ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ
ᠨᠡᠶᠢᠲᠡᠯᠡᠭᠰᠡᠨ ᠴᠠᠭ᠄ 2024-09-11

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠠᠨ ᠷᠦᠨ ᠱᠧᠩ ᠲᠣᠰ ᠲᠣᠰ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠠᠢ᠌ᠭᠤᠯᠭ᠎ᠠ ᠪᠣᠯᠣᠨ ᠤᠯᠠᠭ᠋ᠠᠨᠴᠠᠪ᠎ᠤᠨ ᠾᠧᠨᠠᠨ᠎ᠤ ᠬᠤᠳᠠᠯᠳᠤᠭ᠋ᠠᠴᠢᠳ᠎ᠤᠨ ᠡᠪᠯᠡᠯ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃
   ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠳᠤ ᠶᠤᠤ ᠶᠦᠩ ᠪᠥᠸᠧ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠭᠰᠠᠨ ᠲᠥᠷᠥᠭᠳᠡᠯ ᠵᠶ᠋ᠡᠨ ᠤᠯᠠᠨ᠎ᠲᠠᠢ ᠬᠤᠪᠢᠶᠠᠯᠴᠠᠯ᠎ᠠ᠃ 
    ᠶᠤᠤ ᠶᠦᠩ ᠪᠥᠸᠧ᠄ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠨᠢ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠥᠭᠵᠢᠯᠲᠡ᠎ᠳᠤ ᠤᠷᠤᠭᠰᠢᠯᠠᠯᠲᠠ ᠵᠢᠨ ᠴᠢᠭᠯᠡᠯ ᠪᠣᠯᠣᠨ ᠦᠨᠳᠦᠰᠦᠨ ᠵᠠᠮ᠎ᠢ ᠵᠢᠭ᠋ᠠᠵᠤ ᠥᠭᠴᠡᠢ᠃ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ᠎ᠬᠢᠨ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ 〈ᠲᠤᠰ ᠪᠡᠶ᠎ᠡ ᠵᠢᠨ ᠣᠨᠴᠠᠯᠢᠭ᠎ᠲᠠᠢ ᠥᠭᠡᠷᠡᠴᠢᠯᠡᠯᠲᠡ〉 ᠵᠢ ᠰᠠᠨᠠᠭ᠋ᠠᠴᠢᠯᠠᠭ᠎ᠠ᠎ᠠᠴᠠ᠎ᠪᠠᠨ ᠰᠦᠪᠡᠭᠴᠢᠯᠡᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 〈ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ〉 ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠪᠣᠯᠣᠨ ᠨᠠᠮ ᠎ᠤᠨ ᠲᠥᠪ ᠬᠣᠷᠢᠶ᠎ᠠ᠎ᠠᠴᠠ ᠮᠠᠨ ᠎ᠤ ᠣᠷᠣᠨ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠠᠵᠤ ᠠᠬᠤᠢ᠌ᠯᠠᠯ ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭ᠋ᠠᠢ᠌ᠷᠠᠭᠤᠯᠬᠤ ᠬᠡᠷᠡᠭᠲᠡᠢ》 ᠬᠡᠪᠡ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠳ᠋ ᠲᠡᠷᠢᠬᠦᠯᠡᠭᠴᠢ ᠯᠥᠸᠧ ᡁᠢ ᠬᠤ᠌ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠦᠭᠦᠳᠡ ᠬᠤᠷᠠᠯ᠎ᠤᠨ 《ᠲᠣᠭᠲᠠᠭ᠋ᠠᠯ》᠎ᠤᠨ ᠲᠣᠭᠣᠷᠢᠨ᠎ᠳᠤ  ᠥᠭᠡᠷᠡᠴᠢᠯᠡᠯᠲᠡ ᠵᠢ ᠪᠦᠬᠦ ᠲᠠᠯ᠎ᠠ ᠎ᠪᠠᠷ ᠤᠯᠠᠮ ᠭᠦᠨᠵᠡᠭᠡᠢ᠌ᠷᠡᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠂ ᠵᠢᠯᠤᠭᠣᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠵᠡᠷᠭᠡ ᠲᠠᠯ᠎ᠠ ᠎ᠪᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠠᠢ᠌ᠯᠪᠤᠷᠢᠯᠠᠵᠤ᠂ 〈ᠲᠣᠭᠲᠠᠭ᠋ᠠᠯ〉᠎ᠳᠤ᠎ᠬᠢ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠳᠤ ᠭᠠᠷᠭ᠋ᠠᠭᠰᠠᠨ ᠰᠢᠨ᠎ᠡ ᠪᠠᠢ᠌ᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠵᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ ᠭᠦᠨᠵᠡᠭᠡᠢ ᠲᠠᠢ᠌ᠯᠪᠤᠷᠢᠯᠠᠬᠰᠠᠨ ᠪᠥᠭᠡᠳ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ᠎ᠪᠠᠷ 《ᠬᠦᠴᠦ ᠣᠷᠣᠭᠤᠯᠬᠤ》 ᠲᠠᠪᠤᠨ ᠱᠠᠭ᠋ᠠᠷᠳᠠᠯᠭ᠎ᠠ ᠵᠢ ᠲᠤᠷᠠᠳᠤᠯ᠎ᠠ᠃
