ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠠᠷᠠᠳ᠎ᠤᠨ ᠶᠠᠪᠤᠳᠠᠯ᠎ᠤᠨ ᠲᠢᠩᠬᠢᠮ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2024-08-26

    ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠤᠷᠢᠶ᠎ᠠ ᠵᠢᠨ ᠰᠢᠭᠤᠳ ᠬᠠᠷᠢᠶ᠎ᠠ  ᠪᠠᠢ᠌ᠭᠤᠯᠭ᠎ᠠ ᠵᠢᠨ ᠠᠵᠢᠯᠯᠠᠬᠤ  ᠬᠤᠷᠢᠶ᠎ᠠ ᠵᠢᠨ ᠨᠢᠭᠡᠳᠦᠯᠲᠡᠢ ᠪᠠᠶ᠋ᠢᠷᠢᠯᠠᠭᠤᠯᠤᠯᠲᠠ ᠶᠣᠰᠣᠭ᠋ᠠᠷ 8  ᠳ᠋ᠤᠭ᠋ᠠᠷ ᠰᠠᠷ᠎ᠠ ᠵᠢᠨ 22᠎ᠤᠨ ᠦᠳᠡ ᠵᠢᠨ ᠬᠣᠶ᠋ᠢᠨ᠎ᠠ  ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ᠎ᠬᠢᠨ᠎ᠤ ᠮᠡᠳᠡᠭᠦᠯᠦᠯᠲᠡ ᠵᠢᠨ ᠬᠤᠷᠠᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠶᠠᠪᠤᠭᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠣᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠵᠤᠤ ᠵᠢᠩ ᠬᠤᠸᠠ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠵᠦ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠠᠭ᠎ᠤᠨ ᠪᠦᠷᠢᠯᠳᠦᠬᠦᠨ ᠣᠷᠣᠯᠴᠠᠵᠠᠢ᠃
ᠵᠣᠣ ᠵᠢᠩ ᠬᠤᠸᠠ ᠨᠥᠬᠥᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠣᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ》 ᠭᠡᠬᠦ ᠰᠡᠳᠦᠪ ᠵᠶ᠋ᠠᠷ 《ᠥᠭᠡᠷᠡᠴᠢᠯᠡᠯᠲᠡ ᠵᠢ ᠤᠯᠠᠮ  ᠴᠢᠨᠠᠭᠰᠢᠳᠠ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ  ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ  ᠲᠤᠭᠲᠠᠭ᠋ᠠᠯ》᠎ᠢ ᠭᠦᠨᠵᠡᠭᠡᠶ  ᠲᠠᠢ᠌ᠯᠪᠤᠷᠢᠯᠠᠵᠠᠢ ᠃
ᠲᠡᠷᠡ᠎ᠪᠠᠷ  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠪᠣᠯ ᠵᠠᠩᠭᠢᠯᠠᠭ᠎ᠠ ᠵᠢᠨ ᠬᠤᠭᠤᠴᠠᠭ᠋ᠠᠨ᠎ᠳᠤ ᠬᠤᠷᠠᠯᠳᠤᠭᠤᠯᠤᠭᠰᠠᠨ ᠴᠢᠬᠤᠯᠠ ᠬᠤᠷᠠᠯ ᠪᠤᠯᠬᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠳᠡᠭᠡᠷᠡᠬᠢ ᠰᠢ ᠵᠢᠨ ᠫᠢᠩ ᠶᠡᠷᠤᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ  ᠦᠢ᠍ᠯᠠᠭ᠋ᠠᠬᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ  ᠴᠢᠨᠠᠭᠰᠢᠳᠠ ᠭᠦᠨᠵᠡᠭᠡᠶ᠋ᠢᠷᠡᠭᠦᠯᠬᠦ ᠴᠢᠬᠤᠯᠠ ᠶᠡᠬᠡ ᠠᠷᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠦᠢ᠍ᠯᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ  ᠨᠠᠢ᠍ᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠨᠠᠢ᠌ᠳᠠᠪᠤᠷᠢᠵᠢᠭᠤᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ  ᠵᠡᠷᠭᠡ ᠳᠥᠷᠪᠡᠨ ᠲᠠᠯ᠎ᠠ ᠎ᠠᠴᠠ ᠪᠥᠬᠥ ᠲᠠᠯ᠎ᠠ᠎ᠪᠠᠷ ᠣᠨᠣᠪᠴᠢᠲᠠᠶ ᠤᠶ᠋ᠢᠯᠠᠭ᠋ᠠᠨ᠂ ᠪᠥᠬᠥᠳᠡ ᠬᠤᠷᠠᠯ᠎ᠤᠨ ᠵᠤᠷᠢᠭ ᠰᠠᠨᠠᠭ᠎ᠠ᠎ᠳᠤ ᠰᠢᠰᠲ᠋ᠧᠮ᠎ᠲᠠᠢ  ᠭᠥᠨᠵᠡᠭᠡᠢ ᠲᠠᠢ᠌ᠯᠪᠤᠷᠢᠯᠠᠪᠠ᠃ ᠪᠥᠬᠥᠳᠡ ᠬᠤᠷᠠᠯ᠎ᠤᠨ ᠢᠯᠡᠳᠬᠡᠯ᠎ᠤᠨ ᠭᠣᠣᠯ ᠰᠡᠳᠦᠪ᠎ᠨᠢ ᠢᠯᠡ ᠲᠣᠳᠣ᠂ ᠯᠣᠭᠢᠭ᠎ᠨᠢ ᠴᠢᠩᠭ᠎ᠠ᠂ ᠠᠭᠤᠯᠤᠭᠳᠠᠬᠤᠨ᠎ᠨᠢ ᠪᠠᠶᠠᠯᠢᠭ᠂ ᠦᠭᠡ ᠬᠡᠯᠡ᠎ᠨᠢ ᠠᠮᠢᠳᠤᠯᠢᠭ   ᠤᠴᠢᠷ᠎ᠠᠴᠠ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠣᠨᠣᠪᠴᠢᠲᠠᠢ ᠣᠶ᠋ᠢᠯᠠᠭ᠋ᠠᠬᠤ ᠪᠠ ᠪᠦᠬᠦ ᠲᠠᠯ᠎ᠠ᠎ᠪᠠᠷ ᠡᠵᠡᠮᠰᠢᠬᠦ᠎ᠳᠤ ᠲᠤᠶ᠋ᠢᠯ᠎ᠤᠨ ᠴᠢᠬᠤᠯᠠ ᠵᠢᠯᠣᠭᠣᠳᠬᠤ ᠠᠴᠢ ᠬᠣᠯᠪᠣᠭᠳᠠᠯ᠎ᠲᠠᠢ ᠶᠤᠮ᠃
     ᠤᠯᠠᠨ ᠵᠶ᠋ᠠᠷ ᠵᠶ᠋ᠠᠨ᠄ 《ᠡᠨᠡ ᠬᠦ᠌  ᠮᠡᠳᠡᠭᠥᠯᠤᠯᠳᠡ ᠵᠢᠨ ᠬᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠥᠪᠥᠷ ᠮᠣᠩᠭᠣᠯ᠎ᠤᠨ ᠲᠤᠬᠠᠢ ᠰᠢ ᠵᠢᠨ ᠫᠢᠩ ᠶᠡᠷᠤᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ᠎ᠲᠠᠢ  ᠤᠶᠠᠯᠳᠤᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ᠂ ᠬᠥᠮᠦᠨ ᠠᠮᠠ ᠵᠢᠨ  ᠨᠠᠰᠤᠵᠢᠯᠲᠠ ᠵᠢ ᠢᠳᠡᠪᠬᠢᠲᠡᠢ  ᠠᠷᠭ᠋ᠠᠴᠠᠭ᠋ᠠᠬᠤ᠂ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠬᠦ᠂ ᠨᠡᠶ᠋ᠢᠭᠡᠮ᠎ᠤᠨ ᠲᠤᠰᠠᠯᠠᠮᠵᠢ ᠵᠢᠨ  ᠰᠢᠰᠲ᠋ᠧᠮ᠎ᠢ ᠲᠡᠭᠥᠯᠳᠡᠷᠵᠢᠭᠥᠯᠬᠥ᠂ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠲᠦᠷᠢᠮ᠎ᠢ ᠲᠡᠭᠥᠯᠳᠡᠷᠵᠢᠭᠥᠯᠬᠥ᠂ ᠵᠡᠮᠳᠡᠭᠴᠦᠳ᠎ᠤᠨ ᠨᠡᠶ᠋ᠢᠭᠡᠮ᠎ᠤᠨ  ᠪᠠᠲᠤᠯᠠᠭ᠎ᠠ ᠵᠢᠨ ᠲᠦᠷᠢᠮ ᠪᠤᠯᠤᠨ  ᠬᠠᠯᠠᠮᠵᠢᠯᠠᠬᠤ ᠦᠢ᠍ᠯᠡᠴᠢᠯᠡᠭᠡᠨ᠎ᠤ  ᠰᠢᠰᠲ᠋ᠧᠮ᠎ᠢ  ᠲᠡᠭᠥᠯᠳᠡᠷᠵᠢᠭᠥᠯᠬᠥ ᠵᠡᠷᠭᠡ ᠪᠠᠶ᠋ᠢᠷᠢᠯᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠨᠢᠭᠡᠳᠤᠯᠳᠠᠢ ᠲᠦᠯᠤᠪᠵᠢᠭᠥᠯᠦᠨ ᠰᠦᠪᠡᠭᠴᠢᠯᠡᠵᠦ᠂  ᠦᠨᠡᠨ ᠬᠦ᠌ ᠠᠳᠬᠤᠨ ᠪᠤᠳᠠᠲᠠᠢ ᠎ᠪᠠᠷ ᠠᠵᠢᠯᠯᠠᠵᠤ᠂ ᠪᠦᠬᠦᠳᠡ ᠬᠤᠷᠠᠯ᠎ᠤᠨ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠠᠷᠠᠳ᠎ᠤᠨ ᠶᠠᠪᠤᠳᠠᠯ᠎ᠤᠨ ᠥᠭᠡᠷᠡᠴᠢᠯᠡᠯᠲᠡ  ᠬᠦᠭᠵᠢᠬᠦᠯᠤᠯᠳᠡ ᠵᠢᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ  ᠠᠷᠠᠳ᠎ᠤᠨ ᠶᠠᠪᠤᠳᠠᠯ᠎ᠤᠨ ᠦᠢ᠍ᠯᠡᠳᠤᠯ᠎ᠢ ᠨᠡᠩ ᠰᠠᠢ᠌ᠨ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ᠎ᠬᠢᠨ᠎ᠤ  ᠬᠦᠴᠤᠨ ᠎ᠢ ᠡᠷᠭᠥᠨ᠎ᠡ》 ᠬᠡᠵᠡᠢ᠃


          

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠮᠡᠷᠭᠡᠵᠢᠯ᠎ᠤᠨ ᠨᠡᠢ᠌ᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ ᠪᠤᠯᠤᠨ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠳᠤ ᠤᠯᠠᠨ ᠲᠦᠮᠡᠨᠴᠢᠯᠡᠭᠰᠡᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠭᠠᠵᠠᠷ᠎ᠲᠤ ᠭᠦᠨᠵᠡᠭᠡᠢ᠌ᠷᠡᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠥᠷ ᠮᠣᠩᠭᠣᠯ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠤᠯᠠᠨ ᠲᠦᠮᠡᠨᠴᠢ ᠤᠷᠠᠯᠢᠭ᠎ᠤᠨ ᠣᠷᠳᠣᠨ᠎ᠳᠤ ᠤᠯᠠᠨ ᠲᠦᠮᠡᠨᠴᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠠᠷᠢᠭᠤᠴᠠᠯᠭ᠎ᠠ ᠵᠢ ᠦᠢ᠍ᠯᠡᠳᠤᠯᠬᠡᠵᠢᠬᠦᠯᠵᠤ ᠪᠠᠢ᠌ᠨ᠎ᠠ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠦ᠋ ᠶᠠ ᠴᠢᠨ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠦᠢ᠍ᠯᠡᠴᠢᠯᠡᠵᠤ ᠪᠠᠢ᠌ᠨ᠎ᠠ
 
            