ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
《ᠨᠠᠮ᠎ᠤᠨ ᠰᠠᠬᠢᠯᠭ᠎ᠠ ᠪᠠᠳᠤ ᠵᠢᠨ ᠰᠤᠷᠤᠯᠴᠠᠯᠭ᠎ᠠ ᠬᠦᠮᠤᠵᠢᠯ》 ᠨᠠᠮ᠎ᠤᠨ ᠭᠡᠰᠢᠭᠦᠨ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ᠎ᠤ ᠳᠠᠷᠠᠭ᠎ᠠ ᠨᠠᠮ᠎ᠤᠨ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠵᠢ ᠬᠡᠷᠬᠢᠨ ᠨᠡᠬᠡᠮᠵᠢᠯᠡᠬᠦ ᠪᠤᠶ?
ᠨᠡᠶᠢᠲᠡᠯᠡᠭᠰᠡᠨ ᠴᠠᠭ᠄ 2024-06-13

《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 ᠭᠤᠴᠢᠨ ᠲᠠᠪᠤᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ᠄
    

   《ᠨᠠᠮ᠎ᠤᠨ ᠭᠡᠰᠢᠭᠦᠨ ᠬᠠᠤᠯᠢ ᠶᠣᠰᠣᠭ᠋ᠠᠷ ᠵᠠᠰᠠᠭ᠎ᠤᠨ ᠶᠠᠪᠤᠳᠠᠯ᠎ᠤᠨ ᠰᠢᠢ᠍ᠳᠬᠡᠯ  ᠣᠯᠣᠭᠰᠠᠨ᠂ ᠲᠣᠮᠢᠯᠠᠵᠤ ᠪᠠᠭᠤᠯᠭ᠋ᠠᠭᠰᠠᠨ ᠪᠠᠢ᠌ᠭᠤᠯᠭ᠎ᠠ (ᠨᠢᠭᠡᠴᠢ)᠎ᠠᠴᠠ ᠥᠭᠭᠦᠭᠰᠡᠨ  ᠰᠢᠢ᠍ᠳᠬᠡᠯ᠎ᠢ ᠵᠠᠰᠠᠭ ᠵᠠᠬᠢᠷᠭ᠋ᠠᠨ᠎ᠤ ᠰᠢᠢ᠍ᠳᠬᠡᠯ ᠵᠶ᠋ᠡᠷ ᠨᠠᠮ᠎ᠤᠨ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠬᠦᠴᠦᠨ᠎ᠲᠠᠢ ᠪᠣᠯᠤᠭᠰᠠᠨ ᠰᠢᠢ᠍ᠳᠬᠡᠯ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠳᠤ ᠮᠠᠭ᠋ᠠᠳᠯᠠᠨ ᠲᠣᠭᠲᠠᠭ᠋ᠠᠭᠰᠠᠨ ᠪᠣᠳᠠᠲᠤ ᠶᠠᠪᠤᠳᠠᠯ᠂ ᠰᠢᠨᠵᠢ ᠴᠢᠨᠠᠷ ᠪᠠ ᠦᠢ᠍ᠯᠡ ᠪᠠᠢ᠌ᠳᠠᠯ᠎ᠢ᠎ᠨᠢ ᠦᠨᠳᠦᠰᠦᠯᠡᠨ ᠬᠢᠨᠠᠨ ᠬᠠᠷᠭᠤᠭᠤᠯᠤᠭᠰᠠᠨ᠎ᠤ ᠲᠠᠷᠠᠭ᠎ᠠ ᠲᠣᠭᠲᠠᠭ᠋ᠠᠯ ᠶᠣᠰᠣᠭ᠋ᠠᠷ ᠬᠠᠷᠠᠭ᠋ᠠᠯᠵᠠᠬᠰᠠᠨ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ  ᠪᠤᠶᠤ ᠵᠣᠬᠢᠶᠠᠨ ᠪᠠᠢ᠌ᠭᠤᠯᠤᠯᠲᠠ ᠵᠢᠨ ᠰᠢᠢ᠍ᠳᠬᠡᠯ ᠥᠭᠴᠦ ᠪᠣᠯᠣᠨ᠎ᠠ》 ᠭᠡᠵᠦ ᠲᠣᠭᠲᠠᠭ᠋ᠠᠵᠠᠢ᠃
   ᠡᠭᠦᠨ᠎ᠳᠤ ᠨᠠᠮ᠎ᠤᠨ ᠭᠡᠰᠢᠭᠦᠨ ᠬᠠᠤᠯᠢ ᠶᠣᠰᠣᠭ᠋ᠠᠷ ᠲᠤᠰᠢᠶᠠᠯ᠎ᠠᠴᠠ᠎ᠨᠢ ᠤᠭᠴᠠᠷᠠᠭᠤᠯᠬᠤ᠎ᠠᠴᠠ ᠳᠡᠭᠡᠭᠰᠢ ᠰᠢᠢ᠍ᠳᠬᠡᠯ ᠣᠯᠣᠭᠰᠠᠨ  ᠪᠤᠯ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠨᠠᠮ᠎ᠤᠨ ᠳᠣᠲᠣᠭ᠋ᠠᠳᠤ ᠵᠢᠨ ᠲᠤᠰᠢᠶᠠᠯ᠎ᠠᠴᠠ ᠤᠬ᠍ᠴᠠᠷᠠᠭᠤᠯᠬᠤ᠎ᠠᠴᠠ ᠳᠡᠭᠡᠭᠰᠢ   ᠰᠢᠢ᠍ᠳᠬᠡᠯ ᠥᠭᠬᠦ ᠬᠡᠷᠡᠭᠲᠡᠢ ᠬᠡᠵᠡᠢ᠃
   
