ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ 8 ᠳ᠋ᠤᠭ᠋ᠠᠷ ᠰᠠᠷ᠎ᠠ ᠵᠢᠨ 13 ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠭᠤᠯᠭ᠎ᠠ ᠪᠣᠯᠣᠨ ᠰᠢᠯᠢ ᠵᠢᠨ ᠭᠣᠣᠯ ᠠᠢ᠌ᠮᠠᠭ᠎ᠲᠤ ᠭᠦᠨᠵᠡᠭᠡᠢ᠌ᠷᠡᠨ ᠤᠬᠠᠭᠤᠯᠤᠨ ᠲᠠᠢ᠌ᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠡᠳ᠋ ᠱᠦᠵᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠬᠢᠯᠡᠭᠴᠢ ᠴᠧᠨ ᠵᠢᠢ ᠴᠢᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠪᠠᠢ᠌ᠭᠤᠯᠭ᠎ᠠ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠢ᠌ᠯᠠᠭ᠋ᠠᠬᠤ᠂ 《ᠲᠣᠭᠲᠠᠭ᠋ᠠᠯ》 ᠳᠤ ᠳᠤᠷᠠᠳᠤᠭᠰᠠᠨ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠤᠢ᠌ᠯᠠᠭ᠋ᠠᠬᠤ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠬᠡ 4 ᠲᠠᠯ᠎ᠠ᠎ᠪᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠷᠢᠨ ᠲᠠᠢ᠌ᠯᠪᠤᠷᠢᠯᠠᠬᠰᠠᠨ ᠪᠠᠢ᠌ᠨ᠎ᠠ᠃ ᠤᠬᠠᠭᠤᠯᠤᠨ ᠲᠠᠢ᠌ᠯᠪᠤᠷᠢᠯᠠᠭᠰᠠᠨ ᠮᠡᠳᠡᠭᠦᠯᠦᠯᠲᠡ᠎ᠨᠢ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠤᠳᠬ᠎ᠠ ᠰᠠᠨᠠᠭ᠎ᠠ ᠭᠦᠨ ᠭᠦᠨᠵᠡᠭᠡᠢ᠂ ᠪᠦᠬᠦ ᠲᠠᠯ᠎ᠠ ᠵᠢᠨ ᠪᠦᠬᠡᠳ ᠰᠢᠰᠲᠸᠮ᠎ᠲᠠᠢ᠂ ᠭᠣᠣᠯᠳᠠᠯᠭ᠎ᠠ ᠵᠢ ᠲᠤᠪᠤᠢ᠍ᠢ᠍ᠯᠭ᠋ᠠᠵᠦ᠂ ᠠᠭᠤᠯᠭ᠎ᠠ ᠵᠢ ᠪᠠᠶᠠᠯᠢᠭᠵᠢᠭᠤᠯᠵᠠᠢ᠃
ᠮᠡᠳᠡᠭᠦᠯᠦᠯᠲᠡ ᠵᠢ ᠰᠣᠨᠣᠰᠤᠭᠰᠠᠨ᠎ᠤ ᠲᠠᠷᠠᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠰᠤᠳᠤᠯᠬᠤ ᠲᠠᠰᠤᠭ᠎ᠤᠨ ᠺᠠᠳ᠋ᠷ ᠯᠢᠦ ᠵᠢᠶᠠ ᠶᠤᠸᠠᠨ ᠮᠡᠳᠡᠬᠦᠯᠤᠯᠳᠡ ᠵᠢ ᠰᠤᠨᠤᠰᠤᠬᠰᠠᠨ᠎ᠤ ᠲᠠᠷᠠᠭ᠎ᠠ᠄ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ 〈ᠬᠦᠭᠵᠢᠬᠦᠯᠤᠯᠳᠡ ᠵᠢᠨ ᠪᠦᠬᠦ ᠶᠠᠪᠤᠴᠠ᠎ᠳᠤ᠎ᠬᠢ ᠠᠷᠠᠳ᠎ᠤᠨ ᠠᠷᠠᠳᠴᠢᠯᠠᠯᠳᠤ ᠠᠩᠬᠠᠷᠤᠯ ᠵᠶ᠋ᠠᠨ ᠲᠥᠪᠯᠡᠷᠡᠭᠦᠯᠬᠦ〉 ᠵᠢ 〈ᠲᠤᠯᠤᠭ᠋ᠠᠨ ᠠᠩᠬᠠᠷᠤᠯ᠎ᠤᠨ ᠲᠥᠪ〉᠎ᠤᠨ ᠨᠢᠭᠡ ᠪᠣᠯᠭ᠋ᠠᠪᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠭ᠎ᠠ ᠵᠢᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠭᠡᠳᠡᠭ᠎ᠢ ᠭᠦᠨᠵᠡᠭᠡᠢ ᠣᠢ᠌ᠯᠠᠭ᠋ᠠᠵᠤ ᠪᠠᠢ᠌ᠨ᠎ᠠ᠃ ᠬᠣᠢ᠌ᠰᠢᠳᠠ ᠵᠢᠨ ᠠᠵᠢᠯ ᠳᠤᠮᠳᠠ᠎ᠪᠠᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠢᠳᠡᠪᠬᠢᠲᠡᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠯᠠᠪᠳᠠᠭᠤᠨ ᠵᠶ᠋ᠠᠷ ᠠᠬᠢᠭᠤᠯᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠰᠠᠢ᠌ᠲᠤᠷ ᠤᠬᠠᠭᠤᠯᠵᠤ᠂ ᠰᠠᠢ᠌ᠲᠤᠷ ᠲᠤᠭᠤᠰᠢᠯᠠᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠤ ᠶᠠᠷᠢᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠦᠢ᠍ᠯᠡᠳᠦᠯᠭᠡ ᠰᠡᠳᠬᠦᠯ᠎ᠤᠨ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ ᠵᠠᠩ ᠢ ᠮᠢᠨ ᠰᠢᠯᠢ ᠵᠢᠨ ᠭᠣᠣᠯ ᠠᠢ᠌ᠮᠠᠭ᠎ᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠶᠡᠷᠦᠩᠬᠡᠢ ᠪᠠᠢ᠌ᠳᠠᠯ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠬᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠤᠢ᠌ᠯᠠᠭ᠋ᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠴᠢᠷᠮᠠᠢ᠌ᠨ ᠰᠠᠢ᠌ᠲᠤᠷ ᠠᠳᠬᠤᠬᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠬᠡ 4 ᠲᠠᠯ᠎ᠠ᠎ᠪᠠᠷ ᠲᠠᠢ᠌ᠯᠤᠮᠵᠢ ᠬᠢᠪᠡ᠃
ᠰᠢᠯᠢ ᠵᠢᠨ ᠭᠣᠣᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠡᠯᠲᠡᠰ᠎ᠤᠨ ᠳᠡᠳ᠋ ᠫᠷᠤᠹᠥᠰᠰᠤᠷ ᠮᠦᠷᠡᠨ ᠲᠠᠢ᠌ᠯᠤᠮᠵᠢ ᠵᠢ ᠰᠣᠨᠣᠰᠤᠭᠰᠠᠨ᠎ᠤ ᠳᠠᠷᠠᠭ᠎ᠠ᠄ 《ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠪᠠ ᠦᠨᠳᠦᠰᠦᠨ ᠱᠠᠲᠤᠨ᠎ᠤ ᠤᠨᠤᠯ᠎ᠤᠨ ᠤᠬᠠᠭᠤᠯᠤᠨ ᠲᠠᠢ᠌ᠯᠪᠤᠷᠢᠯᠠᠭᠴᠢ ᠪᠣᠯᠤᠭᠰᠠᠨ᠎ᠤ ᠬᠤᠪᠢ᠎ᠳᠤ ᠪᠦᠬᠦᠳᠡ ᠬᠤᠷᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠦᠨᠳᠦᠰᠦᠨ ᠱᠠᠲᠤᠨ᠎ᠤ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠬᠦ ᠵᠢᠨ ᠬᠠᠮᠲᠤ ᠵᠢᠭ᠋ᠠᠨ ᠰᠤᠷᠭ᠋ᠠᠯᠲᠠ ᠵᠢᠨ ᠳᠤᠮᠳᠠ ᠡᠷᠳᠡᠮ ᠰᠢᠨᠵᠢᠯᠡᠭᠡᠨ᠎ᠤ ᠴᠢᠨᠠᠷ ᠪᠠ ᠦᠵᠡᠯ ᠰᠠᠨᠠᠭ᠋ᠠᠴᠢ ᠴᠢᠨᠠᠷ᠎ᠢ ᠤᠶᠠᠯᠳᠤᠭᠤᠯᠬᠤ᠂ ᠣᠨᠣᠯᠴᠢ ᠴᠢᠨᠠᠷ ᠪᠠ ᠦᠢ᠍ᠯᠡᠳᠦᠯᠭᠡ᠎ᠲᠦ ᠴᠢᠨᠠᠷ᠎ᠢ ᠤᠶᠠᠯᠳᠤᠭᠤᠯᠬᠤ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ》 ᠬᠡᠵᠡᠢ᠃
ᠵᠠᠩ ᠢ ᠮᠢᠨ ᠪᠠᠰᠠ ᠰᠢᠯᠢᠩᠬᠣᠲᠠ ᠵᠢᠨ ᠬᠠᠮ ᠵᠠᠭᠤᠴᠢᠯᠠᠭᠤᠷ᠎ᠤᠨ ᠲᠥᠪ᠎ᠲᠤ ᠬᠦᠷᠴᠦ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠣᠨᠢᠨ ᠮᠡᠳᠡᠭᠡᠨ᠎ᠤ ᠠᠵᠢᠯ ᠡᠷᠬᠢᠯᠡᠭᠰᠡᠳ᠎ᠲᠤ ᠤᠬᠠᠭᠤᠯᠤᠨ ᠲᠠᠢ᠌ᠯᠪᠤᠷᠢᠯᠠᠬᠤ ᠵᠢᠨ ᠬᠠᠮᠲᠤ ᠭᠣᠣᠯ ᠵᠠᠭᠤᠴᠢᠯᠠᠭᠤᠷ᠎ᠤᠨ ᠰᠢᠰᠲ᠋ᠧᠮ᠎ᠤᠨ ᠴᠢᠨᠠᠷᠲᠠᠢ ᠬᠤᠪᠢᠰᠤᠯᠲᠠ ᠵᠢ ᠬᠡᠷᠬᠢᠨ ᠠᠬᠢᠭᠤᠯᠬᠤ ᠵᠡᠷᠭᠡ ᠠᠰᠠᠭᠤᠳᠠᠯ᠎ᠤᠨ ᠲᠤᠬᠠᠢ ᠤᠯᠠᠨ᠎ᠲᠠᠢ ᠰᠠᠨᠠᠯ ᠵᠶ᠋ᠠᠨ ᠰᠣᠯᠢᠯᠴᠠᠵᠤ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠢ᠌ᠯ᠎ᠠ᠃