ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ ᠨᠢᠭᠡᠳᠦᠭᠡᠷ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠦᠷᠲᠡᠭᠡ ᠵᠢᠨ᠎ᠬᠢᠨ 9 ᠳ᠋ᠤᠬᠡᠷ ᠰᠠᠷ᠎ᠠ ᠵᠢᠨ 25᠎ᠤ ᠦᠳᠡ ᠵᠢᠨ ᠬᠣᠢ᠌ᠨ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠵᠢᠱ᠌ᠢᠶ᠎ᠡ ᠦᠵᠡᠭᠦᠯᠬᠦ ᠰᠠᠭᠤᠷᠢᠨ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 80 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠠ ᠠᠵᠢᠯᠯᠠᠭᠴᠢᠳ ᠤᠷᠤᠯᠴᠠᠯ᠎ᠠ᠃

ᠤᠬᠠᠭᠤᠯᠤᠨ ᠲᠠᠢ᠌ᠯᠪᠤᠷᠢᠯᠠᠯᠳᠠ᠎ᠳᠤ ᠭᠣᠣᠯᠳᠠᠭᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠭᠣᠣᠯ ᠰᠡᠳᠦᠪ ᠪᠠ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ ᠪᠠᠷ ᠭᠣᠣᠯᠳᠠᠭᠤᠯᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠭᠦᠨᠵᠡᠭᠡᠢ᠌ᠷᠡᠭᠦᠯᠬᠦ ᠵᠢᠨ ᠵᠢᠯᠤᠭᠣᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠪᠠ ᠴᠢᠬᠤᠯᠠ ᠶᠡᠬᠡ ᠵᠠᠷᠴᠢᠮ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠦᠨᠳᠦᠰᠦᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠲᠦᠷᠪᠡᠨ ᠲᠠᠯ᠎ᠠ᠎ᠪᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠭᠣᠣᠯ ᠵᠣᠷᠢᠭ ᠰᠠᠨᠠᠭ᠎ᠠ ᠵᠢ ᠭᠦᠨᠵᠡᠭᠡᠢ ᠡᠵᠡᠮᠰᠢᠨ ᠣᠢ᠌ᠯᠠᠭ᠋ᠠᠬᠤ ᠲᠤᠬᠠᠢ ᠲᠠᠢ᠌ᠯᠤᠮᠵᠢ ᠬᠢᠪᠡ᠃
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠲᠡᠬᠡᠷ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠳᠤ ᠴᠢᠬᠤᠯᠠ ᠪᠠᠢ᠌ᠷᠢᠯᠠᠭᠤᠯᠤᠯᠳᠠ ᠬᠢᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ᠎ᠬᠢ ᠨᠠᠮ᠎ᠤᠨ ᠤᠳᠤᠷᠢᠳᠤᠯᠭ᠎ᠠ ᠵᠢ ᠤᠯᠠᠮ ᠴᠢᠡᠭᠭ᠋ᠠᠳᠬᠠᠨ ᠨᠠᠮ᠎ᠤᠨ ᠠᠴᠢ ᠵᠢ ᠮᠡᠳᠡᠷᠡᠨ ᠨᠠᠮ᠎ᠤᠨ ᠦᠭᠡ ᠵᠢ ᠰᠤᠨᠤᠰᠴᠤ ᠨᠠᠮ ᠵᠶ᠋ᠠᠨ ᠳᠠᠭ᠋ᠠᠬᠤ ᠡᠷᠡᠰ ᠵᠣᠷᠢᠭ ᠵᠶ᠋ᠠᠨ ᠨᠡᠩ ᠪᠠᠲᠤᠳᠬᠠᠵᠤ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠬᠡᠵᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠳᠤᠮᠳᠠᠬᠢ ᠦᠢ᠍ᠯᠡᠳᠦᠯ᠎ᠢ ᠤᠯᠠᠮ ᠪᠠᠳᠠᠷᠠᠭᠤᠯᠵᠤ ᠤᠯᠤᠰ ᠣᠷᠣᠨ᠎ᠳᠤ ᠦᠢ᠍ᠯᠡᠴᠢᠯᠡᠬᠦ᠂ ᠨᠡᠢ᠌ᠭᠡᠮ᠎ᠳᠤ ᠦᠢ᠍ᠯᠡᠴᠢᠯᠡᠬᠦ᠂ ᠣᠯᠠᠨ ᠲᠦᠮᠡᠨ᠎ᠳᠤ ᠦᠢ᠍ᠯᠡᠴᠢᠯᠡᠬᠦ᠂ ᠠᠵᠢᠯ ᠲᠥᠷᠥᠯ᠎ᠳᠤ ᠦᠢ᠍ᠯᠡᠴᠢᠯᠡᠬᠦ ᠡᠭᠦᠷᠭᠡ ᠬᠠᠷᠢᠭᠤᠴᠠᠯᠭ᠎ᠠ᠎ᠪᠠᠨ ᠨᠠᠩ ᠰᠠᠢ᠌ᠲᠤᠷ ᠬᠦᠢ᠍ᠴᠡᠳᠬᠡᠬᠡᠳ ᠴᠠᠭ ᠦᠶ᠎ᠡ ᠵᠢᠨ ᠰᠡᠳᠦᠪ᠎ᠢ ᠰᠠᠢ᠌ᠲᠤᠷ ᠬᠠᠷᠢᠭᠤᠯᠤᠨ ᠡᠭᠦᠷᠭᠡ ᠬᠠᠷᠢᠭᠤᠴᠠᠯᠭ᠎ᠠ᠎ᠪᠠᠨ ᠡᠬᠦᠷᠬᠡᠯᠡᠵᠤ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠦᠴᠦᠨ ᠴᠢᠳᠠᠯ ᠵᠶ᠋ᠠᠨ ᠦᠷᠬᠦᠯᠵᠢᠯᠡᠨ ᠡᠷᠭᠦᠬᠦ ᠬᠡᠷᠡᠭᠲᠡᠢ᠃