ᠮᠠᠨ᠎ᠤ ᠠᠯᠢᠪᠠ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠬᠤ᠎ᠳᠤ ᠡᠴᠦᠰ᠎ᠤᠨ ᠡᠴᠦᠰ᠎ᠲᠤ᠎ᠪᠠᠨ ᠠᠷᠠᠳ ᠲᠦᠮᠡᠨ ᠦᠨᠡᠨ ᠬᠦ᠌ ᠪᠣᠳᠠᠲᠤ ᠠᠰᠢᠭ ᠣᠯᠣᠭᠰᠠᠨ ᠡᠰᠡᠬᠦ᠂ ᠠᠷᠠᠳ᠎ᠤᠨ ᠠᠮᠢᠳᠤᠷᠠᠯ ᠦᠨᠡᠨ ᠬᠦ᠌ ᠰᠠᠢ᠌ᠵᠢᠷᠠᠭᠰᠠᠨ ᠡᠰᠡᠬᠦ ᠵᠢ ᠦᠵᠡᠬᠦ ᠬᠡᠷᠡᠭᠲᠡᠢ᠂ ᠡᠨᠡ ᠪᠣᠯ ᠨᠡᠶ᠋ᠢᠲᠡ ᠵᠢᠨ ᠲᠥᠯᠥᠭᠡ ᠨᠠᠮ ᠪᠠᠶ᠋ᠢᠭᠤᠯᠬᠤ᠂ ᠠᠷᠠᠳ᠎ᠤᠨ ᠲᠥᠯᠥᠭᠡ ᠲᠦᠷᠦ ᠪᠠᠷᠢᠬᠤ ᠵᠢ ᠪᠠᠷᠢᠮᠲᠠᠯᠠᠬᠤ ᠵᠢᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠂ ᠨᠠᠮ ᠪᠠ ᠠᠷᠠᠳ ᠲᠦᠮᠡᠨ᠎ᠤ ᠦᠢ᠍ᠯᠡᠰ᠎ᠤᠨ ᠲᠠᠰᠤᠷᠠᠯᠳᠠ ᠦᠭᠡᠢ ᠬᠥᠭᠵᠢᠬᠦ ᠵᠢᠨ ᠴᠢᠬᠤᠯᠠ ᠪᠠᠲᠤᠯᠠᠭ᠎ᠠ ᠮᠥᠨ᠃
— ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠠᠩᠬᠠᠳᠤᠭ᠋ᠠᠷ ᠪᠥᠬᠥᠳᠡ ᠬᠤᠷᠠᠯ ᠳᠡᠭᠡᠷᠡᠬᠢ ᠶᠠᠷᠢᠶ᠎ᠠ (2012 ᠣᠨ᠎ᠤ 11 ᠳ᠋ᠤᠬᠡᠷ ᠰᠠᠷ᠎ᠠ ᠵᠢᠨ 15᠎ᠤ ᠡᠳᠦᠷ)
ᠠᠷᠠᠳ᠎ᠤᠨ ᠶᠠᠪᠤᠳᠠᠯ᠎ᠤᠨ ᠠᠵᠢᠯ ᠪᠣᠯ 《ᠪᠤᠶᠠᠨᠰᠠᠭ》 ᠦᠢ᠍ᠯᠡᠰ ᠮᠥᠨ᠃ 《ᠪᠤᠶᠠᠨᠰᠠᠭ》 ᠦᠢ᠍ᠯᠡᠰ᠎ᠢ ᠪᠦᠲᠦᠭᠡᠬᠦ᠎ᠳᠤ ᠪᠤᠶᠠᠨᠰᠠᠭ ᠰᠡᠳᠬᠢᠯ᠎ᠢ ᠡᠪᠦᠷᠯᠡᠵᠦ᠂ ᠶᠡᠬᠡ ᠬᠠᠢ᠌ᠷ᠎ᠠ ᠵᠢᠨ ᠰᠡᠳᠬᠢᠯ᠎ᠢ ᠡᠪᠦᠷᠯᠡᠵᠦ᠂ ᠠᠷᠠᠳ ᠵᠶ᠋ᠠᠨ ᠬᠠᠢ᠌ᠷᠠᠯᠠᠬᠤ ᠰᠡᠳᠬᠢᠯ᠎ᠢ ᠡᠪᠦᠷᠯᠡᠬᠦ ᠬᠡᠷᠡᠭᠲᠡᠢ᠃
— ᠾᠧᠪᠧᠢ ᠮᠤᠵᠢ᠎ᠳᠤ ᠨᠠᠮ᠎ᠤᠨ ᠤᠯᠠᠨ ᠲᠦᠮᠡᠨᠴᠢ ᠱᠤᠭᠤᠮ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠣᠳᠬᠤ᠎ᠳᠤ᠎ᠪᠠᠨ ᠶᠠᠷᠢᠭᠰᠠᠨ ᠦᠭᠡ (2013 ᠣᠨ᠎ᠤ 7 ᠳ᠋ᠤᠭ᠋ᠠᠷ ᠰᠠᠷ᠎ᠠ ᠵᠢᠨ 12᠎ᠤᠨ ᠡᠳᠦᠷ)
ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠬᠦ ᠵᠢᠨ ᠵᠠᠩᠭᠢᠯᠠᠭ᠎ᠠ᠎ᠨᠢ ᠪᠠᠢ᠌ᠭᠤᠯᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠳᠤ ᠪᠠᠢ᠌ᠨ᠎ᠠ᠂ ᠭᠣᠣᠯᠳᠠᠯᠭ᠎ᠠ᠎ᠨᠢ ᠬᠥᠮᠥᠨ ᠶᠤᠮ᠂ ᠬᠥᠮᠥᠨ᠂ ᠬᠥᠮᠥᠨ ᠬᠤᠭᠤᠷᠤᠨᠳᠤ᠎ᠪᠠᠨ ᠡᠶ᠎ᠡ ᠵᠣᠬᠢᠴᠠᠯ᠎ᠲᠠᠢ ᠬᠠᠮᠲᠤ ᠣᠷᠣᠰᠢᠪᠠᠯ ᠨᠡᠢ᠌ᠭᠡᠮ ᠰᠠᠶᠢ ᠠᠮᠤᠷ ᠲᠣᠭᠲᠠᠭᠤᠨ ᠡᠮᠬᠢ ᠵᠢᠷᠤᠮ᠎ᠲᠠᠢ ᠪᠣᠯᠵᠤ ᠴᠢᠳᠠᠨ᠎ᠠ᠃ ᠨᠡᠢ᠌ᠭᠡᠮ᠎ᠤᠨ ᠵᠠᠰᠠᠯᠲᠠ ᠵᠢᠨ ᠭᠣᠣᠯᠳᠠᠯᠭ᠎ᠠ ᠵᠢ ᠡᠷᠬᠡᠪᠰᠢ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠲᠤ ᠨᠠᠢ᠌ᠳᠠᠪᠤᠷᠢᠵᠢᠭᠤᠯᠵᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠪᠠ ᠬᠠᠮᠢᠶᠠᠷᠤᠯᠲᠠ ᠵᠢᠨ ᠴᠢᠳᠠᠪᠤᠷᠢ ᠴᠢᠩᠭ᠋ᠠᠷᠠᠪᠠᠯ ᠨᠡᠢ᠌ᠭᠡᠮ᠎ᠤᠨ ᠵᠠᠰᠠᠯᠲᠠ ᠵᠢᠨ ᠰᠠᠭᠤᠷᠢ ᠪᠠᠲᠤᠵᠢᠬᠤ ᠪᠣᠯᠣᠨ᠎ᠠ᠃ ᠵᠠᠰᠠᠯᠲᠠ ᠵᠢᠨ ᠪᠠᠢ᠌ᠭᠤᠯᠤᠮᠵᠢ ᠵᠢᠨ ᠠᠰᠠᠭᠤᠳᠠᠯ᠎ᠢ ᠭᠦᠨᠵᠡᠭᠡᠢ ᠪᠠᠢ᠌ᠴᠠᠭ᠋ᠠᠨ ᠰᠤᠳᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ ᠵᠢ ᠭᠦᠨᠵᠡᠭᠡᠢ᠌ᠷᠡᠭᠦᠯᠦᠨ ᠥᠷᠭᠡᠳᠬᠡᠵᠦ᠂ ᠡᠬᠢ ᠪᠠᠶᠠᠯᠢᠭ᠂ ᠦᠢ᠍ᠯᠡᠴᠢᠯᠡᠭᠡ᠂ ᠬᠠᠮᠢᠶᠠᠷᠤᠯᠲᠠ ᠵᠢ ᠠᠯᠢ ᠴᠢᠳᠠᠬᠤ᠎ᠪᠠᠷ ᠦᠨᠳᠦᠰᠦᠨ ᠱᠠᠲᠤᠨ᠎ᠳᠤ ᠲᠠᠯᠪᠢᠵᠤ᠂ ᠦᠨᠳᠦᠰᠦᠨ ᠱᠠᠲᠤ ᠵᠢ ᠲᠤᠰᠢᠶᠠᠯ᠎ᠲᠠᠢ᠂ ᠡᠷᠬᠡ᠎ᠲᠠᠢ᠂ ᠬᠦᠷᠤᠡᠭᠭᠡ᠎ᠲᠠᠢ ᠪᠣᠯᠭ᠋ᠠᠵᠤ᠂ ᠤᠯᠠᠨ ᠲᠦᠮᠡᠨ᠎ᠳᠤ ᠨᠡᠩ ᠰᠠᠢ᠌ᠨ ᠣᠨᠣᠪᠴᠢᠲᠠᠢ ᠪᠦᠲᠦᠮᠵᠢᠲᠡᠢ ᠦᠢ᠍ᠯᠡᠴᠢᠯᠡᠭᠡ ᠪᠠ ᠬᠠᠮᠢᠶᠠᠷᠤᠯᠲᠠ ᠵᠢ ᠬᠠᠩᠭ᠋ᠠᠬᠤ ᠬᠡᠷᠡᠭᠲᠡᠢ᠃
— ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ ᠳᠡᠭᠡᠷ᠎ᠡ ᠱᠠᠩᠬᠠᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ᠎ᠳᠤ᠎ᠪᠠᠨ ᠶᠠᠷᠢᠭᠰᠠᠨ ᠦᠭᠡ (2014 ᠣᠨ᠎ᠤ 3 ᠳ᠋ᠤᠭ᠋ᠠᠷ ᠰᠠᠷ᠎ᠠ ᠵᠢᠨ 6᠎ᠤ ᠡᠳᠦᠷ)
ᠨᠡᠢ᠌ᠭᠡᠮ ᠲᠣᠭᠣᠷᠢᠭ᠎ᠤᠨ ᠠᠵᠢᠯ ᠪᠣᠯ ᠮᠠᠰᠢ ᠴᠢᠬᠤᠯᠠ ᠶᠤᠮ᠃ ᠨᠢᠭᠡ᠎ᠳᠤ᠂ ᠨᠠᠮ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢ ᠦᠨᠡᠨ ᠬᠦ᠌ ᠨᠡᠢ᠌ᠭᠡᠮ ᠲᠣᠭᠣᠷᠢᠭ᠎ᠤᠨ ᠲᠣᠯᠣᠭ᠋ᠠᠢ᠌ᠯᠠᠭᠴᠢ ᠪᠣᠯᠭ᠋ᠠᠵᠤ᠂ ᠡᠯ᠎ᠡ ᠲᠠᠯ᠎ᠠ ᠵᠢᠨ ᠠᠵᠢᠯ᠎ᠢ ᠳᠠᠢ᠌ᠴᠢᠯᠠᠬᠤ ᠬᠡᠷᠡᠭᠲᠡᠢ᠃ ᠬᠣᠶᠠᠷ᠎ᠲᠤ᠂ ᠦᠢ᠍ᠯᠡᠴᠢᠯᠡᠭᠡ ᠵᠢ ᠰᠠᠢ᠌ᠲᠤᠷ ᠠᠳᠬᠤᠬᠤ ᠬᠡᠷᠡᠭᠲᠡᠢ᠂ ᠠᠷᠠᠳ ᠤᠯᠠᠨ᠎ᠤ ᠶᠠᠪᠤᠳᠠᠯ ᠪᠣᠯ ᠪᠢᠳᠡᠨ᠎ᠤ ᠰᠠᠨᠠᠭ᠋ᠠᠰᠢᠷᠠᠯ ᠶᠤᠮ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠡᠯ᠎ᠡ ᠵᠦᠢ᠍ᠯ᠎ᠤᠨ ᠦᠢ᠍ᠯᠡᠴᠢᠯᠡᠭᠡ ᠵᠢ ᠪᠦᠬᠦᠨ᠎ᠢ ᠪᠦᠷᠬᠦᠭᠦᠯᠬᠦ ᠵᠢ ᠴᠢᠷᠮᠠᠢ᠌ᠨ ᠪᠡᠶᠡᠯᠡᠭᠦᠯᠵᠦ᠂ ᠠᠷᠠᠳ ᠤᠯᠠᠨ᠎ᠤ ᠳᠤᠷᠠᠳᠤᠭᠰᠠᠨ ᠰᠢᠨ᠎ᠡ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠢ᠃
— ᠰᠢ ᠵᠢᠨ ᠫᠢᠡᠭ ᠶᠡᠷᠤᠡᠭᠭᠡᠢ ᠱᠦᠵᠢ ᠵᠢᠶᠠᠩᠰᠢ ᠮᠤᠵᠢ ᠵᠢᠨ ᠨᠠᠨᠴᠠᠩ ᠬᠤᠳᠠ ᠵᠢᠨ ᠳ᠋ᠦᠩ ᠬᠤ᠌ ᠲᠣᠭᠣᠷᠢᠭ᠎ᠤᠨ ᠫᠧᠩ ᠵᠢᠶᠠ ᠴᠢᠶᠣᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠭᠤᠸᠠᠩ ᠮᠢᠩ ᠨᠡᠢ᠌ᠭᠡᠮ ᠲᠣᠭᠣᠷᠢᠭ᠎ᠲᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠶᠠᠷᠢᠭᠰᠠᠨ ᠦᠭᠡ (2016 ᠣᠨ᠎ᠤ 2 ᠳ᠋ᠤᠭ᠋ᠠᠷ ᠰᠠᠷ᠎ᠠ ᠵᠢᠨ 3᠎ᠤ ᠡᠳᠦᠷ)
