ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ ᠪᠠᠲᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠸᠧᠢ ᠳ᠋ᠦᠩ᠂ ᠴᠡᠴᠡᠭ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠵᠥᠪᠯᠡᠯ᠎ᠤᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠠᠷᠤᠭ᠎ᠠ ᠶᠠᠩ ᠵᠢᠶᠧ ᠨᠠᠷ 9 ᠳ᠋ᠤᠬᠡᠷ ᠰᠠᠷ᠎ᠠ ᠵᠢᠨ 13 ᠪᠠ 18᠎ᠤ ᠡᠳᠦᠷ ᠲᠣᠰ ᠲᠣᠰ ᠣᠷᠳᠣᠰ᠂ ᠪᠤᠭᠤᠲᠤ᠂ ᠬᠥᠯᠥᠨ ᠪᠣᠶ᠋ᠢᠷ᠂ ᠤᠯᠠᠭ᠋ᠠᠨᠬᠠᠳᠠ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃
ᠴᠢ ᠪᠠᠲᠤ 9 ᠳ᠋ᠤᠬᠡᠷ ᠰᠠᠷ᠎ᠠ ᠵᠢᠨ 13 ᠤ ᠡᠳᠦᠷ ᠣᠷᠳᠣᠰ᠎ᠤᠨ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠬᠤ ᠵᠢᠨ ᠬᠠᠮᠲᠤ ᠳᠡᠭᠡᠳᠦ ᠰᠤᠷᠭ᠋ᠠᠭᠤᠯᠢ ᠵᠢᠨ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠡᠷᠦᠩᠬᠡᠢ᠌ᠯᠡᠭᠰᠡᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠠᠢ᠃ ᠴᠢ ᠪᠠᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ ᠪᠠ ᠪᠣᠳᠠᠲᠤ ᠠᠴᠢ ᠬᠣᠯᠪᠣᠭᠳᠠᠯ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠵᠢ ᠣᠨᠣᠪᠴᠢᠲᠠᠶ ᠣᠢ᠌ᠯᠠᠭ᠋ᠠᠨ ᠡᠵᠡᠮᠰᠢᠬᠦ ᠵᠡᠷᠭᠡ ᠵᠢᠷᠭᠤᠭ᠋ᠠᠨ ᠲᠠᠯ᠎ᠠ᠎ᠪᠠᠷ ᠲᠠᠢ᠌ᠯᠪᠤᠷᠢᠯᠠᠬᠰᠠᠨ ᠪᠠᠢ᠌ᠨ᠎ᠠ᠃ ᠲᠡᠷᠡ᠄ 《ᠳᠡᠭᠡᠳᠦ ᠰᠤᠷᠭ᠋ᠠᠭᠤᠯᠢ᠎ᠨᠤᠭᠤᠳ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠰᠢ ᠵᠢᠨ ᠫᠢᠩ ᠶᠡᠷᠦᠩᠬᠡᠢ ᠱᠦᠵᠢ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠵᠢ ᠰᠤᠷᠤᠯᠴᠠᠨ ᠣᠢ᠌ᠯᠠᠭ᠋ᠠᠬᠤ ᠲᠠᠢ ᠤᠶᠠᠯᠳᠤᠭᠤᠯᠵᠤ᠂ ᠰᠢ ᠵᠢᠨ ᠫᠢᠡᠭ ᠶᠡᠷᠦᠩᠬᠡᠢ ᠱᠦᠵᠢ ᠵᠢᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠨᠡᠪᠳᠡᠷᠡᠬᠦᠯᠵᠤ᠂ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠡᠪᠲᠡᠷᠬᠡᠢ ᠣᠢ᠌ᠯᠠᠭ᠋ᠠᠵᠤ᠂ ᠬᠡᠷᠡᠭᠵᠢᠭᠦᠯᠬᠦ ᠲᠥᠰᠥᠯ᠎ᠢ ᠰᠠᠢ᠌ᠲᠤᠷ ᠬᠢᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠡᠷᠡᠭᠳᠡᠢ》 ᠬᠡᠵᠡᠢ᠃
ᠶᠠᠩ ᠸᠧᠢ ᠳ᠋ᠦᠩ 9 ᠳ᠋ᠤᠬᠡᠷ ᠰᠠᠷ᠎ᠠ ᠵᠢᠨ 18᠎ᠤ ᠡᠳᠦᠷ ᠪᠤᠭᠤᠲᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠪᠠᠭ᠎ᠤᠨ ᠪᠦᠷᠢᠯᠳᠦᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠬᠠᠷᠢᠭᠤᠴᠠᠯᠭ᠋ᠠᠲᠠᠨ ᠪᠠ ᠪᠤᠭᠤᠳᠤ ᠬᠣᠲᠠ᠎ᠳᠤ ᠰᠠᠭᠤᠭ᠎ᠠ ᠬᠡᠰᠡᠭ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠲᠠᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠭᠰᠠᠨ ᠲᠥᠷᠥᠭᠳᠡᠯ ᠵᠶ᠋ᠡᠨ ᠶᠠᠷᠢᠯᠴᠠᠬᠤ ᠬᠤᠷᠠᠯ ᠬᠢᠪᠡ᠃ ᠶᠠᠩ ᠸᠧᠢ ᠳ᠋ᠦᠩ᠄ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠵᠥᠪᠯᠡᠬᠦ ᠠᠷᠠᠳᠴᠢᠯᠠᠯ᠎ᠤᠨ ᠲᠣᠭᠲᠠᠴᠠ ᠵᠢ ᠪᠦᠷᠢᠨᠰᠢᠭᠦᠯᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠥᠭᠡᠷᠡᠴᠢᠯᠡᠯᠲᠡ ᠬᠦᠭᠵᠢᠬᠦᠯᠤᠯᠳᠡ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠢ᠃ ᠪᠤᠭᠤᠲᠤ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ᠎ᠬᠢᠨ ᠵᠥᠪᠯᠡᠬᠦ ᠠᠷᠠᠳᠴᠢᠯᠠᠯ᠎ᠤᠨ ᠲᠣᠭᠲᠠᠴᠠ ᠵᠢ ᠪᠦᠷᠢᠨᠰᠢᠭᠦᠯᠬᠦ ᠲᠠᠯ᠎ᠠ᠎ᠪᠠᠷ ᠵᠣᠷᠢᠭᠲᠠᠢ᠎ᠪᠠᠷ ᠰᠦᠪᠡᠭᠴᠢᠯᠡᠵᠦ᠂ ᠵᠣᠷᠢᠭᠲᠠᠢ᠎ᠪᠠᠷ ᠰᠢᠨ᠎ᠡ ᠵᠢ ᠡᠭᠦᠳᠴᠦ᠂ ᠥᠭᠡᠷᠡᠴᠢᠯᠡᠯᠲᠡ ᠵᠢᠨ ᠭᠣᠣᠯᠳᠠᠯᠭ᠎ᠠ᠂ ᠬᠦᠴᠢᠷ ᠠᠰᠠᠭᠤᠳᠠᠯ᠂ ᠲᠦᠭᠵᠢᠷᠡᠯ᠎ᠤᠨ ᠴᠡᠭ᠎ᠤᠨ ᠲᠣᠭᠣᠷᠢᠨ᠎ᠳᠤ ᠵᠥᠪᠯᠡᠬᠦ ᠪᠠ ᠵᠠᠰᠠᠭ᠎ᠤᠨ ᠶᠠᠪᠤᠳᠠᠯ᠎ᠢ ᠵᠥᠪᠯᠡᠬᠦ᠂ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠠᠵᠢᠯ᠎ᠢ ᠥᠷᠭᠡᠨ ᠲᠡᠯᠬᠡᠷ ᠥᠷᠨᠢᠭᠦᠯᠵᠦ᠂ ᠥᠭᠡᠷᠡᠴᠢᠯᠡᠯᠲᠡ ᠵᠢᠨ ᠬᠠᠮᠲᠤ ᠵᠢᠨ ᠲᠠᠨᠢᠯᠲᠠ ᠵᠢ ᠨᠡᠩ ᠰᠠᠢ᠌ᠲᠤᠷ ᠨᠢᠬᠳᠠᠷᠠᠭᠤᠯᠤᠭ᠋ᠠᠳ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠢ ᠢᠳᠡᠪᠬᠢᠲᠡᠢ ᠬᠠᠮᠵᠢᠨ ᠥᠭᠡᠷᠡᠴᠢᠯᠡᠯᠲᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠵᠢ ᠬᠦᠰᠡᠵᠦ ᠪᠠᠢ᠌ᠨ᠎ᠠ》 ᠬᠡᠯᠡ᠃
ᠴᠡᠴᠡᠭ 9 ᠳ᠋ᠤᠬᠡᠷ ᠰᠠᠷ᠎ᠠ ᠵᠢᠨ 18 ᠤ ᠡᠳᠦᠷ ᠬᠥᠯᠥᠨ ᠪᠤᠢ᠍ᠢ᠍ᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠪᠠᠶ᠋ᠢᠭᠤᠯᠬᠤ᠂ ᠰᠤᠷᠭ᠋ᠠᠨ ᠬᠥᠮᠦᠵᠢᠯ᠂ ᠰᠢᠨᠵᠢᠯᠡᠬᠦ ᠮᠡᠷᠭᠡᠵᠢᠯ᠂ ᠴᠢᠳᠠᠪᠤᠷᠢᠲᠠᠨ᠎ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠬᠤ ᠵᠢᠨ ᠬᠠᠮᠲᠤ ᠤᠯᠤᠰ᠎ᠤᠨ ᠳᠣᠲᠣᠭ᠋ᠠᠳᠤ ᠵᠢᠨ ᠴᠢᠬᠤᠯᠠ ᠶᠡᠬᠡ ᠬᠤᠷᠠᠯ᠎ᠲᠠᠢ ᠤᠶᠠᠯᠳᠤᠭᠤᠯᠤᠨ ᠭᠦᠨᠵᠡᠭᠡᠢ ᠲᠣᠳᠣᠷᠬᠠᠢ᠌ᠯᠠᠨ ᠥᠭᠦᠯᠡᠪᠡ᠃ ᠲᠠᠢ᠌ᠯᠪᠤᠷᠢᠯᠠᠯᠳᠠ᠎ᠪᠠᠷ ᠲᠠᠮᠵᠢᠭ᠋ᠠᠳ ᠪᠠᠭᠰᠢ ᠰᠤᠷᠤᠭᠴᠢᠳ ᠪᠥᠬᠥᠳᠡ ᠬᠤᠷᠠᠯ᠎ᠤᠨ ᠥᠭᠡᠷᠡᠴᠢᠯᠡᠯᠲᠡ ᠵᠢᠨ ᠶᠡᠷᠦᠩᠬᠡᠢ ᠪᠠᠢ᠌ᠷᠢᠯᠠᠭᠤᠯᠤᠯᠲᠠ ᠵᠢᠨ ᠲᠤᠬᠠᠢ ᠨᠡᠩ ᠭᠦᠨᠵᠡᠭᠡᠢ ᠲᠠᠨᠢᠯᠲᠠ ᠪᠠ ᠣᠢ᠌ᠯᠠᠭ᠋ᠠᠯᠲᠠ᠎ᠲᠠᠢ ᠪᠣᠯᠵᠠᠢ᠃ ᠴᠡᠴᠡᠭ᠄ 《ᠰᠤᠷᠭ᠋ᠠᠨ ᠬᠥᠮᠦᠵᠢᠯ ᠪᠣᠯ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠭᠤᠷᠢ ᠮᠥᠨ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠥᠨ᠎ᠢ ᠬᠥᠮᠥᠵᠢᠭᠦᠯᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠬᠡᠷᠡᠭᠲᠡᠢ᠃ ᠲᠣᠰ ᠤᠬᠠᠭᠤᠯᠤᠨ ᠲᠠᠢ᠌ᠯᠪᠤᠷᠢᠯᠠᠯᠲᠠ᠎ᠨᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ》 ᠬᠡᠪᠡ᠃
ᠶᠠᠩ ᠵᠢᠶᠧ 9 ᠳ᠋ᠤᠬᠡᠷ ᠰᠠᠷ᠎ᠠ ᠵᠢᠨ 18᠎ᠤ ᠡᠳᠦᠷ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠶᠠᠩ ᠵᠢᠶᠧ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠶᠠᠭᠤᠨ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠰᠤᠳᠤᠯᠤᠭᠰᠠᠨ᠂ ᠶᠠᠭᠤᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠳᠠᠯ᠎ᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠭᠦᠨᠵᠡᠭᠡᠢ᠌ᠷᠡᠭᠦᠯᠬᠦ ᠵᠢᠨ ᠭᠣᠣᠯ ᠰᠡᠳᠦᠪ ᠪᠤᠯᠭ᠋ᠠᠬᠰᠠᠨ ᠪᠠ ᠬᠡᠷᠬᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠰᠠᠭᠤᠷᠢᠯᠠᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠬᠡᠢ᠌ᠷᠡᠬᠦᠯᠬᠦ ᠲᠤᠬᠠᠢ ᠲᠠᠢ᠌ᠯᠪᠤᠷᠢᠯᠠᠬᠰᠠᠨ ᠪᠦᠬᠡᠳ ᠵᠠᠯᠠᠭᠤ ᠰᠤᠷᠤᠭᠴᠢᠳ᠎ᠢ ᠠᠯᠤᠰ᠎ᠤᠨ ᠵᠣᠷᠢᠯᠲᠠ᠎ᠲᠠᠢ ᠯᠠᠪᠳᠠᠭᠤᠨ ᠪᠠᠲᠤᠲᠠᠢ᠎ᠪᠠᠷ ᠠᠵᠢᠯᠯᠠᠵᠤ᠂ ᠰᠠᠢ᠌ᠲᠤᠷ ᠰᠤᠷᠤᠯᠴᠠᠵᠤ᠂ ᠰᠠᠭᠤᠷᠢ᠎ᠪᠠᠨ ᠰᠠᠢ᠌ᠲᠤᠷ ᠲᠠᠯᠪᠢᠵᠤ᠂ ᠡᠷᠳᠡᠮ ᠴᠢᠳᠠᠪᠤᠷᠢ᠎ᠪᠠᠨ ᠨᠡᠮᠡᠭᠳᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠭᠠᠯ ᠬᠠᠯᠠᠭᠤᠨ ᠦᠢ᠍ᠯᠡᠳᠦᠯᠭᠡ ᠳᠤᠮᠳᠠ ᠠᠮᠢᠳᠤᠷᠠᠬᠤᠢ ᠵᠢᠨ ᠦᠷᠳᠡᠭ ᠵᠶ᠋ᠡᠨ ᠢᠯᠡᠷᠡᠬᠦᠯᠤᠬᠡᠷᠡᠢ ᠭᠡᠵᠤ ᠵᠤᠷᠢᠬ᠍ᠵᠢᠭᠤᠯᠤᠬᠰᠠᠨ ᠪᠠᠢ᠌ᠨ᠎ᠠ᠃