ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 7 ᠳ᠋ᠤᠭ᠋ᠠᠷ ᠰᠠᠷ᠎ᠠ ᠵᠢᠨ 26᠎ᠤ ᠡᠳᠦᠷ 2024 ᠣᠨ᠎ᠤ 30 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ 2024 ᠣᠨ᠎ᠤ 14 ᠳ᠋ᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ᠃
ᠬᠤᠷᠠᠯ ᠲᠡᠬᠡᠷ᠎ᠡ᠄ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠲᠤᠢ᠌ᠯ᠎ᠤᠨ ᠴᠢᠬᠤᠯᠠ ᠬᠤᠷᠠᠯ ᠪᠣᠯᠣᠨ᠎ᠠ᠃ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠭᠠᠷᠭ᠋ᠠᠵᠤ᠂ ᠦᠵᠡᠯ ᠰᠠᠨᠠᠭ᠎ᠠ ᠪᠠ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠤᠬᠠᠮᠰᠠᠷ᠎ᠠᠴᠠ᠎ᠪᠠᠨ ᠨᠢᠭᠡᠳᠬᠡᠬᠦ ᠬᠡᠷᠡᠭᠲᠡᠢ》 ᠬᠡᠵᠡᠢ᠃
ᠬᠤᠷᠠᠯ ᠲᠡᠬᠡᠷ᠎ᠡ᠄ 《ᠰᠤᠷᠤᠯᠴᠠᠨ ᠣᠢ᠌ᠯᠠᠭ᠋ᠠᠬᠤ ᠵᠢ ᠰᠠᠢ᠌ᠲᠤᠷ ᠠᠳᠬᠤᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠬᠦ ᠬᠡᠷᠡᠭᠲᠡᠢ᠃ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠵᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠭᠣᠣᠯ ᠰᠡᠳᠦᠪ᠂ ᠵᠢᠯᠤᠭᠣᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ᠂ ᠪᠠᠢ᠌ᠷᠢᠯᠠᠭᠤᠯᠤᠯᠲᠠ ᠱᠠᠭ᠋ᠠᠷᠳᠠᠯᠭ᠎ᠠ ᠪᠣᠯᠣᠨ ᠦᠨᠳᠦᠰᠦᠨ ᠪᠠᠲᠤᠯᠠᠭ᠎ᠠ ᠵᠢ ᠭᠦᠨᠵᠡᠭᠡᠢ ᠣᠢ᠌ᠯᠠᠭ᠋ᠠᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠭᠦᠨᠵᠡᠭᠡᠢ ᠰᠤᠷᠤᠯᠴᠠᠵᠤ ᠰᠤᠳᠤᠯᠤᠨ ᠶᠠᠷᠢᠯᠴᠠᠬᠤ᠎ᠪᠠᠷ ᠳᠠᠮᠵᠢᠭᠤᠯᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢ ᠡᠷᠬᠢᠯᠡᠵᠦ᠂ ᠺᠠᠳ᠋ᠷᠴᠤᠳ᠎ᠢ ᠡᠭᠡᠯᠵᠢᠯᠡᠨ ᠪᠣᠯᠪᠠᠰᠤᠷᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠬᠤ ᠠᠵᠢᠯ᠎ᠢ ᠬᠦᠨᠵᠡᠬᠡᠢ᠌ᠷᠡᠬᠦᠯᠬᠦ ᠬᠡᠷᠡᠭᠳᠡᠢ᠃ ᠠᠯᠪᠠᠨ᠎ᠤ ᠰᠦᠯᠵᠢᠶ᠎ᠡ᠂ ᠸᠢᠴᠠᠲ ᠲᠠᠪᠴᠠᠡᠭ ᠪᠠ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ》᠂ ᠦᠪᠤᠷ ᠮᠤᠡᠭᠭᠤᠯ᠎ᠤᠨ 《ᠨᠡᠢ᠌ᠭᠡᠮ》᠎ᠤᠨ ᠰᠡᠳᠬᠦᠯ ᠵᠡᠷᠭᠡ ᠠᠴᠢᠶᠠᠯᠠᠪᠤᠷᠢ ᠵᠢ ᠠᠰᠢᠭᠯᠠᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠣᠯᠠᠨ ᠲᠠᠯ᠎ᠠ ᠪᠥᠬᠥ ᠲᠠᠯ᠎ᠠ᠎ᠠᠴᠠ ᠤᠬᠠᠭᠤᠯᠬᠤ ᠬᠡᠷᠡᠭᠳᠡᠢ᠃ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠵᠤ᠂ ᠪᠦᠬᠦᠳᠠ ᠬᠤᠷᠠᠯ᠎ᠠᠴᠠ ᠪᠠᠢ᠌ᠷᠢᠯᠠᠭᠤᠯᠤᠭᠰᠠᠨ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 〈ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠨ ᠨᠠᠰᠤᠵᠢᠯ᠎ᠤᠨ ᠦᠢ᠍ᠯᠡᠰ ᠪᠠ ᠨᠠᠰᠤᠵᠢᠯ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ ᠬᠥᠭᠵᠢᠭᠦᠯᠬᠦ〉 〈ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠢ ᠲᠡᠬᠦᠯᠳᠡᠷᠵᠢᠬᠦᠯᠬᠦ〉 〈ᠡᠮᠡᠭᠲᠡᠢ᠌ᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠳᠦᠷᠢᠮ᠎ᠢ ᠲᠡᠬᠦᠯᠳᠡᠷᠵᠢᠬᠦᠯᠬᠦ〉 ᠵᠡᠷᠭᠡ ᠴᠢᠬᠤᠯᠠ ᠶᠡᠬᠡ ᠪᠠᠢ᠌ᠷᠢᠯᠠᠭᠤᠯᠤᠯᠲᠠ ᠵᠢᠨ ᠲᠣᠭᠣᠷᠢᠨ᠎ᠳᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠡᠳᠬᠢᠬᠦᠢ ᠪᠠ ᠠᠷᠭ᠎ᠠ ᠪᠠᠷᠢᠯ ᠵᠶ᠋ᠠᠷ ᠬᠦᠴᠢᠷ ᠠᠰᠠᠭᠤᠳᠠᠯ ᠰᠢᠨ᠎ᠡ ᠠᠰᠠᠭᠤᠳᠠᠯ᠎ᠢ ᠰᠢᠢ᠍ᠳᠪᠦᠷᠢᠯᠡᠨ ᠬᠥᠭᠵᠢᠯᠲᠡ ᠵᠢ ᠠᠬᠢᠭᠤᠯᠵᠤ᠂ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠲᠦᠷᠬᠡᠳᠬᠡᠵᠤ ᠥᠭᠡᠷᠡᠴᠢᠯᠡᠯᠲᠡ ᠵᠢᠨ ᠡᠭᠦᠷᠭᠡ ᠵᠢ ᠴᠢᠨᠠᠷᠵᠢᠭᠤᠨ ᠪᠡᠶᠡᠯᠡᠭᠦᠯᠬᠦ ᠬᠡᠷᠡᠭᠲᠡᠢ᠃ ᠤᠶᠠᠯᠳᠤᠭᠤᠯᠤᠨ ᠠᠭᠤᠰᠤᠯᠴᠠᠭᠤᠯᠬᠤ ᠠᠵᠢᠯ᠎ᠢ ᠰᠠᠢ᠌ᠲᠤᠷ ᠠᠳᠬᠤᠵᠤ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠴᠢᠷᠮᠠᠢ᠌ᠨ ᠠᠬᠢᠭᠤᠯᠬᠤ ᠬᠡᠷᠡᠭᠲᠡᠢ᠃ ᠰᠢᠰᠲᠸᠮ᠎ᠳᠤ ᠦᠵᠡᠯᠲᠡ᠂ ᠪᠦᠬᠦ ᠲᠠᠯ᠎ᠠ ᠵᠢᠨ ᠦᠵᠡᠯᠲᠡ ᠵᠢ ᠪᠠᠷᠢᠮᠲᠠᠯᠠᠵᠤ᠂ ᠪᠠᠢ᠌ᠯᠳᠤᠬᠤ ᠪᠣᠳᠣᠯᠭ᠎ᠠ ᠵᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠎ᠪᠠᠨ ᠴᠢᠩᠭ᠋ᠠᠳᠬᠠᠵᠤ᠂ ᠬᠠᠷᠠᠯᠲᠠ ᠵᠢᠨ ᠤᠳᠤᠷᠢᠳᠤᠮᠵᠢ᠂ ᠠᠰᠠᠭᠤᠳᠠᠯ᠎ᠤᠨ ᠤᠳᠤᠷᠢᠳᠤᠮᠵᠢ ᠵᠢ ᠲᠤᠪᠤᠢ᠌ᠯᠭ᠋ᠠᠨ᠂ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠪᠣᠳᠠᠲᠤ ᠪᠠᠢ᠌ᠳᠠᠯ᠎ᠲᠠᠢ ᠨᠢᠭᠲᠠ ᠬᠠᠷᠠᠯᠲᠠ ᠡᠭᠦᠷᠭᠡ᠎ᠪᠠᠨ ᠨᠠᠷᠢᠯᠢᠭᠵᠢᠭᠤᠯᠤᠨ ᠲᠣᠳᠣᠷᠬᠠᠢ᠌ᠯᠠᠵᠤ᠂ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ ᠪᠦᠲᠦᠨ᠂ ᠨᠢᠭᠲᠠ ᠬᠣᠯᠪᠣᠯᠳᠤᠭᠰᠠᠨ ᠥᠭᠡᠷᠡᠴᠢᠯᠡᠯᠲᠡ ᠵᠢ ᠠᠬᠢᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠪᠥᠬᠥᠳᠡ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢ ᠢᠷᠡᠭᠡᠳᠦᠢ ᠵᠢᠨ ᠨᠢᠭᠡ ᠬᠤᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠲᠥᠯᠥᠪᠯᠡᠨ ᠪᠠᠢ᠌ᠷᠢᠯᠠᠭᠤᠯᠬᠤ᠂ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠬᠦᠯᠤᠯᠳᠡ ᠵᠢᠨ ᠲᠥᠯᠦᠪᠵᠢᠭᠦᠯᠭᠡ ᠪᠠ ᠬᠣᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠬᠤ᠂ ᠳᠣᠣᠷ᠎ᠠ ᠬᠠᠭ᠋ᠠᠰ ᠵᠢᠯ᠎ᠤᠨ ᠡᠯ᠎ᠡ ᠠᠵᠢᠯ᠎ᠢ ᠠᠬᠢᠭᠤᠯᠬᠤ᠎ᠲᠠᠢ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠳᠤᠯᠠᠬᠤ ᠬᠡᠷᠡᠭᠳᠡᠢ》 ᠭᠡᠵᠤ ᠱᠠᠭ᠋ᠠᠷᠳᠠᠯ᠎ᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠨᠢᠬᠡᠴᠢ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ ᠨᠡᠢ᠍ᠢ᠍ᠳᠡ 25 ᠬᠥᠮᠥᠨ ᠬᠤᠷᠠᠯ᠎ᠳᠤ ᠣᠷᠣᠯᠴᠠᠪᠠ᠃