ᠵᠠᠰᠠᠭ ᠵᠠᠬᠢᠷᠭ᠋ᠠᠨ᠎ᠤ ᠰᠢᠳᠬᠡᠯ
    
   ᠵᠠᠰᠠᠭ ᠵᠠᠬᠢᠷᠭ᠋ᠠᠨ᠎ᠤ ᠰᠢᠢ᠍ᠳᠬᠡᠯ ᠭᠡᠳᠡᠭ ᠪᠣᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠭ᠎ᠠ᠎ᠠᠴᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠨᠠᠮ᠎ᠤᠨ ᠭᠡᠰᠢᠭᠦᠨ᠎ᠳᠤ ᠥᠭᠭᠦᠭᠰᠡᠨ ᠳᠣᠩᠭᠣᠳᠬᠤ᠂ ᠵᠣᠭᠣᠰ ᠵᠶ᠋ᠠᠷ ᠲᠣᠷᠭ᠋ᠠᠬᠤ᠂ ᠵᠠᠰᠠᠭ ᠵᠠᠬᠢᠷᠭ᠋ᠠᠨ ᠵᠶ᠋ᠠᠷ ᠲᠦᠷ ᠬᠣᠷᠢᠬᠤ ᠵᠡᠷᠭᠡ ᠰᠢᠢ᠍ᠳᠬᠡᠯ᠎ᠢ ᠵᠢᠭ᠋ᠠᠵᠤ ᠪᠠᠢ᠌ᠨ᠎ᠠ᠃
   ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ ᠨᠠᠮ᠎ᠤᠨ ᠭᠡᠰᠢᠭᠦᠨ᠎ᠳᠤ ᠨᠠᠮ᠎ᠤᠨ ᠰᠠᠬᠢᠯᠭ᠎ᠠ ᠪᠠᠲᠤ ᠵᠢᠨ  ᠰᠢᠢ᠍ᠳᠬᠡᠯ ᠥᠭᠬᠦ᠎ᠳᠤ᠎ᠪᠠᠨ ᠵᠠᠰᠠᠭ ᠵᠠᠬᠢᠷᠭ᠋ᠠᠨ᠎ᠤ  ᠰᠢᠢ᠍ᠳᠬᠡᠯ᠎ᠤᠨ ᠲᠣᠭᠲᠠᠭ᠋ᠠᠯ᠎ᠢ ᠦᠨᠳᠦᠰᠦᠯᠡᠬᠦ᠎ᠠᠴᠠ ᠭᠠᠳᠠᠨ᠎ᠠ ᠪᠠᠰᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠭ᠎ᠠ᠎ᠠᠴᠠ ᠰᠢᠯᠵᠢᠬᠦᠯᠦᠭᠰᠡᠨ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠬᠢᠨᠠᠨ ᠬᠠᠷᠭᠤᠭᠤᠯᠵᠤ ᠰᠠᠬᠢᠯᠭ᠎ᠠ ᠪᠠᠲᠤ ᠵᠢ ᠵᠥᠷᠢᠴᠡᠭᠰᠡᠨ ᠪᠣᠳᠠᠲᠤ ᠬᠡᠷᠡᠭ ᠣᠷᠣᠰᠢᠵᠤ ᠪᠠᠢ᠌ᠬᠤ ᠡᠰᠡᠬᠦ᠂ ᠰᠢᠨᠵᠢ ᠴᠢᠨᠠᠷ᠎ᠢ ᠲᠣᠭᠲᠠᠭ᠋ᠠᠭᠰᠠᠨ᠎ᠨᠢ ᠣᠨᠣᠪᠴᠢᠲᠠᠶ ᠪᠠᠢ᠌ᠬᠤ ᠡᠰᠡᠬᠦ ᠵᠡᠷᠭᠡ ᠵᠢ ᠨᠤᠲᠠᠯᠠᠬᠤ ᠬᠡᠷᠡᠭᠲᠡᠢ᠃
    ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠰᠢᠯᠵᠢᠬᠦᠯᠤᠨ ᠲᠡᠪᠰᠢᠬᠦᠯᠦᠭᠰᠡᠨ ᠵᠠᠰᠠᠭ ᠵᠠᠬᠢᠷᠭ᠋ᠠᠨ᠎ᠤ  ᠰᠢᠢ᠍ᠳᠬᠡᠯ᠎ᠤᠨ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠤᠨ ᠪᠢᠴᠢᠭ᠎ᠲᠤ ᠮᠠᠭ᠋ᠠᠳᠯᠠᠨ ᠲᠣᠭᠲᠠᠭ᠋ᠠᠭᠰᠠᠨ ᠪᠣᠳᠠᠲᠤ ᠶᠠᠪᠤᠳᠠᠯ᠎ᠢ ᠬᠢᠨᠠᠨ ᠬᠠᠷᠭᠤᠭᠤᠯᠬᠤ ᠪᠣᠯ ᠵᠠᠪᠠᠯ ᠳᠠᠮᠵᠢᠬᠤ ᠵᠢᠷᠤᠮ ᠪᠣᠯᠬᠣᠷ ᠵᠠᠰᠠᠭ ᠵᠠᠬᠢᠷᠭ᠋ᠠᠨ᠎ᠤ ᠰᠢᠢ᠍ᠳᠬᠡᠯ ᠎ᠤᠨ ᠲᠣᠭᠲᠠᠭ᠋ᠠᠯ᠎ᠤᠨ ᠪᠢᠴᠢᠭ᠎ᠢ ᠦᠨᠳᠦᠰᠦᠯᠡᠨ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠴᠦ ᠪᠣᠯᠬᠤ ᠦᠭᠡᠢ᠃
   
ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠤᠨ ᠪᠢᠴᠢᠭ ᠪᠣᠯ ᠰᠠᠬᠢᠯᠭ᠎ᠠ ᠪᠠᠲᠤ ᠪᠠᠢ᠌ᠴᠠᠭ᠋ᠠᠬᠤ ᠪᠠᠢ᠌ᠭᠤᠯᠭ᠎ᠠ ᠵᠢᠨ ᠰᠢᠢ᠍ᠳᠪᠦᠷᠢᠯᠡᠬᠦ ᠴᠢᠬᠤᠯᠠ ᠦᠨᠳᠦᠰᠦ ᠪᠠᠷᠢᠮᠲᠠ ᠮᠥᠨ ᠪᠣᠯᠪᠠᠴᠤ ᠴᠤᠷ᠎ᠤᠨ ᠭᠠᠭᠴᠠ ᠦᠨᠳᠦᠰᠦ ᠪᠠᠷᠢᠮᠲᠠ ᠪᠢᠰᠢ᠃
    
