠲᠦ ᠲᠤᠰᠬᠠᠢ ᠮᠡᠷᠭᠡᠵᠢᠯᠲᠡᠨ ᠪᠣᠯᠤᠭᠰᠠᠨ ᠪᠠᠶ᠋ᠢᠨ᠎ᠠ᠃
   ᠰᠢᠦᠢ ᠬᠤᠩ ᠸᠧᠢ᠄ 《ᠥᠩᠭᠡᠷᠡᠭᠰᠡᠨ᠎ᠳᠤ᠂ ᠠᠬᠠᠮᠠᠳ ᠨᠢᠭᠡ ᠦᠶ᠎ᠡ ᠵᠢᠨ ᠤᠰᠤᠨ ᠠᠰᠢᠭᠯᠠᠯᠲᠠ ᠵᠢᠨ ᠠᠵᠢᠯᠲᠠᠳ ᠬᠦᠷᠵᠡ᠂ ᠰᠠᠭᠰᠤ᠂ ᠳᠠᠮᠨᠠᠭᠤᠷ ᠵᠡᠷᠭᠡ ᠪᠠᠭ᠋ᠠᠵᠢ ᠬᠡᠷᠡᠭᠰᠡᠯ ᠵᠶ᠋ᠠᠷ ᠶᠡᠷᠦᠩᠬᠡᠢ ᠭᠤᠣᠯ ᠰᠤᠪᠠᠭ᠎ᠢ ᠮᠠᠯᠲᠠᠵᠤ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠳᠤ ᠬᠠᠰᠢᠯᠭ᠎ᠠ ᠦᠭᠡᠢ᠎ᠪᠠᠷ ᠤᠰᠤ ᠲᠠᠲᠠᠭᠰᠠᠨ᠂ ᠤᠯᠠᠨ ᠠᠮᠠᠰᠠᠷ ᠵᠶ᠋ᠠᠷ ᠤᠰᠤ ᠲᠠᠲᠠᠭᠰᠠᠨ ᠲᠡᠦᠬᠡ ᠵᠢ ᠡᠴᠦᠰᠯᠡᠭᠦᠯᠵᠡᠢ᠃ ᠡᠳᠦᠭᠡ᠂ ᠮᠠᠨ᠎ᠤ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠠᠵᠢᠯᠲᠠᠨ ᠳᠠᠷᠤᠭᠤᠯ᠂ ᠬᠤᠯᠤᠭ᠋ᠠᠨᠠᠴᠢᠷ᠎ᠲᠤ ᠲᠦᠰᠢᠭᠯᠡᠨ᠂ ᠣᠳᠣᠬᠢᠴᠢᠯᠠᠭᠰᠠᠨ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ᠂ ᠦᠢ᠍ᠯᠡᠳᠪᠦᠷᠢᠯᠡᠯ ᠬᠠᠮᠢᠶᠠᠷᠤᠯᠲᠠ ᠵᠢᠨ ᠨᠢᠭᠡᠳᠦᠭᠡᠷ ᠹᠷᠣᠨᠲ᠎ᠤᠨ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ ᠪᠠᠶ᠋ᠢᠨ᠎ᠠ᠃ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠵᠢᠨ ᠬᠠᠮᠤᠭ ᠡᠴᠦᠰ᠎ᠤᠨ ᠠᠵᠢᠯ᠎ᠤᠨ ᠬᠠᠷᠠᠯᠲᠠ ᠪᠣᠯᠣᠨ ᠡᠭᠦᠷᠭᠡ ᠪᠣᠯ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠣᠳᠣ ᠦᠶ᠎ᠡ ᠵᠢᠨ ᠲᠠᠷᠢᠶᠠᠯᠠᠩ᠎ᠢ ᠰᠠᠶ᠋ᠢᠲᠤᠷ ᠬᠥᠭᠵᠢᠭᠦᠯᠬᠦ᠎ᠳᠤ ᠬᠦᠴᠦᠨ ᠨᠡᠮᠡᠷᠢᠯᠡᠬᠦ ᠶᠠᠪᠤᠳᠠᠯ ᠪᠣᠯᠣᠨ᠎ᠠ》 ᠭᠡᠵᠦ ᠬᠡᠯᠡᠪᠡ᠃
    

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠶᠡᠷᠦᠩᠬᠡᠢ ᠱᠦᠵᠢ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ᠎ᠳᠤ ᠭᠠᠷᠬᠤ ᠶᠠᠪᠤᠴᠠ ᠮᠥᠨ ᠭᠡᠵᠦ ᠬᠡᠯᠡᠪᠡ — ᠶᠡᠷᠦᠩᠬᠡᠢ ᠱᠦᠵᠢ ᠰᠢ ᠵᠢᠨ ᠫᠢᠩ᠎ᠤᠨ ᠯᠢᠨ ᠾᠧ ᠲᠣᠭᠤᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠣᠶ ᠰᠢᠭᠤᠢ ᠵᠢᠨ ᠲᠠᠯᠠᠪᠠᠶ᠎ᠳᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠬᠦᠰᠡᠯ ᠨᠠᠶ᠋ᠢᠳᠠᠯᠭ᠎ᠠ ᠵᠢ᠎ᠨᠢ ᠥᠯᠥ ᠬᠥᠰᠡᠷᠳᠡᠭᠦᠯᠵᠦ ᠢᠲᠡᠭᠡᠯ ᠵᠣᠷᠢᠭ ᠵᠶ᠋ᠠᠨ ᠪᠠᠲᠤᠳᠬᠠᠨ ᠢᠳᠡᠷᠡᠭᠦᠨ ᠠᠯᠬᠤᠭ᠎ᠠ᠎ᠪᠠᠷ ᠤᠷᠤᠭᠰᠢᠯᠠᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠪᠠᠶᠠᠨᠨᠠᠭᠤᠷ᠎ᠲᠠᠬᠢ ᠰᠢᠨᠵᠢᠯᠡᠨ ᠪᠠᠶ᠋ᠢᠴᠠᠭ᠋ᠠᠯᠲᠠ ᠪᠠ ᠴᠢᠬᠤᠯᠠ ᠶᠠᠷᠢᠶ᠎ᠠ ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
ᠶᠡᠷᠦᠩᠬᠡᠢ ᠱᠦᠵᠢ ᠤᠯᠠᠭ᠋ᠠᠨᠰᠤᠬᠠᠢ ᠵᠢ ᠰᠠᠨᠠᠭ᠋ᠠᠯᠵᠠᠭᠰᠠᠭ᠋ᠠᠷ ᠢᠷᠡᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 8 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
 
            