ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠰᠢ ᠵᠢᠨ ᠫᠢᠡᠭ ᠶᠡᠷᠤᠡᠭᠭᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠨ ᠦᠬᠦᠯᠡᠯᠳᠡ (ᠬᠤᠶᠠᠷ)
ᠨᠡᠶᠢᠲᠡᠯᠡᠭᠰᠡᠨ ᠴᠠᠭ᠄ 2024-05-29

    ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠤᠷᠴᠢᠮ᠎ᠤᠨ ᠵᠢᠯ᠎ᠠᠴᠠ ᠲᠥᠪ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ᠂ ᠬᠡᠮ ᠰᠣᠭᠣᠭ᠎ᠢ ᠥᠭᠡᠷᠡᠴᠢᠯᠡᠨ ᠰᠢᠨ᠎ᠡ ᠵᠢ ᠪᠦᠳᠤᠬᠡᠵᠤ᠂ ᠬᠦᠴᠢᠷ ᠪᠡᠷᠬᠡ ᠵᠢ ᠢᠯᠠᠨ ᠲᠠᠪᠠᠬᠰᠠᠨ ᠵᠶ᠋ᠡᠷ ᠡᠯ᠎ᠡ ᠵᠦᠢ᠍ᠯ᠎ᠤᠨ ᠠᠵᠢᠯ ᠦᠢ᠍ᠯᠡᠰ ᠰᠢᠨ᠎ᠡ ᠠᠬᠢᠴᠠ᠎ᠲᠠᠢ ᠪᠣᠯᠵᠤ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠢ᠌ᠯᠭ᠋ᠠᠬᠤ ᠶᠡᠬᠡ ᠲᠠᠯ᠎ᠠ᠎ᠳᠤ ᠰᠠᠢ᠌ᠳᠤᠷ ᠦᠢ᠍ᠯᠡᠴᠢᠯᠡᠪᠡ᠃
     ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ᠎ᠤᠨ ᠠᠮᠢᠳᠤᠷᠠᠯ᠂ ᠠᠷᠠᠳ᠎ᠤᠨ ᠰᠡᠳᠬᠢᠯ᠎ᠲᠠᠢ ᠬᠣᠯᠪᠣᠭᠳᠠᠵᠤ᠂ ᠨᠡᠢ᠌ᠭᠡᠮ᠎ᠤᠨ ᠪᠠᠢ᠌ᠭᠤᠯᠤᠯᠲᠠ ᠵᠢᠨ ᠦᠨᠳᠦᠰᠦᠨ ᠪᠠᠳᠤᠯᠠᠭ᠎ᠠ ᠵᠢᠨ ᠴᠢᠨᠠᠷᠲᠠᠢ ᠰᠠᠭᠤᠷᠢ ᠠᠵᠢᠯ ᠪᠣᠯᠣᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠷᠠᠳ ᠲᠦᠮᠡᠨ ᠵᠶ᠋ᠡᠷ  ᠲᠥᠪ ᠪᠣᠯᠭ᠋ᠠᠬᠤ ᠦᠵᠡᠯᠳᠡ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠬᠦᠳᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ᠂ ᠣᠨᠴᠠᠭ᠋ᠠᠢ ᠬᠦᠮᠦᠰ ᠪᠠ ᠤᠯᠠᠨ ᠲᠦᠮᠡᠨ᠎ᠤ ᠠᠡᠭᠬᠠᠷᠴᠤ ᠪᠠᠢ᠌ᠭ᠎ᠠ ᠠᠰᠠᠭᠤᠳᠠᠯ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠵᠦ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ  ᠭᠡᠵᠦ ᠵᠢᠭ᠋ᠠᠪᠤᠷᠢᠯᠠᠵᠠᠢ᠃
 — ᠰᠢ ᠵᠢᠨ ᠫᠢᠩ ᠶᠡᠷᠤᠡᠭᠭᠡᠢ ᠱᠦᠵᠢ 2019 ᠣᠨ᠎ᠤ 4 ᠳ᠋ᠤᠬᠡᠷ ᠰᠠᠷ᠎ᠠ᠎ᠳᠤ ᠠᠷᠪᠠᠨ ᠳᠥᠷᠪᠡᠳᠦᠭᠡᠷ  ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠤᠷᠠᠯ ᠬᠤᠷᠠᠯᠳᠤᠬᠤ᠎ᠠᠴᠠ ᠡᠮᠦᠨᠡᠬᠡᠨ ᠠᠷᠠᠳ᠎ᠤᠨ ᠶᠠᠪᠤᠳᠠᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠭᠦ᠎ᠳᠤ᠎ᠪᠠᠨ  ᠶᠠᠷᠢᠭᠰᠠᠨ ᠦᠬᠡ
      
  ᠲᠦᠷᠦ ᠪᠣᠯ ᠠᠷᠠᠳ ᠲᠦᠮᠡᠨ᠂ ᠠᠷᠠᠳ ᠲᠦᠮᠡᠨ ᠪᠣᠯ ᠲᠦᠷᠦ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠲᠦᠷᠤ ᠵᠢ ᠡᠵᠡᠯᠡᠵᠤ᠂ ᠲᠦᠷᠤ ᠪᠠᠷᠢᠬᠤ᠎ᠳᠤ ᠠᠷᠠᠳ ᠲᠦᠮᠡᠨ᠎ᠤ ᠰᠡᠳᠬᠢᠯ᠎ᠢ ᠰᠠᠬᠢᠵᠤ ᠪᠠᠢ᠌ᠳᠠᠭ ᠶᠤᠮ᠃ ᠤᠯᠤᠰ᠎ᠢ ᠵᠠᠰᠠᠬᠤ᠎ᠳᠤ ᠬᠠᠤᠯᠢ ᠲᠦᠷᠢᠮ ᠪᠠᠢ᠌ᠬᠤ ᠬᠡᠷᠡᠭᠳᠡᠢ᠂ ᠠᠷᠠᠳ᠎ᠲᠤ ᠠᠰᠢᠭ ᠬᠦᠷᠲᠡᠭᠡᠬᠦ᠎ᠪᠠᠷ ᠦᠨᠳᠦᠰᠦ  ᠪᠤᠯᠭ᠋ᠠᠬᠤ ᠬᠡᠷᠡᠭᠳᠡᠢ᠃ ᠠᠷᠠᠳ ᠲᠦᠮᠡᠨ᠎ᠳᠤ ᠪᠤᠶᠠᠨ ᠦᠢ᠍ᠯᠡᠳᠬᠦ ᠪᠣᠯ ᠨᠡᠶ᠋ᠢᠲᠡ ᠵᠢᠨ ᠲᠥᠯᠥᠭᠡ ᠨᠠᠮ ᠪᠠᠢ᠌ᠭᠤᠯᠵᠤ᠂ ᠠᠷᠠᠳ᠎ᠤᠨ ᠲᠥᠯᠥᠭᠡ ᠲᠦᠷᠦ ᠪᠠᠷᠢᠬᠤ ᠵᠢᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠃ ᠡᠷᠬᠡᠪᠰᠢ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠪᠠᠷᠢᠮᠲᠠᠯᠠᠵᠤ᠂ ᠬᠠᠮᠳᠤ᠎ᠪᠠᠷ ᠲᠡᠮᠡᠴᠡᠵᠦ ᠰᠠᠢ᠌ᠨ ᠰᠠᠢ᠌ᠬᠠᠨ ᠠᠮᠢᠳᠤᠷᠠᠯ᠎ᠢ ᠴᠣᠭᠴᠠᠯᠠᠨ ᠪᠠᠶ᠋ᠢᠭᠤᠯᠬᠤ ᠵᠢ ᠵᠣᠷᠢᠭᠵᠢᠭᠤᠯᠵᠤ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ᠃
  ᠪᠢᠳᠡ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠪᠡᠶᠡᠯᠡᠭᠦᠯᠵᠦ᠂ ᠰᠠᠢ᠌ᠲᠤᠷ ᠬᠠᠮᠠᠭ᠋ᠠᠯᠠᠵᠤ᠂ ᠰᠠᠢ᠌ᠲᠤᠷ ᠬᠥᠭᠵᠢᠭᠦᠯᠵᠦ᠂ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠴᠢᠩᠭ᠎ᠠ ᠠᠳᠬᠤᠵᠤ᠂ ᠴᠢᠳᠠᠯ᠎ᠤᠨ ᠬᠢᠷᠢ᠎ᠪᠠᠷ ᠵᠶ᠋ᠡᠨ ᠴᠢᠷᠮᠠᠢ᠌ᠬᠤ ᠪᠠ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠤᠯᠠᠨ ᠲᠦᠮᠡᠨ᠎ᠤ ᠳᠤᠮᠳᠠ  ᠣᠴᠢᠨ᠂ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠠᠷᠠᠳ᠎ᠲᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠨᠡᠩ ᠤᠯᠠᠨ ᠠᠷᠭ᠎ᠠ᠎ᠪᠠᠷ ᠠᠷᠠᠳ ᠤᠯᠠᠨ᠎ᠤ  ᠲᠤᠯᠭ᠋ᠠᠮᠳᠠᠯ ᠬᠦᠴᠢᠷᠳᠡᠯ ᠵᠤᠪᠠᠨᠢᠯ  ᠪᠠᠷᠠᠯᠠᠯ᠎ᠢ ᠴᠢᠷᠮᠠᠢ᠌ᠨ ᠰᠠᠢ᠌ᠲᠤᠷ ᠰᠢᠢ᠍ᠳᠪᠦᠷᠢᠯᠡᠵᠦ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠦᠨ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠲᠦᠪᠰᠢᠨ᠎ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠬᠦᠷᠦᠯᠴᠡᠬᠦᠢ᠌ᠴᠡ ᠴᠢᠨᠠᠷ᠎ᠢ ᠴᠢᠩᠭ᠋ᠠᠷᠠᠭᠤᠯᠵᠤ᠂ ᠬᠠᠮᠲᠤ᠎ᠪᠠᠷ ᠴᠢᠨᠡᠭᠡᠯᠢᠭᠵᠢᠬᠦ ᠠᠵᠢᠯ᠎ᠢ ᠯᠠᠪᠳᠠᠭᠤᠨ ᠠᠬᠢᠭᠤᠯᠬᠤ ᠬᠡᠷᠡᠭᠳᠡᠢ᠃
   — ᠰᠢ ᠵᠢᠨ ᠫᠢᠩ ᠶᠡᠷᠦᠩᠬᠡᠢ ᠱᠦᠵᠢ ᠵᠢᠨ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠤᠨ ᠢᠯᠡᠳᠬᠡᠯ
 
ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠠᠯᠠᠭ᠎ᠠ᠃ ᠬᠦᠴᠢᠷᠳᠡᠯ᠎ᠲᠠᠢ ᠤᠯᠠᠨ ᠲᠦᠮᠡᠨ᠎ᠢ ᠪᠢᠳᠡ ᠣᠨᠴᠠᠭ᠋ᠠᠢ᠌ᠯᠠᠨ ᠠᠩᠬᠠᠷᠴᠤ᠂ ᠣᠨᠴᠠᠭ᠋ᠠᠢ᠌ᠯᠠᠨ ᠬᠠᠯᠠᠮᠵᠢᠯᠠᠵᠤ᠂ ᠲᠡᠳᠡᠨ᠎ᠢ ᠬᠠᠪᠰᠤᠷᠤᠨ ᠬᠦᠴᠢᠷ ᠵᠣᠪᠠᠭᠤᠷᠢ ᠵᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ᠃ ᠨᠡᠢ᠌ᠭᠡᠮ᠎ᠤᠨ  ᠲᠤᠰᠠᠯᠠᠮᠵᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠨᠳᠦᠰᠦᠨ ᠠᠮᠢᠳᠤᠷᠠᠯ᠎ᠤᠨ  ᠲᠤᠰᠠᠯᠠᠮᠵᠢ᠂ ᠲᠤᠰᠬᠠᠢ ᠲᠦᠷᠦᠯ᠎ᠤᠨ ᠨᠡᠢ᠌ᠭᠡᠮ᠎ᠤᠨ  ᠲᠤᠰᠠᠯᠠᠮᠵᠢ᠂ ᠪᠠᠴᠢᠮ ᠬᠦᠴᠢᠷᠲᠡᠢ  ᠬᠦᠮᠦᠰ᠎ᠤᠨ ᠲᠦᠯᠤᠬᠡᠬᠢ ᠨᠡᠢ᠌ᠭᠡᠮ᠎ᠤᠨ  ᠲᠤᠰᠠᠯᠠᠮᠵᠢ᠎ᠪᠠᠷ ᠭᠣᠣᠯ ᠴᠣᠭᠴᠠ ᠪᠣᠯᠭ᠋ᠠᠭᠰᠠᠨ᠂ ᠨᠡᠢ᠌ᠭᠡᠮ᠎ᠤᠨ ᠬᠦᠴᠦᠨ᠎ᠤ ᠤᠷᠤᠯᠴᠠᠯᠭ᠎ᠠ᠎ᠪᠠᠷ ᠨᠥᠬᠥᠪᠦᠷᠢ ᠪᠣᠯᠭ᠋ᠠᠭᠰᠠᠨ᠂ ᠪᠦᠬᠦ ᠲᠠᠯ᠎ᠠ ᠵᠢ ᠬᠠᠮᠤᠷᠤᠭᠰᠠᠨ᠂  ᠳᠠᠪᠬᠤᠷᠭ᠎ᠠ ᠲᠦᠷᠦᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠪᠦᠲᠦᠮᠵᠢᠲᠡᠢ ᠨᠡᠢ᠌ᠭᠡᠮ᠎ᠤᠨ  ᠲᠤᠰᠠᠯᠠᠮᠵᠢ ᠵᠢᠨ ᠪᠠᠢ᠌ᠷᠢᠰᠢᠯ᠎ᠢ ᠪᠦᠷᠢᠯᠳᠦᠭᠦᠯᠬᠦ ᠬᠡᠷᠡᠭᠲᠡᠢ᠃ ᠤᠨᠴᠠᠭ᠋ᠠᠢ ᠬᠥᠮᠥᠰ᠎ᠤᠨ ᠣᠨᠴᠠᠯᠢᠭ ᠪᠠ ᠬᠡᠷᠡᠭᠴᠡᠭᠡ᠎ᠳᠤ ᠴᠢᠭᠯᠡᠭᠦᠯᠦᠨ ᠠᠷᠭ᠎ᠠ ᠪᠣᠳᠣᠯᠭ᠎ᠠ ᠵᠢ ᠨᠠᠷᠢᠯᠢᠭ ᠣᠨᠣᠴᠠᠲᠠᠢ ᠬᠡᠷᠡᠭᠵᠢᠭᠦᠯᠵᠦ᠂ ᠡᠯ᠎ᠡ ᠲᠥᠷᠥᠯ᠎ᠤᠨ ᠲᠤᠰᠠᠯᠠᠮᠵᠢ ᠵᠢᠨ ᠮᠥᠩᠭᠥ ᠵᠢ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠲᠠᠷᠬᠠᠭ᠋ᠠᠵᠤ᠂ ᠲᠦᠷ ᠴᠠᠭ᠎ᠤᠨ  ᠲᠤᠰᠠᠯᠠᠮᠵᠢ ᠵᠢᠨ ᠡᠷᠴᠢᠮ᠎ᠢ ᠴᠢᠩᠭ᠋ᠠᠳᠬᠠᠨ᠂ ᠰᠠᠭᠤᠷᠢ ᠵᠢ ᠵᠠᠪᠠᠯ ᠪᠠᠳᠤᠯᠠᠨ᠂ ᠰᠠᠭᠤᠷᠢ ᠵᠢ ᠤᠨᠤᠪᠴᠢᠳᠠᠢ ᠪᠠᠳᠤᠯᠠᠨ᠂ ᠰᠠᠭᠤᠷᠢ ᠵᠢ ᠰᠠᠢ᠌ᠲᠤᠷ ᠪᠠᠲᠤᠯᠠᠬᠤ ᠬᠡᠷᠡᠭᠲᠡᠢ᠃ ᠬᠥᠳᠡᠭᠡ ᠲᠣᠰᠬᠣᠨ᠎ᠤ ᠨᠡᠢ᠌ᠭᠡᠮ᠎ᠤᠨ ᠠᠰᠠᠷᠠᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ᠂ ᠬᠦᠳᠡᠬᠡ ᠲᠣᠰᠬᠣᠨ᠎ᠤ ᠨᠠᠰᠤᠲᠠᠢ᠌ᠴᠤᠳ᠂  ᠬᠡᠤᠬᠡᠳ᠂ 《ᠬᠡᠷ᠎ᠲᠤ᠎ᠪᠠᠨ ᠬᠤᠴᠤᠷᠤᠬᠰᠠᠨ ᠭᠤᠷᠪᠠᠨ ᠲᠦᠷᠤᠯ᠎ᠤᠨ ᠬᠦᠮᠦᠨ》 ᠵᠡᠷᠭᠡ ᠣᠨᠴᠠᠭ᠋ᠠᠢ ᠪᠠ ᠬᠦᠴᠢᠷᠳᠡᠯᠲᠡᠢ ᠬᠥᠮᠥᠰ᠎ᠢ  ᠬᠠᠯᠠᠮᠵᠢᠯᠠᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠬᠢᠵᠢᠭ᠂ ᠭᠠᠮᠰᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠤ ᠲᠦᠷ ᠴᠠᠭ ᠎ᠤᠨ ᠲᠤᠰᠠᠯᠠᠮᠵᠢ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠵᠡᠮᠳᠡᠭᠴᠦᠳ᠎ᠢ ᠡᠷᠡᠭᠦᠯᠵᠢᠭᠦᠯᠬᠦ᠂ ᠰᠤᠷᠭ᠋ᠠᠨ ᠬᠥᠮᠥᠵᠢᠭᠦᠯᠬᠦ᠂ ᠠᠵᠢᠯ ᠣᠯᠭᠣᠬᠤ ᠵᠡᠷᠭᠡ ᠠᠵᠢᠯ᠎ᠢ ᠰᠠᠢ᠌ᠲᠤᠷ ᠬᠢᠵᠦ᠂ ᠲᠡᠨᠦᠭᠦᠴᠢᠯᠡᠨ  ᠭᠤᠢ᠌ᠷᠠᠨᠴᠢᠯᠠᠬᠰᠠᠳ᠎ᠤᠨ ᠪᠡᠶ᠎ᠡ ᠵᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ᠎ᠢ ᠪᠠᠲᠤᠯᠠᠵᠤ᠂ ᠣᠶᠣᠨ ᠎ᠤ ᠰᠠᠭ᠋ᠠᠳ᠎ᠲᠠᠢ ᠬᠥᠮᠥᠰ᠎ᠢ ᠬᠠᠯᠠᠮᠵᠢᠯᠠᠨ᠂ ᠡᠮᠡᠭᠲᠡᠢ᠌ᠴᠦᠳ᠂ ᠬᠡᠦᠬᠡᠳ᠂ ᠨᠠᠰᠤᠲᠠᠢ᠌ᠴᠤᠳ᠂ ᠵᠡᠮᠳᠡᠭᠴᠦᠳ᠎ᠢ ᠳᠠᠷᠤᠯᠠᠵᠤ ᠬᠠᠯᠠ ᠦᠵᠡᠭᠦᠯᠬᠦ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠢ᠃
 —  ᠰᠢ ᠵᠢᠨ ᠫᠢᠩ ᠶᠡᠷᠦᠩᠬᠡᠢ ᠱᠦᠵᠢ 2022 ᠣᠨ᠎ᠤ 3 ᠳ᠋ᠤᠭ᠋ᠠᠷ ᠰᠠᠷ᠎ᠠ ᠵᠢᠨ 6᠎ᠤ ᠡᠳᠦᠷ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ  ᠲᠠᠪᠤᠳᠤᠭ᠋ᠠᠷ  ᠬᠤᠷᠠᠯ᠎ᠳᠤ ᠣᠷᠣᠯᠴᠠᠭᠰᠠᠨ ᠲᠠᠷᠢᠶᠠᠯᠠᠩ ᠂ ᠨᠡᠢ᠌ᠭᠡᠮ᠎ᠤᠨ ᠠᠰᠠᠷᠠᠮᠵᠢ ᠪᠠ ᠨᠡᠢ᠌ᠭᠡᠮ᠎ᠤᠨ ᠪᠠᠲᠤᠯᠠᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠵᠦ ᠦᠵᠡᠬᠦ᠎ᠳᠤ᠎ᠪᠠᠨ  ᠶᠠᠷᠢᠭᠰᠠᠨ ᠦᠭᠡ

ᠠᠷᠠᠳ᠎ᠤᠨ ᠠᠮᠢᠳᠤᠷᠠᠯ ᠪᠣᠯ ᠬᠠᠮᠤᠭ᠎ᠤᠨ ᠶᠡᠬᠡ ᠤᠯᠤᠰ ᠲᠦᠷᠦ ᠮᠥᠨ᠃ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ᠂ ᠬᠠᠮᠤᠭ᠎ᠤᠨ ᠰᠢᠭᠤᠳ᠂ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠠᠳᠬᠤᠵᠤ᠂ ᠠᠷᠠᠳ ᠣᠯᠠᠨ᠎ᠤ ᠪᠠᠭ᠎ᠠ ᠶᠠᠪᠤᠳᠠᠯ᠎ᠢ ᠮᠠᠨ᠎ᠤ ᠶᠡᠬᠡ ᠶᠠᠪᠤᠳᠠᠯ ᠵᠶ᠋ᠠᠨ ᠪᠣᠯᠭ᠋ᠠᠵᠤ᠂ ᠠᠷᠠᠳ ᠤᠯᠠᠨ᠎ᠤ ᠠᠩᠬᠠᠷᠴᠤ ᠪᠠᠢ᠌ᠭ᠎ᠠ ᠤᠴᠢᠷ ᠶᠠᠪᠤᠳᠠᠯ᠎ᠠᠴᠠ ᠭᠠᠷᠳᠠᠨ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠤᠴᠢᠷ ᠶᠠᠪᠤᠳᠠᠯ᠎ᠠᠴᠠ ᠡᠬᠢᠯᠡᠨ ᠠᠳᠬᠤᠵᠤ᠂ ᠪᠦᠬᠦ ᠲᠠᠯ᠎ᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯᠲᠡᠢ ᠤᠯᠠᠨ ᠲᠦᠮᠡᠨ᠎ᠢ ᠲᠤᠰᠠᠯᠠᠬᠤ ᠠᠵᠢᠯ᠎ᠢ ᠬᠦᠨᠳᠤ᠎ᠪᠠᠷ ᠴᠢᠬᠤᠯᠠᠴᠢᠯᠠᠨ᠂ ᠤᠯᠠᠨ  ᠳᠠᠪᠬᠤᠷᠭ᠎ᠠ ᠵᠢᠨ ᠨᠡᠢ᠌ᠭᠡᠮ᠎ᠤᠨ ᠪᠠᠳᠤᠯᠠᠭ᠎ᠠ ᠵᠢᠨ ᠰᠢᠰᠲᠸᠮ᠎ᠢ ᠲᠦᠷᠭᠡᠨ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠵᠦ ᠤᠨᠢᠨ ᠳᠡᠭᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠬᠤ ᠵᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢ ᠤᠨᠢᠨ ᠳᠡᠭᠡᠷ᠎ᠡ᠎ᠨᠢ ᠨᠠᠷᠢᠯᠢᠭᠵᠢᠭᠤᠯᠬᠤ ᠵᠢ ᠠᠬᠢᠭᠤᠯᠬᠤ ᠬᠡᠷᠡᠭᠲᠡᠢ᠃
 —  ᠰᠢ ᠵᠢᠨ ᠫᠢᠩ ᠶᠡᠷᠦᠩᠬᠡᠢ ᠱᠦᠵᠢ 2018 ᠣᠨ᠎ᠤ 4 ᠳ᠋ᠤᠬᠡᠷ ᠰᠠᠷ᠎ᠠ ᠵᠢᠨ 28᠎ᠤ ᠡᠳᠦᠷ ᠬᠤᠪᠧᠢ ᠮᠤᠵᠢ ᠵᠢᠨ ᠨᠠᠮ᠎ᠤᠨ ᠬᠣᠷᠢᠶ᠎ᠠ ᠪᠠ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠤᠨᠤᠰᠤᠭ᠋ᠠᠳ  ᠶᠠᠷᠢᠭᠰᠠᠨ ᠦᠭᠡ

ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠪᠣᠯ ᠤᠷᠳᠤ ᠬᠤᠭᠤᠴᠠᠭ᠋ᠠᠨ᠎ᠤ ᠠᠵᠢᠯ ᠮᠥᠨ᠂  ᠪᠠᠷᠢᠶᠠᠨ᠎ᠤ ᠭᠠᠵᠠᠷ ᠪᠠᠢ᠌ᠬᠤ ᠦᠭᠡᠢ᠂ ᠬᠠᠷᠢᠨ ᠲᠠᠰᠤᠷᠠᠯᠳᠡ ᠦᠭᠡᠢ ᠦᠷᠭᠦᠯᠵᠢᠯᠡᠭᠰᠡᠨ ᠰᠢᠨ᠎ᠡ ᠭᠠᠷᠤᠭ᠎ᠠ᠎ᠲᠠᠢ ᠶᠤᠮ᠂ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ ᠵᠢᠨ ᠰᠠᠢ᠌ᠨ ᠣᠷᠴᠢᠯ᠎ᠢ ᠪᠡᠶᠡᠯᠡᠭᠦᠯᠬᠦ ᠬᠡᠷᠡᠭᠲᠡᠢ᠃
—  ᠰᠢ ᠵᠢᠨ ᠫᠢᠩ ᠶᠡᠷᠦᠩᠬᠡᠢ ᠱᠦᠵᠢ 2013 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ ᠲᠢᠶᠠᠨᠵᠢᠨ᠎ᠳᠤ ᠠᠵᠢᠯ ᠪᠠᠢ᠌ᠴᠠᠭ᠋ᠠᠬᠤ᠎ᠳᠤ᠎ᠪᠠᠨ ᠶᠠᠷᠢᠭᠰᠠᠨ ᠦᠭᠡ

      ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ ᠪᠣᠯ ᠬᠦᠭᠵᠢᠬᠦᠯᠤᠯᠳᠡ ᠵᠢᠨ ᠦᠨᠳᠦᠰᠦᠨ ᠵᠣᠷᠢᠯᠭ᠎ᠠ ᠮᠥᠨ᠃ ᠡᠷᠬᠡᠪᠰᠢ ᠠᠷᠠᠳ᠎ᠤᠨ ᠠᠮᠢᠳᠤᠷᠠᠯ᠎ᠤᠨ ᠠᠰᠢᠭ ᠲᠤᠰᠠ ᠵᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ ᠵᠢ ᠢᠯᠡᠭᠦᠬᠡᠨ ᠰᠢᠢ᠍ᠳᠪᠦᠷᠢᠯᠡᠵᠦ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠵᠦ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠤ᠂ ᠪᠠᠭ᠎ᠠ᠎ᠳᠤ᠎ᠪᠠᠨ ᠬᠦᠷᠳᠡᠬᠦ ᠬᠥᠮᠦᠵᠢᠯ᠎ᠲᠠᠢ᠂ ᠰᠤᠷᠤᠯᠴᠠᠬᠤ᠎ᠠᠴᠠ ᠰᠤᠷᠭ᠋ᠠᠭᠤᠯᠢ᠎ᠲᠠᠢ᠂ ᠬᠥᠳᠡᠯᠮᠦᠷᠢᠯᠡᠪᠡᠯ ᠣᠷᠣᠯᠭ᠎ᠠ᠎ᠲᠠᠢ᠂ ᠡᠪᠡᠳᠴᠢᠯᠡᠪᠡᠯ ᠡᠮᠨᠡᠯᠭᠡ᠎ᠲᠠᠢ᠂ ᠥᠲᠡᠯᠪᠡᠯ ᠠᠰᠠᠷᠠᠮᠵᠢ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢ᠌ᠴᠤᠤᠯ᠎ᠳᠤ᠎ᠨᠢ ᠲᠡᠳᠬᠦᠮᠵᠢ᠎ᠲᠠᠢ ᠪᠠᠢ᠌ᠬᠤ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠠᠬᠢᠴᠠ᠎ᠲᠠᠢ ᠪᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠠᠵᠢᠯ᠎ᠢ ᠭᠦᠨᠵᠡᠭᠡᠢ ᠥᠷᠨᠢᠭᠦᠯᠵᠦ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠬᠦᠭᠵᠢᠬᠦᠯᠤᠯᠳᠡ ᠵᠢᠨ ᠳᠤᠮᠳᠠ ᠪᠦᠬᠦ ᠠᠷᠠᠳ ᠲᠦᠮᠡᠨ᠎ᠢ ᠨᠡᠩ ᠬᠦᠷᠲᠡᠮᠵᠢ ᠵᠢᠨ ᠲᠥᠷᠥᠭᠳᠡᠯ᠎ᠲᠠᠢ ᠪᠤᠯᠭ᠋ᠠᠬᠤ ᠵᠢ ᠪᠠᠲᠤᠯᠠᠵᠤ᠂ ᠬᠥᠮᠥᠨ᠎ᠤ ᠪᠦᠬᠦ ᠲᠠᠯ᠎ᠠ ᠵᠢᠨ ᠬᠥᠭᠵᠢᠯᠲᠡ᠂ ᠪᠦᠬᠦ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ᠃
  — ᠰᠢ ᠵᠢᠨ ᠫᠢᠩ ᠶᠡᠷᠦᠩᠬᠡᠢ ᠱᠦᠵᠢ ᠵᠢᠨ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠤᠳᠠᠭ᠎ᠠ ᠵᠢᠨ ᠪᠥᠬᠥ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠤᠨ ᠢᠯᠡᠳᠬᠡᠯ

      ᠠᠷᠠᠳ ᠲᠦᠮᠡᠨ ᠵᠶ᠋ᠡᠷ  ᠲᠥᠪ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠠᠳᠬᠤᠵᠤ᠂ ᠠᠷᠠᠳ᠎ᠤᠨ ᠠᠮᠢᠳᠤᠷᠠᠯ᠎ᠢ ᠲᠠᠰᠤᠷᠠᠯᠳᠠ ᠦᠭᠡᠢ ᠪᠠᠲᠤᠯᠠᠨ ᠰᠠᠢ᠌ᠵᠢᠷᠠᠭᠤᠯᠵᠤ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠤ᠂ ᠪᠠᠭ᠎ᠠ᠎ᠳᠤ᠎ᠪᠠᠨ ᠬᠦᠷᠳᠡᠬᠦ ᠬᠥᠮᠦᠵᠢᠯ᠎ᠲᠠᠢ᠂ ᠰᠤᠷᠤᠯᠴᠠᠬᠤ᠎ᠠᠴᠠ ᠰᠤᠷᠭ᠋ᠠᠭᠤᠯᠢ᠎ᠲᠠᠢ᠂ ᠬᠥᠳᠡᠯᠮᠦᠷᠢᠯᠡᠪᠡᠯ ᠣᠷᠣᠯᠭ᠎ᠠ᠎ᠲᠠᠢ᠂ ᠡᠪᠡᠳᠴᠢᠯᠡᠪᠡᠯ ᠡᠮᠨᠡᠯᠭᠡ᠎ᠲᠠᠢ᠂ ᠥᠲᠡᠯᠪᠡᠯ ᠠᠰᠠᠷᠠᠮᠵᠢ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢ᠌ᠴᠤᠤᠯ᠎ᠳᠤ᠎ᠨᠢ ᠲᠡᠳᠬᠦᠮᠵᠢ᠎ᠲᠠᠢ ᠪᠠᠢ᠌ᠬᠤ ᠨᠡᠡᠭ ᠦᠨᠳᠤᠷ ᠲᠦᠪᠰᠢᠨ ᠪᠦᠬᠦᠶᠢ ᠨᠦᠬᠦᠴᠡᠯ ᠵᠢ ᠪᠡᠶᠡᠯᠡᠭᠦᠯᠵᠦ᠂ ᠬᠦᠭᠵᠢᠬᠦᠯᠤᠯᠳᠡ ᠵᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠢᠯᠡᠭᠦᠦ ᠨᠡᠩ ᠭᠣᠣᠯᠴᠢ᠎ᠪᠠᠷ ᠬᠦᠷᠲᠡᠭᠡᠵᠦ᠂ ᠬᠥᠮᠥᠨ᠎ᠤ ᠪᠦᠬᠦ ᠲᠠᠯ᠎ᠠ ᠵᠢᠨ ᠬᠥᠭᠵᠢᠯᠲᠡ ᠵᠢ ᠲᠠᠰᠤᠷᠠᠯᠳᠠ ᠦᠭᠡᠢ ᠠᠬᠢᠭᠤᠯᠵᠤ᠂ ᠪᠦᠬᠦ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠪᠠᠷ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ᠃
 — ᠰᠢ ᠵᠢᠨ ᠫᠢᠩ ᠶᠡᠷᠦᠩᠬᠡᠢ ᠱᠦᠵᠢ  2018 ᠣᠨ᠎ᠤ 5 ᠳ᠋ᠤᠭ᠋ᠠᠷ ᠰᠠᠷ᠎ᠠ ᠵᠢᠨ 4᠎ᠤ ᠡᠳᠦᠷ  ᠮᠠᠷᠺᠰ᠎ᠤᠨ ᠮᠡᠨᠳᠦᠯᠡᠭᠰᠡᠨ 200 ᠵᠢᠯ᠎ᠤᠨ ᠤᠢ ᠵᠢ ᠳᠤᠷᠠᠰᠬᠠᠬᠤ ᠶᠡᠬᠡ ᠬᠤᠷᠠᠯ ᠳᠡᠭᠡᠷ᠎ᠡ ᠶᠠᠷᠢᠭᠰᠠᠨ ᠦᠭᠡ

ᠠᠷᠠᠳ ᠲᠦᠮᠡᠨ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠠᠢ᠌ᠬᠤ ᠪᠣᠯ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠡᠴᠦᠰ᠎ᠤᠨ ᠵᠣᠷᠢᠯᠭ᠎ᠠ ᠪᠣᠯᠣᠨ᠎ᠠ᠃ ᠦᠨᠳᠦᠰᠦᠨ ᠱᠠᠲᠤᠨ᠎ᠤ ᠵᠠᠰᠠᠯᠲᠠ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠣᠯ ᠠᠷᠠᠳ ᠤᠯᠠᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠵᠤ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ᠂ ᠴᠢᠨᠠᠷ ᠰᠠᠢ᠌ᠲᠠᠢ ᠠᠮᠢᠳᠤᠷᠠᠯ᠎ᠢ ᠴᠣᠭᠴᠠᠯᠠᠬᠤ ᠵᠢᠨ ᠰᠠᠭᠤᠷᠢ ᠴᠢᠨᠠᠷᠲᠠᠢ ᠢᠨᠵᠧᠨᠧᠷᠢᠩ ᠮᠥᠨ᠂ ᠡᠬᠦᠨ᠎ᠢ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠷᠬᠡᠪᠰᠢ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃
 — ᠰᠢ ᠵᠢᠨ ᠫᠢᠩ ᠶᠡᠷᠦᠩᠬᠡᠢ ᠱᠦᠵᠢ 2023 ᠣᠨ᠎ᠤ 3 ᠳ᠋ᠤᠭ᠋ᠠᠷ ᠰᠠᠷ᠎ᠠ ᠵᠢᠨ 5᠎ᠤ ᠡᠳᠦᠷ  ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ  ᠬᠤᠷᠠᠯ᠎ᠤᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ  ᠵᠦᠪᠯᠡᠬᠦ᠎ᠳᠤ ᠣᠷᠤᠯᠴᠠᠬᠤ᠎ᠳᠤ᠎ᠪᠠᠨ ᠶᠠᠷᠢᠭᠰᠠᠨ ᠦᠬᠡ

ᠡᠷᠲᠡ ᠴᠢᠯᠦᠭᠡᠯᠡᠭᠳᠡᠭᠰᠡᠨ ᠣᠷᠣᠨ᠎ᠤ ᠠᠷᠠᠳ ᠲᠦᠮᠡᠨ᠎ᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠳᠤ᠎ᠪᠠᠷ ᠡᠳ᠋ᠯᠡᠵᠦ᠂ ᠵᠣᠯ ᠵᠢᠷᠭ᠋ᠠᠯᠲᠤ ᠠᠮᠢᠳᠤᠷᠠᠯ᠎ᠢ ᠡᠳ᠋ᠯᠡᠬᠦ ᠵᠢ ᠪᠠᠲᠤᠯᠠᠬᠤ ᠪᠣᠯ ᠪᠦᠬᠦ ᠠᠷᠠᠳ ᠲᠦᠮᠡᠨ᠎ᠤ  ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠬᠣᠷᠢᠭ᠎ᠠ ᠱᠤᠭᠤᠮ᠎ᠤᠨ ᠡᠭᠦᠷᠭᠡ ᠪᠣᠯᠣᠨ᠎ᠠ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢ ᠴᠢᠩᠭ᠋ᠠᠳᠬᠠᠵᠤ᠂ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠢ᠌ᠷᠢ ᠵᠢ ᠥᠷᠭᠡᠳᠬᠡᠬᠦ ᠲᠡᠬᠡᠷ᠎ᠡ ᠬᠦᠴᠦ ᠲᠠᠯᠪᠢᠵᠤ᠂ ᠭᠣᠣᠯᠳᠠᠯᠭ᠎ᠠ᠎ᠲᠠᠢ ᠬᠦᠮᠦᠰ᠎ᠲᠤ ᠠᠵᠢᠯ ᠣᠯᠭᠣᠬᠤ ᠠᠵᠢᠯ᠎ᠢ ᠰᠠᠢ᠌ᠳᠤᠷ ᠬᠢᠬᠦ ᠬᠡᠷᠡᠭᠳᠡᠢ᠃ ᠰᠠᠭᠤᠷᠢ ᠴᠢᠨᠠᠷᠲᠠᠢ᠂  ᠲᠦᠭᠡᠮᠡᠯ ᠬᠠᠷᠠᠭ᠋ᠠᠯᠵᠠᠯ ᠪᠦᠬᠦᠢ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠂ ᠨᠡᠢ᠌ᠭᠡᠮ᠎ᠤᠨ  ᠲᠤᠰᠠᠯᠠᠮᠵᠢ ᠪᠠ ᠨᠢᠭᠦᠯᠡᠰᠦᠩᠭᠦᠢ ᠵᠢᠨ ᠳᠦᠷᠢᠮ᠎ᠢ ᠲᠡᠬᠦᠯᠳᠡᠷᠵᠢᠬᠦᠯᠤᠨ᠂ ᠤᠯᠠᠨ ᠨᠡᠶ᠋ᠢᠲᠡ ᠵᠢᠨ ᠦᠨᠳᠦᠰᠦᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠬᠤᠳᠠ ᠬᠥᠳᠡᠭᠡ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠷᠠᠭᠤᠯᠵᠤ᠂ ᠲᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ᠎ᠳᠤ ᠪᠠᠢ᠌ᠭ᠎ᠠ ᠬᠦᠮᠦᠰ᠂ ᠠᠵᠢᠯ᠎ᠲᠠᠢ ᠬᠦᠮᠦᠨ ᠨᠢᠬᠡ ᠴᠦ᠍ ᠦᠬᠡᠢ ᠭᠡᠷ ᠪᠦᠯᠢ ᠵᠡᠷᠭᠡ  ᠬᠦᠴᠢᠷᠳᠡᠯᠳᠡᠢ ᠬᠦᠮᠦᠰ ᠎ᠢ ᠲᠡᠳᠬᠦᠬᠦ ᠠᠵᠢᠯ᠎ᠢ ᠴᠢᠡᠭᠭ᠋ᠠᠳᠬᠠᠬᠤ ᠬᠡᠷᠡᠭᠳᠡᠢ᠃
—  ᠰᠢ ᠵᠢᠨ ᠫᠢᠩ ᠶᠡᠷᠦᠩᠬᠡᠢ ᠱᠦᠵᠢ 2023 ᠣᠨ᠎ᠤ 10 ᠳ᠋ᠤᠭ᠋ᠠᠷ ᠰᠠᠷ᠎ᠠ ᠵᠢᠨ 13᠎ᠤ ᠡᠳᠦᠷ ᠵᠢᠶᠠᠩᠰᠢ ᠮᠤᠵᠢ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ᠎ᠳᠤ᠎ᠪᠠᠨ ᠶᠠᠷᠢᠭᠰᠠᠨ ᠦᠭᠡ