    ᠤᠯᠠᠭ᠋ᠠᠨᠴᠠᠪ᠎ᠤᠨ ᠾᠧᠨᠠᠨ᠎ᠤ ᠬᠤᠳᠠᠯᠳᠤᠭ᠋ᠠᠴᠢᠳ᠎ᠤᠨ ᠡᠪᠯᠡᠯ᠎ᠳᠤ ᠠᠨ ᠷᠦᠨ ᠱᠧᠩ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠢ ᠬᠤᠷᠠᠯᠳᠤᠭᠤᠯᠤᠭᠰᠠᠨ ᠠᠬᠤᠢ ᠪᠠᠢ᠌ᠳᠠᠯ᠂ ᠭᠣᠣᠯ ᠠᠭᠤᠯᠭ᠎ᠠ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠳ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠵᠥᠪ ᠣᠢ᠌ᠯᠠᠭ᠋ᠠᠬᠤ᠎ᠲᠠᠢ ᠨᠢᠭᠲᠠ ᠤᠶᠠᠯᠳᠤᠭᠤᠯᠤᠨ᠂ ᠮᠠᠨ᠎ᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠣᠳᠣᠬᠢ ᠪᠠᠢ᠌ᠳᠠᠯ ᠪᠣᠯᠣᠨ ᠢᠷᠡᠭᠡᠳᠦᠢ ᠵᠢᠨ ᠬᠥᠭᠵᠢᠯᠲᠡ ᠵᠢᠨ ᠴᠢᠭᠯᠡᠯ᠎ᠲᠠᠢ ᠤᠶᠠᠯᠳᠤᠭᠤᠯᠵᠤ᠂ ᠪᠤᠰᠤᠳᠴᠢ ᠵᠠᠳᠠᠯᠤᠯᠲᠠ ᠪᠠ ᠭᠦᠨᠵᠡᠭᠡᠢ ᠲᠠᠢ᠌ᠯᠤᠮᠵᠢ ᠬᠢᠵᠡᠢ᠃ ᠠᠨ ᠷᠦᠨ ᠱᠸᠡᠭ᠄ 《ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ᠎ᠬᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠡᠪᠲᠡᠷᠬᠡᠢ ᠣᠢ᠌ᠯᠠᠭ᠋ᠠᠬᠤ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ᠂ ᠪᠣᠳᠠᠲᠤ ᠦᠷ᠎ᠡ ᠪᠦᠲᠦᠮᠵᠢ ᠣᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂  ᠴᠢᠨᠠᠷᠵᠢᠭᠤᠨ ᠦᠢ᠍ᠯᠡᠴᠢᠯᠡᠭᠡ᠂ ᠯᠠᠪᠳᠠᠭᠤᠨ ᠪᠠᠲᠤᠲᠠᠢ ᠰᠤᠷᠲᠠᠯ᠂ ᠪᠣᠳᠠᠲᠠᠢ ᠵᠢ ᠡᠷᠬᠢᠮᠯᠡᠭᠰᠡᠨ ᠠᠷᠭ᠎ᠠ᠎ᠪᠠᠷ 〈ᠬᠣᠶᠠᠷ ᠡᠷᠡᠭᠦᠯ ᠮᠡᠨᠳᠦ〉 ᠵᠢᠨ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠴᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠳᠡᠮᠵᠢᠬᠦ ᠬᠡᠷᠡᠭᠲᠡᠢ》 ᠭᠡᠵᠦ ᠱᠠᠭ᠋ᠠᠷᠳᠠᠪᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠲᠤᠰᠬᠠᠢ ᠰᠡᠳᠤᠪ ᠵᠶ᠋ᠡᠷ ᠰᠤᠷᠤᠯᠴᠠᠪᠠ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠠᠷᠠᠳ᠎ᠤᠨ ᠶᠠᠪᠤᠳᠠᠯ᠎ᠤᠨ ᠲᠢᠩᠬᠢᠮ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠮᠡᠷᠭᠡᠵᠢᠯ᠎ᠤᠨ ᠨᠡᠢ᠌ᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ ᠪᠤᠯᠤᠨ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠳᠤ ᠤᠯᠠᠨ ᠲᠦᠮᠡᠨᠴᠢᠯᠡᠭᠰᠡᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠭᠠᠵᠠᠷ᠎ᠲᠤ ᠭᠦᠨᠵᠡᠭᠡᠢ᠌ᠷᠡᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠥᠷ ᠮᠣᠩᠭᠣᠯ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠤᠯᠠᠨ ᠲᠦᠮᠡᠨᠴᠢ ᠤᠷᠠᠯᠢᠭ᠎ᠤᠨ ᠣᠷᠳᠣᠨ᠎ᠳᠤ ᠤᠯᠠᠨ ᠲᠦᠮᠡᠨᠴᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
 
            