    ᠪᠠᠢ᠌ᠴᠠᠭ᠋ᠠᠬᠤ ᠪᠠᠢ᠌ᠭᠤᠯᠭ᠎ᠠ ᠡᠷᠬᠡᠪᠰᠢ ᠪᠣᠳᠠᠲᠤ ᠶᠠᠪᠤᠳᠠᠯ᠂ ᠭᠡᠷᠡᠴᠢ ᠪᠠᠷᠢᠮᠲᠠ ᠵᠢ ᠬᠢᠨᠠᠨ ᠬᠠᠷᠭᠤᠭᠤᠯᠵᠤ᠂ ᠪᠠᠢ᠌ᠴᠠᠭ᠋ᠠᠵᠤ ᠮᠠᠭ᠋ᠠᠳᠯᠠᠨ ᠲᠣᠭᠲᠠᠭ᠋ᠠᠭᠰᠠᠨ ᠰᠠᠬᠢᠯᠭ᠎ᠠ ᠪᠠᠲᠤ ᠵᠢ ᠵᠥᠷᠢᠴᠡᠭᠰᠡᠨ ᠪᠣᠳᠠᠲᠤ ᠶᠠᠪᠤᠳᠠᠯ᠎ᠢ ᠲᠤᠰ ᠬᠥᠮᠥᠨ᠎ᠲᠠᠢ᠎ᠨᠢ ᠠᠭᠤᠯᠵᠠᠭᠤᠯᠤᠨ ᠬᠢᠨᠠᠨ ᠬᠠᠷᠭᠤᠭᠤᠯᠤᠭ᠋ᠠᠳ ᠲᠡᠭᠦᠨ᠎ᠤ ᠲᠣᠭ᠋ᠠᠴᠢᠯᠲᠠ ᠪᠠ ᠵᠥᠪᠲᠦᠭᠡᠯᠲᠡ ᠵᠢ ᠰᠣᠨᠣᠰᠬᠤ ᠵᠢᠨ ᠬᠠᠮᠲᠤ ᠦᠨᠡᠨ ᠮᠥᠨ ᠵᠶ᠋ᠡᠷ᠎ᠨᠢ ᠲᠡᠮᠳᠡᠭᠯᠡᠵᠦ᠂ ᠴᠠᠭ ᠲᠤᠬᠠᠢ᠎ᠳᠤ᠎ᠨᠢ ᠬᠢᠨᠠᠨ ᠬᠠᠷᠭᠤᠭᠤᠯᠬᠤ ᠬᠡᠷᠡᠭᠲᠡᠢ᠂ ᠵᠦᠢ ᠵᠣᠬᠢᠰᠲᠠᠢ ᠪᠣᠯ ᠬᠦᠯᠢᠶᠡᠨ ᠠᠪᠴᠤ ᠬᠡᠷᠡᠭᠯᠡᠬᠦ ᠦᠭᠡᠢ ᠪᠣᠯ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠬᠡᠷᠡᠭᠲᠡᠢ᠃
  
ᠬᠢᠨᠠᠨ ᠪᠠᠢ᠌ᠴᠠᠭ᠋ᠠᠬᠤ ᠪᠠᠢ᠌ᠭᠤᠯᠤᠯᠭ᠎ᠠ ᠵᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ ᠬᠢᠨᠠᠨ ᠪᠠᠢ᠌ᠴᠠᠭ᠋ᠠᠭᠳᠠᠭᠴᠢ᠎ᠳᠤ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠴᠢᠬᠤᠯᠠᠲᠠᠢ ᠪᠣᠯ ᠬᠣᠯᠪᠣᠭᠳᠠᠯ ᠪᠦᠬᠦᠢ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠤᠨ᠎ᠬᠢᠨ ᠬᠡᠷᠡᠭ ᠪᠣᠯᠭ᠋ᠠᠨ ᠳᠠᠩᠰᠠᠯᠠᠬᠤ ᠭᠠᠷ ᠭᠦᠢ᠍ᠴᠡᠳᠬᠡᠯ ᠬᠢᠵᠦ ᠨᠠᠮ᠎ᠤᠨ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ᠎ᠨᠢ ᠡᠭᠦᠨ᠎ᠲᠠᠢ ᠠᠳᠠᠯᠢ᠃
   