  ᠳᠠᠪᠬᠤᠷᠭ᠎ᠠ ᠲᠦᠷᠦᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲ᠋ᠧᠮ᠎ᠢ  ᠲᠡᠬᠦᠯᠳᠡᠷᠵᠢᠬᠦᠯᠬᠦ ᠬᠡᠷᠡᠭᠳᠡᠢ᠃ ᠡᠷᠡᠭᠲᠡᠢ ᠡᠮᠡᠭᠲᠡᠢ ᠡᠷᠬᠡ ᠲᠡᠭᠰᠢ ᠪᠠᠢ᠌ᠬᠤ ᠤᠯᠤᠰ᠎ᠤᠨ ᠦᠨᠳᠦᠰᠦᠨ ᠪᠣᠳᠣᠯᠭ᠎ᠠ ᠵᠢ ᠪᠠᠷᠢᠮᠲᠠᠯᠠᠵᠤ᠂ ᠡᠮᠡᠭᠲᠡᠢ᠌ᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠳᠤᠯᠠᠬᠤ ᠬᠡᠷᠡᠭᠳᠡᠢ᠃ ᠵᠡᠮᠳᠡᠭᠴᠦᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ ᠪᠠ  ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠵᠡᠮᠳᠡᠭᠴᠦᠳ᠎ᠤᠨ ᠦᠢ᠍ᠯᠡᠰ᠎ᠤᠨ ᠪᠦᠬᠦ ᠲᠠᠯ᠎ᠠ ᠵᠢᠨ ᠬᠦᠭᠵᠢᠯᠳᠡ ᠵᠢ ᠠᠬᠢᠭᠤᠯᠬᠤ ᠬᠡᠷᠡᠭᠳᠡᠢ᠃
       —  ᠰᠢ ᠵᠢᠨ ᠫᠢᠩ ᠶᠡᠷᠦᠩᠬᠡᠢ ᠱᠦᠵᠢ ᠵᠢᠨ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠤᠨ ᠢᠯᠡᠳᠬᠡᠯ

    ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ  ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠬᠥᠭᠵᠢᠭᠦᠯᠦᠨ᠂ ᠥᠨᠥᠴᠢᠨ ᠪᠡᠯᠪᠡᠰᠦᠨ ᠪᠠ ᠨᠠᠰᠤᠲᠠᠢ᠌ᠴᠤᠳ᠎ᠤᠨ ᠲᠦᠯᠤᠬᠡᠬᠢ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠪᠦᠬᠦ ᠨᠠᠰᠤᠲᠠᠢ᠌ᠴᠤᠳ᠎ᠲᠤ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡ ᠡᠳ᠋ᠯᠡᠭᠦᠯᠬᠦ ᠠᠵᠢᠯ᠎ᠢ ᠠᠬᠢᠭᠤᠯᠬᠤ ᠬᠡᠷᠡᠭᠳᠡᠢ᠃
    — ᠰᠢ ᠵᠢᠨ ᠫᠢᠩ ᠶᠡᠷᠦᠩᠬᠡᠢ ᠱᠦᠵᠢ ᠵᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠤᠨ ᠢᠯᠡᠳᠬᠡᠯ

     ᠠᠩᠬᠠᠨ᠎ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠤᠷᠪᠠᠳᠡᠬᠢ ᠬᠤᠪᠢᠶᠠᠷᠢᠯᠠᠯᠲᠠ ᠵᠢ ᠵᠣᠬᠢᠴᠠᠭᠤᠯᠤᠨ ᠢᠵᠢ ᠪᠦᠷᠢᠳᠦᠭᠦᠯᠦᠭᠰᠡᠨ ᠳᠦᠷᠢᠮ᠎ᠤᠨ ᠰᠢᠰᠲ᠋ᠧᠮ᠎ᠢ ᠪᠠᠢ᠌ᠭᠤᠯᠬᠤ ᠬᠡᠷᠡᠭᠳᠡᠢ᠃ ᠬᠦᠰᠡᠯ ᠡᠷᠡᠮᠡᠯᠵᠡᠯ᠎ᠲᠠᠢ᠂ ᠴᠢᠳᠠᠪᠤᠷᠢ᠎ᠲᠠᠢ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠲᠤ ᠢᠳᠡᠪᠬᠢᠲᠡᠢ ᠣᠷᠣᠯᠴᠠᠬᠤ ᠵᠢ ᠵᠢᠯᠤᠭᠣᠳᠴᠤ ᠳᠡᠮᠵᠢᠨ᠎ᠡ᠃
 — ᠰᠢ ᠵᠢᠨ ᠫᠢᠩ ᠶᠡᠷᠦᠩᠬᠡᠢ ᠱᠦᠵᠢ ᠵᠢᠨ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠤᠨ ᠢᠯᠡᠳᠬᠡᠯ
    
ᠨᠡᠢ᠌ᠭᠡᠮ ᠲᠣᠭᠣᠷᠢᠭ ᠪᠣᠯ ᠦᠨᠳᠦᠰᠦᠨ ᠱᠠᠲᠤᠨ᠎ᠤ ᠥᠪᠡᠷᠲᠡᠭᠡᠨ ᠵᠠᠰᠠᠬᠤ ᠵᠢᠨ ᠦᠨᠳᠦᠰᠦᠨ ᠨᠢᠭᠡᠴᠢ ᠮᠥᠨ᠂ ᠤᠯᠤᠰ᠎ᠢ ᠵᠠᠰᠠᠬᠤ ᠰᠢᠰᠲ᠋ᠧᠮ᠎ᠤᠨ ᠦᠨᠳᠦᠰᠦᠨ ᠱᠠᠲᠤᠨ᠎ᠤ ᠰᠠᠭᠤᠷᠢ ᠮᠥᠨ᠃ ᠨᠡᠢ᠌ᠭᠡᠮ ᠲᠣᠭᠣᠷᠢᠭ ᠬᠡᠬᠦ ᠡᠨᠡ ᠲᠠᠪᠴᠠᠡᠭ ᠵᠶ᠋ᠠᠷ ᠳᠠᠮᠵᠢᠭᠤᠯᠵᠤ᠂ 《ᠨᠠᠰᠤᠳᠠᠳ ᠬᠡᠤᠬᠡᠳ》 ᠵᠡᠷᠬᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠣᠨ ᠤᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠰᠠᠢ᠌ᠲᠤᠷ ᠡᠷᠬᠢᠯᠡᠵᠦ᠂ ᠤᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠬᠦ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠨ ᠱᠠᠲᠤᠨ᠎ᠤ ᠵᠠᠰᠠᠯᠲᠠ ᠵᠢᠨ ᠢᠯᠡᠳᠲᠡ ᠳᠠᠪᠠᠭᠤᠯᠢᠭ ᠪᠣᠯᠣᠨ᠎ᠠ᠂ ᠡᠨᠡ ᠬᠦ᠌ ᠳᠠᠪᠠᠭᠤᠯᠢᠭ᠎ᠢ ᠰᠠᠢ᠌ᠲᠤᠷ ᠪᠠᠳᠠᠷᠠᠭᠤᠯᠬᠤ ᠬᠡᠷᠡᠭᠲᠡᠢ᠃
ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠤ ᠣᠷᠣᠯᠭ᠎ᠠ ᠪᠠᠭ᠎ᠠ ᠬᠦᠮᠦᠰ᠎ᠢ ᠲᠡᠳᠬᠦᠬᠦ ᠪᠠᠢ᠌ᠡᠭᠭᠤ ᠵᠢᠨ ᠲᠣᠭᠲᠠᠴᠠ ᠵᠢ ᠪᠠᠢ᠌ᠭᠤᠯᠵᠤ᠂  ᠶᠡᠬᠡ ᠬᠡᠪᠴᠢᠶ᠎ᠡ᠎ᠪᠠᠷ ᠲᠠᠬᠢᠨ ᠶᠠᠳᠠᠭᠤᠷᠠᠬᠤ ᠪᠠᠢ᠌ᠳᠠᠯ ᠭᠠᠷᠬᠤ ᠵᠢ  ᠰᠡᠷᠬᠡᠢ᠌ᠯᠡᠬᠦ ᠬᠡᠷᠡᠭᠳᠡᠢ᠃
ᠴᠢᠳᠠᠯ ᠵᠶ᠋ᠡᠷ ᠵᠶ᠋ᠡᠨ ᠴᠢᠷᠮᠠᠢ᠌ᠵᠤ᠂ ᠴᠢᠳᠠᠯ ᠵᠶ᠋ᠡᠷ ᠵᠶ᠋ᠡᠨ  ᠬᠢᠵᠦ᠂ ᠤᠷᠳᠤ ᠬᠤᠭᠤᠴᠠᠭ᠎ᠠ᠎ᠪᠠᠷ ᠴᠢᠷᠮᠠᠢ᠌ᠨ ᠠᠵᠢᠯᠯᠠᠵᠤ ᠪᠠᠢ᠌ᠭ᠋ᠠᠳ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠦᠴᠦᠯᠡᠨ ᠰᠠᠢ᠌ᠲᠤᠷ ᠰᠢᠢ᠍ᠳᠪᠦᠷᠢᠯᠡᠵᠦ᠂ ᠬᠤᠳᠠ ᠬᠥᠳᠡᠭᠡ ᠵᠢᠨ ᠵᠥᠷᠢᠶ᠎ᠡ᠂ ᠣᠷᠣᠨ ᠪᠦᠰᠡ ᠵᠢᠨ ᠵᠥᠷᠢᠶ᠎ᠡ᠂ ᠦᠨᠳᠦᠰᠦᠲᠡᠨ᠎ᠤ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠵᠤ᠂ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ᠃
       — ᠰᠢ ᠵᠢᠨ ᠫᠢᠩ ᠶᠡᠷᠦᠩᠬᠡᠢ ᠱᠦᠵᠢ 2023 ᠣᠨ᠎ᠤ 12 ᠳ᠋ᠤᠭ᠋ᠠᠷ ᠰᠠᠷ᠎ᠠ ᠵᠢᠨ 14᠂ 15  ᠎ᠤ ᠡᠳᠦᠷ᠂ ᠭᠤᠸᠠᠩᠰᠢ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ  ᠶᠠᠷᠢᠭᠰᠠᠨ ᠦᠭᠡ

     ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯ ᠪᠠ ᠡᠷᠬᠢᠮ ᠰᠤᠷᠲᠠᠯ ᠮᠥᠨ᠃ ᠶᠠᠮᠠᠷᠪᠠ ᠨᠡᠢ᠌ᠭᠡᠮ᠎ᠤᠨ ᠵᠣᠯ ᠵᠢᠷᠭ᠋ᠠᠯ᠎ᠲᠠᠢ ᠪᠠᠢ᠌ᠬᠤ ᠡᠰᠡᠬᠦ ᠵᠢ ᠬᠠᠮᠤᠭ᠎ᠤᠨ ᠴᠢᠬᠤᠯᠠ᠎ᠨᠢ ᠨᠠᠰᠤᠲᠠᠢ᠌ᠴᠤᠳ᠎ᠤᠨ ᠵᠣᠯ ᠵᠢᠷᠭ᠋ᠠᠯ᠎ᠲᠠᠢ ᠪᠠᠢ᠌ᠬᠤ ᠡᠰᠡᠬᠦ᠎ᠠᠴᠠ ᠦᠵᠡᠨ᠎ᠡ᠃ ᠮᠠᠨ᠎ᠤ ᠤᠯᠤᠰ᠎ᠤᠨ ᠨᠡᠢ᠌ᠭᠡᠮ᠎ᠤᠨ ᠨᠠᠰᠤᠵᠢᠯᠲᠠ ᠵᠢᠨ ᠬᠡᠮᠵᠢᠶ᠎ᠡ ᠤᠯᠠᠮ᠎ᠠᠴᠠ ᠤᠯᠠᠮ ᠥᠨᠳᠥᠷ ᠪᠣᠯᠵᠤ ᠪᠠᠢ᠌ᠭ᠎ᠠ ᠪᠣᠯᠬᠣᠷ ᠨᠠᠰᠤᠲᠠᠢ᠌ᠴᠤᠳ᠎ᠤᠨ ᠦᠳᠡᠯᠤᠬᠡ ᠨᠠᠰᠤ ᠵᠢ ᠵᠠᠪᠠᠯ ᠵᠣᠯ ᠵᠢᠷᠭ᠋ᠠᠯ᠎ᠲᠠᠢ ᠪᠣᠯᠭ᠋ᠠᠬᠤ ᠬᠡᠷᠡᠭᠲᠡᠢ᠂ ᠨᠠᠰᠤᠵᠢᠯ᠎ᠤᠨ ᠠᠰᠠᠷᠠᠮᠵᠢ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠪᠠ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠦᠭᠵᠢᠬᠦᠯᠬᠦ ᠬᠡᠷᠡᠭᠳᠡᠢ᠃ ᠣᠨᠴᠠᠭ᠋ᠠᠢ᠌ᠯᠠᠨ ᠣᠨᠴᠠ ᠬᠦᠴᠢᠷᠳᠡᠯᠲᠡᠢ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠴᠢ᠂ ᠦᠳᠡᠬᠦᠰ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠦᠨᠳᠦᠰᠦᠨ ᠪᠠᠳᠤᠯᠠᠭ᠎ᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠢ᠃
—  ᠰᠢ ᠵᠢᠨ ᠫᠢᠩ ᠶᠡᠷᠦᠩᠬᠡᠢ ᠱᠦᠵᠢ 2023 ᠣᠨ᠎ᠤ 1 ᠰᠠᠷ᠎ᠠ ᠵᠢᠨ 18 ᠎ᠤ ᠡᠳᠦᠷ᠂ ᠴᠠᠭ᠋ᠠᠨ ᠰᠠᠷ᠎ᠠ᠎ᠠᠴᠠ ᠡᠮᠦᠨᠡᠬᠡᠨ ᠸᠢᠳᠢᠤ᠋᠎ᠪᠠᠷ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠲᠣᠬᠣᠨᠢᠭᠤᠯᠬᠤ᠎ᠳᠤ᠎ᠪᠠᠨ  ᠶᠠᠷᠢᠭᠰᠠᠨ ᠦᠭᠡ
 