ᠬᠦᠭᠵᠢᠬᠦᠯᠤᠯᠳᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠪᠠᠷᠢᠮᠳᠠᠯᠠᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ ᠪᠣᠯ ᠬᠦᠭᠵᠢᠬᠦᠯᠤᠯᠳᠡ ᠵᠢᠨ ᠦᠨᠳᠦᠰᠦᠨ ᠵᠣᠷᠢᠯᠭ᠎ᠠ ᠮᠥᠨ᠃ ᠡᠷᠬᠡᠪᠰᠢ ᠠᠷᠠᠳ᠎ᠤᠨ ᠠᠮᠢᠳᠤᠷᠠᠯ᠎ᠤᠨ ᠠᠰᠢᠭ ᠲᠤᠰᠠ ᠵᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ ᠵᠢ ᠢᠯᠡᠭᠦᠬᠡᠨ ᠰᠢᠢ᠍ᠳᠪᠦᠷᠢᠯᠡᠵᠦ᠂ ᠬᠦᠭᠵᠢᠬᠦᠯᠤᠯᠳᠡ ᠵᠢᠨ ᠳᠤᠮᠳᠠ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠵᠦ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠤ᠂ ᠨᠢᠯᠬᠠᠰ᠎ᠲᠤ ᠬᠦᠮᠤᠵᠢᠯ᠎ᠲᠠᠢ᠂ ᠰᠤᠷᠤᠯᠴᠠᠬᠤ᠎ᠠᠴᠠ ᠰᠤᠷᠭ᠋ᠠᠨ ᠬᠥᠮᠦᠵᠢᠯ᠎ᠲᠠᠢ᠂ ᠬᠥᠳᠡᠯᠮᠦᠷᠢᠯᠡᠪᠡᠯ ᠣᠷᠣᠯᠭ᠎ᠠ᠎ᠲᠠᠢ᠂ ᠡᠪᠡᠳᠴᠢᠯᠡᠪᠡᠯ ᠡᠮᠨᠡᠯᠭᠡ᠎ᠲᠠᠢ᠂ ᠥᠲᠡᠯᠪᠡᠯ ᠠᠰᠠᠷᠠᠮᠵᠢ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢ᠌ᠴᠤᠤᠯᠳᠤ ᠲᠡᠳᠬᠦᠮᠵᠢ᠎ᠲᠠᠢ ᠪᠠᠢ᠌ᠬᠤ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠠᠬᠢᠴᠠ᠎ᠲᠠᠢ ᠪᠤᠯᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠠᠵᠢᠯ᠎ᠢ ᠭᠦᠨᠵᠡᠭᠡᠢ ᠥᠷᠨᠢᠭᠦᠯᠵᠦ᠂ ᠪᠦᠬᠦ ᠠᠷᠠᠳ ᠲᠦᠮᠡᠨ᠎ᠤ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠦᠭᠵᠢᠬᠦᠯᠤᠯᠳᠡ ᠵᠢᠨ ᠳᠤᠮᠳᠠ ᠨᠡᠩ ᠬᠦᠷᠲᠡᠮᠵᠢ ᠵᠢᠨ ᠲᠥᠷᠥᠭᠳᠡᠯ᠎ᠲᠠᠢ ᠪᠤᠯᠬᠤ ᠵᠢ ᠪᠠᠲᠤᠯᠠᠵᠤ᠂ ᠬᠥᠮᠥᠨ᠎ᠤ ᠪᠦᠬᠦ ᠲᠠᠯ᠎ᠠ ᠵᠢᠨ ᠬᠥᠭᠵᠢᠯᠲᠡ᠂ ᠪᠦᠬᠦ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ᠃
—《ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ 》 (2017 ᠣᠨ᠎ᠤ 11 ᠳ᠋ᠤᠬᠡᠷ ᠰᠠᠷ᠎ᠠ ᠵᠢᠨ 18᠎ᠤ ᠡᠳᠦᠷ)
ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠣᠭᠲᠠᠴᠠ ᠵᠢ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠤᠯᠠᠨ ᠲᠦᠮᠡᠨ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠡᠶ᠎ᠡ᠎ᠪᠠᠨ ᠳᠠᠭ᠋ᠠᠭ᠋ᠠᠵᠤ ᠥᠪᠡᠷᠲᠡᠭᠡᠨ ᠵᠠᠰᠠᠬᠤ ᠢᠳᠡᠪᠬᠢᠵᠢᠯ᠎ᠢ ᠲᠠᠢ᠍ᠢ᠍ᠴᠢᠯᠠᠵᠤ᠂ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠨᠡᠢ᠌ᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠬᠡᠷᠡᠭᠲᠡᠢ᠃ ᠨᠡᠢ᠌ᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠰᠢᠰᠲ᠋ᠧᠮ ᠪᠠ ᠲᠠᠭ᠋ᠠᠭᠤᠯᠤᠨ ᠵᠢᠯᠤᠭᠣᠳᠬᠤ ᠲᠣᠭᠲᠠᠴᠠ᠂ ᠬᠢᠮᠤᠷᠠᠯ᠎ᠢ ᠬᠠᠮᠢᠶᠠᠷᠬᠤ ᠲᠣᠭᠲᠠᠴᠠ ᠵᠢ ᠲᠡᠬᠦᠯᠳᠡᠷᠵᠢᠬᠦᠯᠤᠨ᠂ ᠥᠪᠡᠷ᠎ᠢ᠎ᠪᠠᠨ ᠬᠦᠨᠳᠦᠳᠬᠡᠵᠦ ᠥᠪᠡᠷ᠎ᠢ᠎ᠪᠠᠨ ᠢᠲᠡᠭᠡᠬᠦ᠂ ᠣᠶᠤᠨᠴᠢ ᠡᠶᠡᠯᠳᠡᠭ᠂ ᠨᠥᠬᠥᠷᠰᠡᠭ ᠳᠣᠲᠣᠨᠣ ᠨᠡᠢ᠌ᠭᠡᠮ᠎ᠤᠨ ᠰᠡᠳᠬᠢᠴᠡ ᠵᠢᠨ ᠪᠠᠢ᠌ᠳᠠᠯ᠎ᠢ ᠪᠤᠢ ᠪᠣᠯᠭ᠋ᠠᠬᠤ ᠬᠡᠷᠡᠭᠲᠡᠢ᠃ ᠪᠣᠰᠣᠭ᠎ᠠ ᠴᠣᠭᠴᠠᠴᠢᠯᠠᠭᠰᠠᠨ᠂ ᠮᠡᠳᠡᠭᠡ ᠵᠠᠩᠭᠢᠴᠢᠯᠠᠭᠰᠠᠨ ᠨᠡᠢ᠌ᠭᠡᠮ᠎ᠤᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠨ ᠠᠬᠢᠭᠤᠯᠬᠤ ᠬᠡᠷᠡᠭᠲᠡᠢ᠃
— ᠲᠥᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ (2019 ᠣᠨ᠎ᠤ 1 ᠳ᠋ᠤᠬᠡᠷ ᠰᠠᠷ᠎ᠠ ᠵᠢᠨ 15᠂ 16᠎ᠤ ᠡᠳᠦᠷ)
ᠰᠠᠢ᠌ᠨ ᠳᠤᠷ᠎ᠠ ᠵᠢᠨ ᠦᠢ᠍ᠯᠡᠴᠢᠯᠡᠭᠡ ᠪᠣᠯ ᠨᠡᠢ᠌ᠭᠡᠮ᠎ᠤᠨ ᠪᠣᠯᠪᠠᠰᠤᠨ᠎ᠤ ᠲᠠᠪᠰᠢᠯᠳᠠ ᠵᠢᠨ ᠴᠢᠬᠤᠯᠠ ᠪᠡᠯᠭᠡ ᠲᠡᠮᠳᠡᠭ᠂ ᠰᠠᠢ᠌ᠨ ᠲᠤᠷᠠᠴᠤᠤᠯ᠎ᠤᠨ ᠬᠠᠯᠠᠮᠵᠢ᠎ᠪᠠᠨ ᠡᠷᠭᠦᠬᠦ ᠴᠢᠬᠤᠯᠠ ᠠᠷᠭ᠎ᠠ ᠵᠠᠮ ᠮᠥᠨ᠃ ᠰᠠᠢ᠌ᠨ ᠳᠤᠷ᠎ᠠ ᠵᠢᠨ ᠦᠢ᠍ᠯᠡᠴᠢᠯᠡᠭᠡ᠎ᠳᠤ ᠨᠡᠩ ᠤᠯᠠᠨ ᠲᠠᠪᠴᠠᠩ ᠪᠠᠢ᠌ᠭᠤᠯᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠢᠨ ᠨᠡᠢ᠌ᠭᠡᠮ᠎ᠤᠨ ᠵᠠᠰᠠᠯᠲᠠ᠎ᠳᠤ᠎ᠬᠢ ᠢᠳᠡᠪᠬᠢ ᠦᠢ᠍ᠯᠡᠳᠦᠯ᠎ᠢ ᠨᠡᠩ ᠰᠠᠢ᠌ᠨ ᠪᠠᠳᠠᠷᠠᠭᠤᠯᠬᠤ ᠬᠡᠷᠡᠭᠲᠡᠢ᠃
ᠨᠡᠢ᠌ᠭᠡᠮ ᠲᠣᠭᠣᠷᠢᠭ᠎ᠤᠨ ᠠᠵᠢᠯ ᠪᠣᠯ ᠪᠣᠳᠠᠲᠠᠢ ᠶᠤᠮ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠨ᠂ ᠰᠠᠭᠤᠭ᠋ᠠᠯᠢ ᠠᠷᠠᠳ ᠤᠨ ᠡᠯ᠎ᠡ ᠬᠡᠷᠡᠭᠴᠡᠭᠡ ᠵᠢ ᠣᠨᠣᠪᠴᠢᠲᠠᠶ ᠣᠢ᠌ᠯᠠᠭ᠋ᠠᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠴᠠᠭ ᠲᠤᠬᠠᠢᠳᠤᠨᠢ ᠨᠠᠷᠢᠯᠢᠭ ᠣᠨᠣᠴᠠᠲᠠᠢ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠢ᠃
— ᠲᠢᠶᠠᠨᠵᠢᠨ᠎ᠳᠤ ᠠᠵᠢᠯ ᠪᠠᠢ᠌ᠴᠠᠭ᠋ᠠᠬᠤ᠎ᠳᠤ᠎ᠪᠠᠨ ᠶᠠᠷᠢᠭᠰᠠᠨ ᠦᠭᠡ (2019 ᠣᠨ᠎ᠤ 1 ᠳ᠋ᠤᠬᠡᠷ ᠰᠠᠷ᠎ᠠ ᠵᠢᠨ 17᠎ᠤ ᠡᠳᠦᠷ)
ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭ᠋ᠠᠳᠬᠠᠯ᠎ᠤᠨ ᠳᠦᠷᠢᠮ ᠪᠠ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ᠎ᠢ ᠲᠡᠭᠦᠯᠳᠡᠷᠵᠢᠭᠦᠯᠵᠦ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠡᠮᠡᠭᠲᠡᠢ᠌ᠴᠦᠳ᠂ ᠨᠠᠰᠤᠲᠠᠢ᠌ᠴᠤᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠲᠡᠬᠦᠯᠳᠡᠷᠵᠢᠬᠦᠯᠬᠦ ᠬᠡᠷᠡᠭᠳᠡᠢ᠃ ᠵᠠᠩ ᠳᠠᠳᠬᠠᠯ ᠤᠨ ᠦᠬᠡᠷᠡᠴᠢᠯᠡᠯᠳᠡ ᠵᠢ ᠠᠬᠢᠭᠤᠯᠵᠤ᠂ ᠪᠣᠯᠪᠠᠰᠤᠨ ᠨᠤᠲᠤᠭ᠎ᠤᠨ ᠰᠤᠷᠲᠠᠯ᠂ ᠰᠠᠢ᠌ᠨ ᠰᠠᠢ᠌ᠬᠠᠨ ᠭᠡᠷ᠎ᠤᠨ ᠰᠤᠷᠲᠠᠯ᠂ ᠡᠭᠡᠯ ᠪᠣᠷᠣᠭᠵᠢᠭᠤᠨ ᠠᠷᠠᠳ᠎ᠤᠨ ᠰᠤᠷᠲᠠᠯ᠎ᠢ ᠪᠣᠢ᠌ᠵᠢᠭᠤᠯᠵᠤ᠂ ᠵᠥᠷᠢᠴᠡᠯ ᠵᠠᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢ ᠲᠡᠬᠦᠯᠳᠡᠷᠵᠢᠬᠦᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠢ ᠦᠷᠨᠢᠬᠦᠯᠬᠦ ᠬᠡᠷᠡᠭᠳᠡᠢ᠃
— ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ ᠳᠡᠭᠡᠷ᠎ᠡ ᠾᠧᠨᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠤᠯᠴᠠᠬᠤ ᠳᠤ᠎ᠪᠠᠨ ᠶᠠᠷᠢᠭᠰᠠᠨ ᠦᠭᠡ (2019 ᠣᠨ᠎ᠤ 3 ᠳ᠋ᠤᠭ᠋ᠠᠷ ᠰᠠᠷ᠎ᠠ ᠵᠢᠨ 8᠎ᠤ ᠡᠳᠦᠷ)
ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠨᠡᠢ᠌ᠭᠡᠮ ᠲᠣᠭᠣᠷᠢᠭ᠎ᠤᠨ ᠵᠠᠰᠠᠯᠲᠠ ᠵᠢ ᠴᠢᠩᠭ᠋ᠠᠳᠬᠠᠬᠤ᠎ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠤᠭ᠎ᠤᠨ ᠦᠨᠳᠦᠰᠦᠨ ᠱᠠᠲᠤ ᠲᠡᠢ᠌ᠰᠢ ᠥᠷᠭᠡᠵᠢᠬᠦ ᠵᠢ ᠠᠬᠢᠭᠤᠯᠤᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠰᠢᠰᠲ᠋ᠧᠮ᠎ᠢ ᠲᠡᠬᠦᠯᠳᠡᠷᠵᠢᠬᠦᠯᠵᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃ ᠦᠢ᠍ᠯᠡᠳᠦᠯᠭᠡ ᠵᠢᠨ ᠳᠤᠮᠳᠠ ᠪᠦᠷᠢᠯᠳᠦᠭᠰᠡᠨ ᠰᠠᠢ᠌ᠨ ᠲᠤᠷᠰᠢᠯᠭ᠎ᠠ ᠰᠠᠢ᠌ᠨ ᠠᠷᠭ᠎ᠠ ᠵᠢ ᠳ᠋ᠦᠩᠨᠡᠨ ᠳᠡᠯᠭᠡᠷᠡᠭᠦᠯᠵᠦ᠂ ᠬᠥᠮᠦᠵᠢᠯ ᠪᠣᠯᠪᠠᠰᠤᠷᠠᠯ᠎ᠤᠨ ᠲᠡᠷᠢᠭᠦᠨ᠎ᠤ ᠴᠢᠨᠠᠷ ᠪᠠ ᠰᠢᠰᠲ᠋ᠧᠮᠲᠦ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃
— ᠬᠢᠷᠢᠨ ᠮᠤᠵᠢ᠎ᠳᠤ ᠠᠵᠢᠯ ᠪᠠᠢ᠌ᠴᠠᠭ᠋ᠠᠬᠤ᠎ᠳᠤ᠎ᠪᠠᠨ ᠶᠠᠷᠢᠭᠰᠠᠨ ᠦᠭᠡ (2020 ᠣᠨ᠎ᠤ 7 ᠳ᠋ᠤᠭ᠋ᠠᠷ ᠰᠠᠷ᠎ᠠ ᠵᠢᠨ 22᠎ᠠᠴᠠ— 24᠎ᠤ ᠡᠳᠦᠷ )
ᠨᠠᠰᠤᠵᠢᠯ᠎ᠤᠨ ᠠᠰᠠᠷᠠᠮᠵᠢ ᠪᠠ ᠬᠡᠦᠬᠡᠳ᠎ᠢ ᠰᠠᠭ᠋ᠠᠳᠠᠭᠤᠯᠬᠤ ᠦᠢ᠍ᠯᠡᠴᠢᠯᠡᠭᠡᠨ᠎ᠤ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ᠂ 《ᠨᠠᠰᠤᠳᠠᠢ᠌ᠴᠤᠳ ᠬᠡᠤᠬᠡᠳ》᠎ᠤᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ᠎ᠨᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠂ ᠬᠥᠮᠥᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠨᠠᠰᠤᠲᠠᠨ ᠵᠶ᠋ᠠᠨ ᠬᠦᠨᠳᠦᠯᠡᠵᠦ ᠨᠢᠯᠬᠠᠰ ᠵᠶ᠋ᠠᠨ ᠬᠠᠢ᠌ᠷᠠᠯᠠᠬᠤ ᠤᠯᠠᠮᠵᠢᠯᠠᠯᠲᠤ ᠰᠠᠢ᠌ᠬᠠᠨ ᠰᠤᠷᠲᠠᠯ᠎ᠢ ᠪᠠᠳᠠᠷᠠᠭᠤᠯᠵᠤ᠂ ᠣᠳᠣᠬᠠᠨ᠎ᠤ ᠪᠠᠢ᠌ᠳᠠᠯ᠎ᠳᠤ᠎ᠪᠠᠨ ᠰᠠᠭᠤᠷᠢᠯᠠᠨ᠂ ᠠᠯᠤᠰ ᠢᠷᠡᠭᠡᠳᠦᠢ ᠵᠢ ᠪᠣᠳᠣᠯᠬᠢᠯᠠᠨ᠂ ᠬᠥᠮᠥᠨ ᠠᠮᠠ ᠵᠢᠨ ᠲᠠᠷᠬᠠᠯᠲᠠ ᠪᠠ ᠪᠦᠲᠦᠴᠡ ᠵᠢᠨ ᠬᠤᠪᠢᠷᠠᠯᠲᠠ ᠵᠢ ᠦᠨᠳᠦᠰᠦᠯᠡᠨ᠂ ᠭᠡᠷ ᠪᠦᠯᠢ ᠵᠢᠨ ᠨᠠᠰᠤᠲᠠᠨ᠎ᠢ ᠠᠰᠠᠷᠠᠵᠤ ᠨᠢᠯᠬᠠᠰ᠎ᠢ ᠬᠥᠮᠥᠵᠢᠭᠦᠯᠬᠦ ᠰᠠᠭᠤᠷᠢ ᠪᠣᠯᠬᠤ ᠪᠠᠢ᠌ᠷᠢ ᠰᠠᠭᠤᠷᠢ ᠵᠢ ᠪᠡᠬᠢᠵᠢᠭᠦᠯᠵᠦ᠂ ᠵᠠᠰᠠᠭ᠎ᠤᠨ ᠣᠷᠳᠣᠨ᠎ᠤ ᠦᠨᠳᠦᠰᠦᠨ ᠪᠠᠳᠤᠯᠠᠭ᠎ᠠ ᠵᠢᠨ ᠬᠤᠷᠢᠭ᠎ᠠ ᠱᠤᠭᠤᠮ᠎ᠢ ᠪᠠᠲᠤᠯᠠᠬᠤ ᠡᠭᠦᠷᠭᠡ ᠴᠢᠳᠠᠪᠤᠷᠢ ᠵᠢ ᠴᠢᠩᠭ᠋ᠠᠳᠬᠠᠵᠤ᠂ ᠥᠲᠡᠯᠪᠡᠯ ᠠᠰᠠᠷᠠᠮᠵᠢ᠎ᠲᠠᠢ᠂ ᠨᠢᠯᠬᠠᠰ᠎ᠲᠤ ᠬᠦᠮᠤᠵᠢᠯ᠎ᠲᠠᠢ ᠪᠣᠯᠭ᠋ᠠᠬᠤ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠬᠦᠯᠳᠡᠷᠵᠢᠬᠦᠯᠤᠨ᠂ ᠤᠯᠠᠨ ᠡᠰᠢᠲᠦ ᠪᠡᠶᠡᠴᠢ ᠴᠣᠭᠴᠠ ᠵᠢᠨ ᠤᠯᠠᠨ ᠶᠠᠡᠭᠵᠤ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠵᠦ᠂ ᠦᠢ᠍ᠯᠡᠴᠢᠯᠡᠭᠡᠨ᠎ᠤ ᠴᠢᠳᠠᠪᠤᠷᠢ ᠵᠢᠨ ᠳᠡᠭᠡᠭᠰᠢᠯᠡᠯᠲᠡ ᠪᠠ ᠬᠤᠳᠠ ᠬᠥᠳᠡᠭᠡ ᠣᠷᠣᠨ ᠪᠦᠰᠡ ᠵᠢᠨ ᠲᠡᠩᠴᠡᠭᠦᠷᠢᠲᠡᠢ ᠬᠥᠭᠵᠢᠯᠲᠡ ᠵᠢ ᠠᠬᠢᠭᠤᠯᠤᠨ ᠲᠠᠰᠤᠷᠠᠯᠳᠠ ᠦᠭᠡᠢ ᠰᠢᠨ᠎ᠡ ᠠᠬᠢᠯᠲᠠ᠎ᠲᠠᠢ ᠪᠤᠯᠭ᠋ᠠᠬᠤ ᠬᠡᠷᠡᠭᠳᠡᠢ᠃
— ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶᠠᠨ᠎ᠤ ᠠᠷᠪᠠᠨ ᠵᠢᠷᠭᠤᠳᠤᠭ᠋ᠠᠷ ᠬᠤᠷᠠᠯ ᠳᠡᠭᠡᠷᠡᠬᠢ ᠶᠠᠷᠢᠶ᠎ᠠ (2020 ᠣᠨ᠎ᠤ 11 ᠳ᠋ᠤᠬᠡᠷ ᠰᠠᠷ᠎ᠠ ᠵᠢᠨ 2᠎ᠤᠨ ᠡᠳᠦᠷ)
ᠪᠢᠳᠡ ᠠᠷᠠᠳ ᠲᠦᠮᠡᠨ᠎ᠤ ᠵᠣᠭᠰᠣᠯᠲᠠ ᠳᠡᠭᠡᠷ᠎ᠡ ᠵᠣᠭᠰᠤᠬᠤ ᠵᠢ ᠢᠮᠠᠭᠲᠠ ᠡᠷᠡᠰ ᠪᠠᠷᠢᠮᠳᠠᠯᠠᠬᠤ ᠬᠡᠷᠡᠭᠲᠡᠢ᠃᠂ ᠶᠠᠳᠠᠭᠤ᠎ᠠᠴᠠ ᠠᠡᠭᠭᠢᠵᠢᠷᠠᠭᠤᠯᠬᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ ᠵᠢ ᠴᠢᠬᠤᠯᠠᠠᠴᠢᠯᠠᠬᠤ ᠪᠣᠯ ᠨᠡᠢ᠌ᠭᠡᠮ ᠵᠢᠷᠤᠮ᠎ᠤᠨ ᠮᠥᠨ ᠴᠢᠨᠠᠷ᠎ᠤᠨ ᠱᠠᠭ᠋ᠠᠷᠳᠠᠯᠭ᠎ᠠ᠂ ᠮᠠᠨ᠎ᠤ ᠨᠠᠮ᠎ᠤᠨ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠬᠤ ᠵᠢᠨ ᠴᠢᠬᠤᠯᠠ ᠢᠯᠡᠷᠡᠯ᠂ ᠨᠠᠮ ᠪᠠ ᠵᠠᠰᠠᠭ᠎ᠤᠨ ᠣᠷᠳᠣᠨ᠎ᠤ ᠴᠢᠬᠤᠯᠠ ᠶᠡᠬᠡ ᠬᠠᠷᠢᠭᠤᠴᠠᠯᠭ᠎ᠠ ᠮᠥᠨ᠃ ᠪᠢᠳᠡ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠮᠵᠢ ᠵᠢ ᠬᠡᠮᠵᠢᠬᠦ ᠴᠢᠬᠤᠯᠠ ᠬᠡᠮᠵᠢᠭᠦᠷ ᠪᠣᠯᠭ᠋ᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠦᠴᠦᠨ ᠵᠶ᠋ᠡᠨ ᠲᠥᠪᠯᠡᠷᠡᠭᠦᠯᠦᠨ ᠰᠢᠢ᠍ᠳᠪᠤᠷᠢᠯᠡᠬᠦ ᠬᠡᠷᠡᠭᠳᠡᠢ᠃
— ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠠᠵᠢᠯ᠎ᠤᠨ ᠳ᠋ᠦᠡᠭᠨᠡᠯᠳᠡ ᠪᠠ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ (2021 ᠣᠨ᠎ᠤ 2 ᠳ᠋ᠤᠭ᠋ᠠᠷ ᠰᠠᠷ᠎ᠠ ᠵᠢᠨ 25᠎ᠤ ᠡᠳᠦᠷ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦ ᠰᠠᠭᠤᠷᠢᠨ᠎ᠢ ᠠᠷᠠᠳ ᠲᠦᠮᠡᠨ᠎ᠳᠤ ᠪᠤᠢ᠂ ᠴᠢᠰᠤᠨ ᠰᠤᠳᠠᠰᠤ᠎ᠨᠢ ᠠᠷᠠᠳ ᠲᠦᠮᠡᠨ᠎ᠳᠤ ᠪᠤᠢ᠂ ᠬᠦᠴᠦᠨ ᠴᠢᠳᠠᠯ᠎ᠨᠢ ᠠᠷᠠᠳ ᠲᠦᠮᠡᠨ᠎ᠳᠤ ᠪᠤᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠲᠥᠯᠥᠭᠡᠯᠡᠵᠦ᠂ ᠠᠷᠠᠳ ᠲᠦᠮᠡᠨ᠎ᠲᠠᠢ ᠵᠢᠷᠭ᠋ᠠᠯ ᠵᠣᠪᠠᠯᠠᠩ᠂ ᠦᠬᠦᠯ ᠰᠡᠬᠡᠯ ᠵᠶ᠋ᠡᠨ ᠬᠠᠮᠲᠤᠳᠬᠠᠵᠤ᠂ ᠥᠪᠡᠷ᠎ᠤᠨ ᠶᠠᠮᠠᠷᠪᠠ ᠣᠨᠴᠠᠭ᠋ᠠᠶ ᠠᠰᠢᠭ ᠲᠤᠰᠠ ᠭᠡᠵᠦ ᠪᠠᠢ᠌ᠳᠠᠭ ᠦᠭᠡᠢ᠂ ᠶᠠᠮᠠᠷᠪᠠ ᠠᠰᠢᠭ ᠲᠤᠰᠠ ᠵᠢᠨ ᠪᠦᠯᠦᠭᠯᠡᠯ᠂ ᠶᠠᠮᠠᠷᠪᠠ ᠡᠷᠬᠡ ᠬᠦᠴᠦᠨ᠎ᠤ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠵᠢᠨ ᠠᠰᠢᠭ ᠲᠤᠰᠠ ᠵᠢ ᠶᠡᠷᠤ᠎ᠠᠴᠠ ᠲᠥᠯᠥᠭᠡᠯᠡᠳᠡᠭ ᠦᠭᠡᠢ ᠶᠤᠮ᠃
— ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ (2021 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ)
ᠨᠡᠢ᠌ᠭᠡᠮ᠎ᠤᠨ ᠲᠤᠰᠠᠯᠠᠮᠵᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠨᠳᠦᠰᠦᠨ ᠠᠮᠢᠳᠤᠷᠠᠯ᠎ᠤᠨ ᠲᠤᠰᠠᠯᠠᠮᠵᠢ᠂ ᠲᠤᠰᠬᠠᠢ ᠲᠦᠷᠦᠯ᠎ᠤᠨ ᠨᠡᠢ᠌ᠭᠡᠮ᠎ᠤᠨ ᠲᠤᠰᠠᠯᠠᠮᠵᠢ᠂ ᠪᠠᠴᠢᠮ ᠬᠦᠴᠢᠷᠳᠡᠯᠲᠡᠢ ᠬᠦᠮᠦᠰ᠎ᠢ ᠲᠤᠰᠠᠯᠠᠬᠤ ᠨᠡᠢ᠌ᠭᠡᠮ᠎ᠤᠨ ᠲᠤᠰᠠᠯᠠᠮᠵᠢ᠎ᠪᠠᠷ ᠭᠣᠣᠯ ᠴᠣᠭᠴᠠ ᠪᠣᠯᠭ᠋ᠠᠭᠰᠠᠨ᠂ ᠨᠡᠢ᠌ᠭᠡᠮ᠎ᠤᠨ ᠬᠦᠴᠦᠨ᠎ᠤ ᠣᠷᠤᠯᠴᠠᠯᠭ᠎ᠠ᠎ᠪᠠᠷ ᠨᠥᠬᠥᠪᠦᠷᠢ ᠪᠣᠯᠭ᠋ᠠᠭᠰᠠᠨ᠂ ᠪᠦᠬᠦ ᠲᠠᠯ᠎ᠠ ᠵᠢ ᠬᠠᠮᠤᠷᠤᠭᠰᠠᠨ᠂ ᠳᠠᠪᠬᠤᠷᠭ᠎ᠠ ᠲᠦᠷᠦᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠪᠦᠲᠦᠮᠵᠢᠲᠡᠢ ᠨᠡᠢ᠌ᠭᠡᠮ᠎ᠤᠨ ᠲᠤᠰᠠᠯᠠᠮᠵᠢ ᠵᠢᠨ ᠪᠠᠢ᠌ᠷᠢᠰᠢᠯ᠎ᠢ ᠪᠦᠷᠢᠯᠳᠦᠭᠦᠯᠬᠦ ᠬᠡᠷᠡᠭᠲᠡᠢ᠃
— ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠬᠤᠷᠠᠯᠳᠤᠭ᠋ᠠᠨ᠎ᠳᠤ ᠣᠷᠣᠯᠴᠠᠭᠰᠠᠨ ᠲᠠᠷᠢᠶᠠᠯᠠᠩ᠎ᠤᠨ ᠡᠲᠡᠭᠡᠳ᠂ ᠨᠡᠢ᠌ᠭᠡᠮ᠎ᠤᠨ ᠠᠰᠠᠷᠠᠮᠵᠢ ᠪᠠ ᠨᠡᠢ᠌ᠭᠡᠮ᠎ᠤᠨ ᠪᠠᠲᠤᠯᠠᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠵᠦ ᠦᠵᠡᠬᠦ᠎ᠳᠤ᠎ᠪᠠᠨ ᠶᠠᠷᠢᠭᠰᠠᠨ ᠦᠭᠡ (2022 ᠣᠨ᠎ᠤ 3 ᠳ᠋ᠤᠭ᠋ᠠᠷ ᠰᠠᠷ᠎ᠠ ᠵᠢᠨ 6᠎ᠤ ᠡᠳᠦᠷ)
ᠬᠦᠰᠡᠯ ᠡᠷᠡᠮᠡᠯᠵᠡᠯ᠎ᠲᠠᠢ᠂ ᠴᠢᠳᠠᠪᠤᠷᠢ᠎ᠲᠠᠢ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ᠎ᠤ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠲᠤ ᠢᠳᠡᠪᠬᠢᠲᠡᠢ ᠣᠷᠣᠯᠴᠠᠬᠤ ᠵᠢ ᠲᠠᠢ᠌ᠴᠢᠯᠠᠨ ᠲᠡᠮᠵᠢᠬᠦ ᠬᠡᠷᠡᠭᠳᠡᠢ᠃ ᠳᠠᠪᠬᠤᠷᠭ᠎ᠠ ᠲᠦᠷᠦᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲ᠋ᠧᠮ᠎ᠢ ᠲᠡᠬᠦᠯᠳᠡᠷᠵᠢᠬᠦᠯᠬᠦ ᠬᠡᠷᠡᠭᠳᠡᠢ᠃ ᠡᠷᠡᠭᠲᠡᠢ ᠡᠮᠡᠭᠲᠡᠢ ᠡᠷᠬᠡ ᠲᠡᠭᠰᠢ ᠪᠠᠢ᠌ᠬᠤ ᠤᠯᠤᠰ᠎ᠤᠨ ᠦᠨᠳᠦᠰᠦᠨ ᠪᠣᠳᠣᠯᠭ᠎ᠠ ᠵᠢ ᠪᠠᠷᠢᠮᠲᠠᠯᠠᠵᠤ᠂ ᠡᠮᠡᠭᠲᠡᠢ᠌ᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠳᠤᠯᠠᠬᠤ ᠬᠡᠷᠡᠭᠳᠡᠢ᠃ ᠵᠡᠮᠳᠡᠭᠴᠦᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ ᠪᠠ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠵᠡᠮᠳᠡᠭᠴᠦᠳ᠎ᠤᠨ ᠦᠢ᠍ᠯᠡᠰ᠎ᠤᠨ ᠪᠦᠬᠦ ᠲᠠᠯ᠎ᠠ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ ᠪᠠ ᠠᠵᠢᠯ᠎ᠤᠨ ᠰᠢᠰᠲ᠋ᠧᠮ᠎ᠢ ᠪᠦᠷᠢᠨᠰᠢᠬᠦᠯᠬᠦ ᠬᠡᠷᠡᠭᠳᠡᠢ᠃ ᠲᠤᠤᠷᠴᠢᠯᠠᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢ᠍ᠯᠡᠴᠢᠯᠡᠭᠡ᠂ ᠮᠡᠳᠡᠭᠡ ᠵᠠᠩᠭᠢᠵᠢᠯᠲᠠ᠎ᠪᠠᠷ ᠲᠤᠯᠭ᠋ᠠᠭᠤᠷᠢᠯᠠᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠴᠠᠭ ᠲᠤᠬᠠᠢᠳᠤᠨᠢ ᠦᠨᠳᠦᠰᠦᠨ ᠱᠠᠲᠤᠨ᠎ᠳᠤ᠂ ᠦᠨᠳᠦᠰᠦᠨ᠎ᠠᠴᠠ᠎ᠨᠢ ᠠᠷᠢᠯᠭ᠋ᠠᠨ᠎ᠠ᠃ ᠰᠢᠨ᠎ᠡ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠂ ᠰᠢᠨ᠎ᠡ ᠠᠵᠢᠯ ᠤᠯᠤᠬᠰᠠᠳ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠡᠭᠭ᠋ᠠᠳᠬᠠᠬᠤ ᠬᠡᠷᠡᠭᠳᠡᠢ᠃
— ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ (2022 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ)
ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠬᠤᠪᠢᠶᠠᠷᠢᠯᠠᠯᠲᠠ ᠵᠢᠨ ᠳᠦᠷᠢᠮ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠬᠦᠯᠳᠡᠷᠵᠢᠬᠦᠯᠤᠨ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢᠨ ᠬᠠᠡᠭᠭ᠋ᠠᠯᠭ᠎ᠠ ᠵᠢ ᠴᠢᠩᠭ᠋ᠠᠳᠬᠠᠨ᠂ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢ ᠪᠠᠲᠤ ᠰᠠᠬᠢᠵᠤ᠂ ᠠᠷᠠᠳ ᠤᠯᠠᠨ᠎ᠤ 《ᠲᠤᠯᠭ᠋ᠠᠮᠳᠠᠯ ᠬᠦᠴᠢᠢ᠍ᠷᠳᠡᠯ ᠵᠤᠪᠠᠨᠢᠯ ᠪᠠᠷᠠᠯᠠᠯ》᠎ᠢ ᠰᠠᠢ᠌ᠲᠤᠷ ᠰᠢᠢ᠍ᠳᠪᠦᠷᠢᠯᠡᠵᠦ᠂ ᠤᠳᠤᠬᠢᠴᠢᠯᠠᠯᠳᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠠᠷᠠᠳ ᠲᠦᠮᠡᠨ ᠪᠦᠬᠦᠨ᠎ᠳᠤ ᠨᠡᠩ ᠰᠠᠢ᠌ᠨ᠂ ᠨᠡᠩ ᠭᠣᠣᠯᠴᠢ᠎ᠪᠠᠷ ᠬᠦᠷᠲᠡᠭᠡᠵᠦ᠂ ᠪᠦᠬᠦ ᠠᠷᠠᠳ ᠲᠦᠮᠡᠨ᠎ᠤ ᠬᠠᠮᠲᠤ᠎ᠪᠠᠷ ᠴᠢᠨᠡᠬᠡᠯᠢᠭᠵᠢᠬᠦᠯᠬᠦ ᠲᠠᠯ᠎ᠠ᠎ᠪᠠᠷ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠤᠯᠭ᠋ᠠᠬᠤ ᠬᠡᠷᠡᠭᠳᠡᠢ᠃
— ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠳᠡᠭᠡᠷᠡᠬᠢ ᠶᠠᠷᠢᠶ᠎ᠠ (2023 ᠣᠨ᠎ᠤ 3 ᠳ᠋ᠤᠭ᠋ᠠᠷ ᠰᠠᠷ᠎ᠠ ᠵᠢᠨ 13᠎ᠤ ᠡᠳᠦᠷ)