    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠢ᠌ᠴᠠᠭ᠋ᠠᠬᠤ ᠬᠠᠤᠯᠢ ᠵᠢ ᠬᠡᠷᠡᠭᠵᠢᠭᠦᠯᠬᠦ ᠳᠦᠷᠢᠮ》᠎ᠤᠨ ᠵᠠᠭᠤ ᠨᠠᠶᠠᠨ ᠨᠢᠭᠡᠳᠦᠭᠡᠷ ᠵᠦᠢ᠍ᠯ᠎ᠤᠨ ᠭᠤᠷᠪᠠᠳᠤᠭ᠋ᠠᠷ ᠪᠠᠳᠠᠭ᠎ᠲᠤ᠄
    《ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠬᠢᠨᠠᠨ ᠪᠠᠢ᠌ᠴᠠᠭ᠋ᠠᠭᠳᠠᠬᠤ ᠡᠲᠡᠭᠡᠳ᠎ᠲᠤ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠴᠢᠬᠤᠯᠠᠲᠠᠢ ᠪᠤᠯ ᠬᠡᠷᠡᠭ ᠪᠣᠯᠭ᠋ᠠᠨ ᠳᠠᠩᠰᠠᠯᠠᠬᠤ ᠭᠠᠷ ᠭᠦᠢ᠍ᠴᠡᠳᠬᠡᠯ᠎ᠢ ᠬᠠᠤᠯᠢ ᠶᠣᠰᠣᠭ᠋ᠠᠷ ᠬᠢᠬᠦ ᠬᠡᠷᠡᠭᠲᠡᠢ》 ᠭᠡᠵᠦ ᠲᠣᠭᠲᠠᠭ᠋ᠠᠵᠠᠢ᠃
    ᠡᠮᠦᠨ᠎ᠡ ᠲᠤᠷᠠᠳᠤᠬᠰᠠᠨ ᠲᠣᠭᠲᠠᠭ᠋ᠠᠯ᠎ᠢ ᠦᠨᠳᠦᠰᠦᠯᠡᠨ ᠨᠠᠮ᠎ᠤᠨ ᠭᠡᠰᠢᠭᠦᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ  ᠦᠭᠦᠭᠰᠡᠨ ᠪᠤᠯ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠬᠦᠴᠦᠨ᠎ᠲᠠᠢ ᠪᠣᠯᠤᠭᠰᠠᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠢ ᠦᠨᠳᠦᠰᠦᠯᠡᠨ ᠮᠠᠭ᠋ᠠᠳᠯᠠᠨ ᠲᠣᠭᠲᠠᠭ᠋ᠠᠭᠰᠠᠨ ᠪᠣᠳᠠᠲᠤ ᠬᠡᠷᠡᠭ᠂ ᠰᠢᠨᠵᠢ ᠴᠢᠨᠠᠷ ᠪᠠ ᠦᠢ᠍ᠯᠡ ᠪᠠᠢ᠌ᠳᠠᠯ᠎ᠢ᠎ᠨᠢ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠬᠠᠷᠭᠤᠭᠤᠯᠤᠭᠰᠠᠨ᠎ᠤ ᠲᠠᠷᠠᠭ᠎ᠠ ᠰᠠᠬᠢᠯᠭ᠎ᠠ ᠪᠠᠲᠤ ᠵᠢᠨ ᠰᠢᠢ᠍ᠳᠬᠡᠯ᠎ᠤᠨ ᠳᠦᠷᠢᠮ ᠵᠡᠷᠭᠡ ᠲᠣᠭᠲᠠᠭ᠋ᠠᠯ ᠶᠣᠰᠣᠭ᠋ᠠᠷ ᠲᠡᠭᠦᠨ᠎ᠳᠤ ᠵᠣᠬᠢᠴᠠᠩᠭᠤᠢ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠪᠤᠶᠤ ᠵᠣᠬᠢᠶᠠᠨ ᠪᠠᠢ᠌ᠭᠤᠯᠤᠯᠲᠠ ᠵᠢᠨ ᠰᠢᠢ᠍ᠳᠬᠡᠯ ᠥᠭᠴᠦ ᠪᠣᠯᠣᠨ᠎ᠠ᠃
    ᠡᠭᠦᠨ᠎ᠳᠤ ᠨᠠᠮ᠎ᠤᠨ ᠭᠡᠰᠢᠭᠦᠨ ᠬᠠᠤᠯᠢ ᠶᠣᠰᠣᠭ᠋ᠠᠷ ᠲᠤᠰᠢᠶᠠᠯ᠎ᠠᠴᠠ᠎ᠨᠢ ᠤᠭᠴᠠᠷᠠᠭᠤᠯᠬᠤ᠎ᠠᠴᠠ ᠳᠡᠭᠡᠭᠰᠢᠬᠢ ᠰᠢᠢ᠍ᠳᠬᠡᠯ ᠣᠯᠣᠭᠰᠠᠨ ᠪᠤᠯ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ᠎ᠤᠨ ᠲᠣᠭᠲᠠᠭ᠋ᠠᠯ ᠶᠣᠰᠣᠭ᠋ᠠᠷ ᠲᠡᠭᠦᠨ᠎ᠳᠤ ᠨᠠᠮ᠎ᠤᠨ ᠳᠣᠲᠣᠭ᠋ᠠᠳᠤ ᠵᠢᠨ ᠲᠤᠰᠢᠶᠠᠯ᠎ᠠᠴᠠ ᠤᠬ᠍ᠴᠠᠷᠠᠭᠤᠯᠬᠤ᠎ᠠᠴᠠ ᠳᠡᠭᠡᠭᠰᠢᠬᠢ ᠰᠢᠢ᠍ᠳᠬᠡᠯ ᠥᠭᠬᠦ ᠬᠡᠷᠡᠭᠲᠡᠢ᠃