     ᠬᠥᠮᠥᠨ ᠪᠣᠯᠭ᠋ᠠᠨ ᠬᠡᠤᠬᠡᠳ ᠪᠠᠢ᠌ᠬᠰᠠᠨ ᠶᠤᠮ᠃ ᠮᠠᠨ᠎ᠤ ᠬᠦᠰᠡᠯ ᠵᠡᠭᠦᠳᠦ᠎ᠪᠠᠨ ᠪᠡᠶᠡᠯᠡᠭᠦᠯᠬᠦ᠎ᠳᠤ ᠮᠠᠨ᠎ᠤ ᠡᠨᠡ ᠨᠢᠭᠡ ᠦᠶ᠎ᠡ ᠵᠢᠨ᠎ᠬᠢᠨ᠎ᠳᠤ᠂ ᠨᠡᠩ ᠴᠤ᠌ ᠬᠣᠢ᠌ᠴᠢ ᠦᠶ᠎ᠡ ᠵᠢᠨ᠎ᠬᠢᠨ᠎ᠳᠤ᠎ᠪᠠᠨ ᠲᠦᠰᠢᠭᠯᠡᠨ᠎ᠡ᠃ ᠪᠠᠭ᠋ᠠᠴᠤᠳ ᠬᠡᠦᠬᠡᠳ ᠬᠠᠷᠠᠬᠠᠨ ᠪᠠᠭ᠎ᠠ᠎ᠠᠴᠠ᠎ᠪᠠᠨ ᠵᠣᠷᠢᠯᠲᠠ᠎ᠲᠠᠢ᠂ ᠬᠦᠰᠡᠯ ᠵᠡᠭᠦᠳᠦ᠎ᠲᠠᠢ᠂ ᠰᠤᠷᠤᠯᠴᠠᠬᠤ ᠳᠤᠷᠠᠲᠠᠢ᠂ ᠬᠥᠳᠡᠯᠮᠦᠷᠢᠯᠡᠬᠦ ᠳᠤᠷᠠᠲᠠᠢ᠂ ᠡᠬᠡ ᠤᠯᠤᠰ ᠵᠶ᠋ᠠᠨ ᠬᠠᠢ᠌ᠷᠠᠯᠠᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠵᠡᠷᠭᠡ ᠪᠦᠬᠦ ᠲᠠᠯ᠎ᠠ᠎ᠪᠠᠷ ᠬᠥᠭᠵᠢᠵᠦ᠂ ᠥᠭᠡᠯᠡᠢ ᠪᠤᠯᠤᠭ᠋ᠠᠳ ᠡᠬᠡ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠴᠡᠭᠡ᠎ᠲᠠᠢ ᠴᠢᠳᠠᠪᠤᠷᠢᠲᠠᠨ ᠪᠣᠯᠬᠤ ᠬᠡᠷᠡᠭᠲᠡᠢ᠃
    ᠬᠡᠦᠬᠡᠳ᠎ᠤᠳ ᠨᠡᠩ ᠰᠠᠢ᠌ᠨ ᠦᠰᠦᠨ ᠪᠣᠢ᠌ᠵᠢᠬᠤ ᠪᠣᠯ ᠮᠠᠨ᠎ᠤ ᠬᠠᠮᠤᠭ᠎ᠤᠨ ᠶᠡᠬᠡ ᠬᠦᠰᠡᠯ ᠡᠷᠡᠮᠡᠯᠵᠡᠯ ᠮᠥᠨ᠃ ᠨᠠᠮ ᠪᠠ ᠵᠠᠰᠠᠭ᠎ᠤᠨ ᠣᠷᠳᠣᠨ᠎ᠠᠴᠠ ᠦᠨᠳᠦᠰᠦᠲᠡᠨ᠎ᠨᠦᠭᠦᠳ᠎ᠤᠨ ᠪᠠᠭ᠋ᠠᠴᠤᠳ ᠬᠡᠦᠬᠡᠳ᠎ᠢ ᠢᠮᠠᠭᠲᠠ ᠬᠠᠯᠠᠮᠵᠢᠯᠠᠵᠤ᠂ ᠰᠤᠷᠤᠯᠴᠠᠵᠤ ᠦᠰᠦᠨ ᠪᠣᠢ᠌ᠵᠢᠬᠤ᠎ᠳᠤ᠎ᠨᠢ ᠨᠡᠩ ᠰᠠᠢ᠌ᠨ ᠨᠥᠬᠥᠴᠡᠯ ᠪᠦᠷᠢᠯᠳᠦᠭᠦᠯᠵᠦ ᠥᠭᠬᠦ᠎ᠪᠠᠷ ᠴᠢᠷᠮᠠᠢ᠌ᠬᠤ ᠬᠡᠷᠡᠭᠲᠡᠢ᠃
  —  ᠰᠢ ᠵᠢᠨ ᠫᠢᠩ ᠶᠡᠷᠦᠩᠬᠡᠢ ᠱᠦᠵᠢ 2018 ᠣᠨ᠎ᠤ 5 ᠳ᠋ᠤᠭ᠋ᠠᠷ ᠰᠠᠷ᠎ᠠ ᠵᠢᠨ 4᠎ᠤ ᠡᠳᠦᠷ ᠮᠠᠷᠺᠰ᠎ᠤᠨ ᠮᠡᠨᠳᠦᠯᠡᠭᠰᠡᠨ 200 ᠵᠢᠯ᠎ᠤᠨ ᠣᠶ ᠵᠢ ᠳᠤᠷᠠᠰᠬᠠᠬᠤ ᠶᠡᠬᠡ ᠬᠤᠷᠠᠯ ᠳᠡᠭᠡᠷ᠎ᠡ  ᠶᠠᠷᠢᠭᠰᠠᠨ ᠦᠭᠡ

     《ᠲᠤᠮᠳᠠᠳᠤ ᠤᠯᠤᠰ᠎ᠤᠨ ᠨᠡᠢ᠌ᠬᠡᠮ᠎ᠤᠨ ᠰᠤᠨᠢᠨ》᠎ᠠᠴᠠ ᠰᠤᠡᠭᠭᠤᠪᠠ
    



 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
《ᠨᠠᠮ᠎ᠤᠨ ᠰᠠᠬᠢᠯᠭ᠎ᠠ ᠪᠠᠳᠤ ᠵᠢᠨ ᠰᠤᠷᠤᠯᠴᠠᠯᠭ᠎ᠠ ᠬᠦᠮᠤᠵᠢᠯ》 ᠨᠠᠮ᠎ᠤᠨ ᠭᠡᠰᠢᠭᠦᠨ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ᠎ᠤ ᠳᠠᠷᠠᠭ᠎ᠠ ᠨᠠᠮ᠎ᠤᠨ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠵᠢ ᠬᠡᠷᠬᠢᠨ ᠨᠡᠬᠡᠮᠵᠢᠯᠡᠬᠦ ᠪᠤᠶ?
 
            