 



    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠡᠭ ᠶᠡᠷᠤᠡᠭᠭᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠨ ᠦᠬᠦᠯᠡᠯᠳᠡ (ᠬᠤᠶᠠᠷ)
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ (ᠨᠢᠭᠡ )
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠭᠠᠵᠠᠷ᠎ᠤᠨ ᠨᠠᠮ᠎ᠤᠨ ᠡᠭᠦᠷ᠂ ᠨᠡᠢ᠌ᠭᠡᠮ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠡᠷᠡᠬᠦᠯ ᠮᠡᠨᠳᠤ᠎ᠳᠤ ᠦᠢ᠍ᠯᠡᠴᠢᠯᠡᠵᠤ ᠨᠠᠰᠤᠲᠠᠢ᠌ᠴᠤᠳ᠎ᠤᠨ ᠰᠡᠳᠬᠢᠯ᠎ᠢ ᠬᠠᠢ᠌ᠷ᠎ᠠ᠎ᠪᠠᠷ ᠳᠤᠯᠠᠭ᠋ᠠᠴᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠤᠯᠠᠭ᠋ᠠᠨᠴᠠᠪ ᠬᠣᠲᠠ᠄ ᠬᠠᠮ ᠠᠷᠭ᠎ᠠ᠎ᠪᠠᠷ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠵᠤ ᠦᠷ᠎ᠡ ᠪᠦᠳᠤᠮᠵᠢ ᠵᠢ ᠲᠡᠭᠡᠭᠰᠢᠯᠡᠬᠦᠯᠬᠦ ᠰᠠᠭᠤᠷᠢ ᠵᠢ ᠲᠠᠯᠪᠢᠵᠤ ᠪᠠᠢ᠌ᠨ᠎ᠠ
ᠡᠷᠢᠶᠡᠨ ᠬᠣᠲᠠ᠄ ᠲᠦᠷᠪᠡ ᠵᠢ ᠴᠢᠡᠭᠭ᠋ᠠᠳᠬᠠᠬᠤ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ
 
            