ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠮᠡᠷᠭᠡᠵᠢᠯ᠎ᠤᠨ ᠨᠡᠢ᠌ᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ ᠪᠤᠯᠤᠨ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠳᠤ ᠤᠯᠠᠨ ᠲᠦᠮᠡᠨᠴᠢᠯᠡᠭᠰᠡᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2024-09-19

   ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ᠂ ᠰᠢᠰᠲᠸᠮ᠂ ᠪᠠᠢ᠌ᠭᠤᠯᠭ᠎ᠠ ᠨᠢᠭᠡᠴᠡ ᠵᠢᠨ ᠤᠯᠠᠨ ᠲᠦᠮᠡᠨᠴᠢᠯᠡᠭᠰᠡᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠬᠳᠠᠵᠤ ᠪᠠᠢ᠌ᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠤᠷᠴᠢᠮ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠳᠤ ᠬᠦᠷᠴᠦ ᠤᠯᠠᠨ ᠲᠦᠮᠡᠨᠴᠢᠯᠡᠭᠰᠡᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠺᠠᠳ᠋ᠷ ᠠᠵᠢᠯᠳᠠᠳ᠎ᠤᠨ ᠰᠡᠳᠬᠢᠯ᠎ᠳᠤ ᠰᠠᠭᠤᠬᠳᠠᠯ᠎ᠠ ᠲᠠᠢ᠌ᠯᠪᠤᠷᠢᠯᠠᠬᠰᠠᠨ ᠪᠠᠢ᠌ᠨ᠎ᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠥᠷ ᠮᠣᠩᠭᠣᠯ᠎ᠤᠨ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠤᠤ ᠵᠢᠩ ᠬᠤᠸᠠ 9 ᠰᠠᠷ᠎ᠠ ᠵᠢᠨ 9 ᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠮᠡᠷᠭᠡᠵᠢᠯ᠎ᠤᠨ ᠨᠡᠢ᠌ᠭᠡᠮᠯᠢᠭ᠎ᠲᠤ ᠬᠦᠷᠴᠦ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠢᠰᠲ᠋ᠧᠮ᠎ᠲᠠᠢ ᠲᠠᠢ᠌ᠯᠪᠤᠷᠢᠯᠠᠬᠤ ᠵᠢᠨ ᠬᠠᠮᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠬᠣᠯᠪᠣᠭᠳᠠᠯ ᠪᠦᠬᠦᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠲᠤᠬᠠᠢ ᠵᠢᠨ ᠲᠠᠯᠠᠪᠠᠢ ᠵᠢᠨ ᠺᠠᠳ᠋ᠷ ᠤᠯᠠᠨ ᠲᠦᠮᠡᠨ᠎ᠢ ᠬᠠᠪᠰᠤᠷᠤᠨ ᠵᠢᠯᠣᠭᠣᠳᠪᠠ᠃ ᠤᠬᠠᠭᠤᠯᠤᠨ ᠲᠠᠢ᠌ᠯᠪᠤᠷᠢᠯᠠᠭᠰᠠᠨ ᠮᠡᠳᠡᠭᠦᠯᠦᠯᠲᠡ ᠵᠢᠨ ᠠᠭᠤᠯᠭ᠎ᠠ ᠪᠠᠶᠠᠯᠢᠭ᠂ ᠤᠨᠤᠯ᠎ᠤᠨ ᠥᠨᠳᠥᠷᠴᠡ᠎ᠲᠠᠢ ᠪᠥᠭᠡᠳ ᠦᠢ᠍ᠯᠡᠳᠦᠯᠭᠡ ᠵᠢᠨ ᠭᠦᠨᠴᠡ᠎ᠲᠠᠢ᠂ ᠨᠡᠯᠢᠶᠡᠳ ᠴᠢᠩᠭ᠎ᠠ ᠵᠢᠯᠤᠭᠣᠳᠬᠤ ᠦᠢ᠍ᠯᠡᠳᠦᠯ ᠪᠠ ᠠᠴᠢ ᠬᠣᠯᠪᠣᠭᠳᠠᠯ᠎ᠲᠠᠢ ᠪᠠᠢ᠌ᠯ᠎ᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠡᠯᠲᠡᠰ᠎ᠤᠨ ᠳᠠᠷᠤᠭ᠎ᠠ ᠯᠢᠦ ᠸᠧᠢ ᠵᠢᠶᠠᠩ᠄ 《ᠪᠢᠳᠠ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠤᠯᠠᠮ ᠴᠢᠨᠠᠭᠰᠢᠳᠠ ᠨᠢᠭᠡᠳᠬᠡᠵᠦ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ᠎ᠪᠠᠷ ᠪᠦᠬᠦ ᠣᠷᠣᠨ᠎ᠤ ᠰᠢᠨᠵᠢᠯᠡᠬᠦ ᠮᠡᠷᠭᠡᠵᠢᠯ᠎ᠤᠨ ᠨᠡᠢ᠌ᠭᠡᠮᠯᠢᠭ᠎ᠤᠨ ᠠᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ ᠵᠡᠷᠭᠡ ᠭᠤᠷᠪᠠᠨ ᠶᠡᠬᠡ  ᠬᠦᠷᠢᠶ᠎ᠡ ᠴᠠᠷᠠᠭ᠎ᠠ ᠵᠢᠨ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ᠎ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ᠎ᠠᠴᠠ ᠠᠮᠢᠵᠢᠷᠠᠯ᠎ᠤᠨ ᠬᠦᠴᠦᠨ ᠬᠥᠳᠡᠯᠭᠡᠬᠦ ᠬᠦᠴᠦᠨ ᠣᠯᠬᠤ ᠬᠡᠷᠡᠭᠲᠡᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠮᠡᠷᠭᠡᠵᠢᠯ᠎ᠤᠨ ᠨᠡᠢ᠌ᠭᠡᠮᠯᠢᠭ᠎ᠤᠨ᠎ᠬᠢᠨ ᠣᠶᠤᠲᠠᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠨᠡᠢ᠌ᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠂ ᠮᠠᠯᠴᠢᠨ ᠲᠠᠷᠢᠶᠠᠴᠢᠨ᠎ᠤ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ᠂ ᠥᠨᠳᠥᠷ ᠲᠡᠰ᠎ᠤᠨ ᠦᠵᠤ ᠰᠢᠨᠵᠢᠯᠡᠬᠦ ᠮᠡᠷᠭᠡᠵᠢᠯ᠎ᠢ ᠲᠦᠭᠡᠮᠡᠯᠵᠢᠭᠦᠯᠬᠦ᠂ ᠪᠠᠴᠢᠮ᠎ᠢ ᠠᠷᠭ᠋ᠠᠴᠠᠭ᠋ᠠᠬᠤ ᠰᠢᠨᠵᠢᠯᠡᠬᠦ ᠮᠡᠷᠭᠡᠵᠢᠯ᠎ᠢ ᠲᠦᠭᠡᠮᠡᠯᠵᠢᠭᠦᠯᠬᠦ ᠵᠡᠷᠭᠡ ᠤᠯᠠᠨ ᠵᠦᠢ᠍ᠯ᠎ᠤᠨ ᠰᠢᠨ᠎ᠡ ᠵᠢ ᠡᠭᠦᠳᠬᠦ ᠠᠷᠭ᠎ᠠ  ᠵᠢ  ᠦᠷᠨᠢᠬᠦᠯᠤᠬᠡᠳ ᠠᠷᠠᠳ ᠢᠷᠭᠡᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠤᠨ ᠰᠠᠭᠤᠷᠢ ᠵᠢ ᠵᠤᠵᠠᠭ᠋ᠠᠳᠬᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠰᠢᠨᠵᠢᠯᠡᠬᠦ ᠮᠡᠷᠭᠡᠵᠢᠯ᠎ᠤᠨ᠎ᠬᠢᠨ᠎ᠤ ᠬᠦᠴᠦᠨ᠎ᠢ ᠨᠡᠮᠡᠷᠢᠯᠡᠨ᠎ᠡ》 ᠭᠡᠵᠤ ᠰᠡᠳᠬᠢᠯ ᠲᠤᠬᠳᠤᠯᠤᠨ ᠶᠠᠷᠢᠵᠤ ᠪᠠᠢ᠌ᠯ᠎ᠠ᠃
     ᠵᠤᠤ ᠵᠢᠩ ᠬᠤᠸᠠ 9 ᠳ᠋ᠤᠬᠡᠷ ᠰᠠᠷ᠎ᠠ ᠵᠢᠨ10᠎ᠤ ᠡᠳᠤᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ᠎ᠳᠤ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠶ᠎ᠡ》 ᠭᠡᠬᠦ ᠰᠡᠳᠦᠪ ᠵᠶ᠋ᠡᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠠᠢ᠌ᠯᠪᠤᠷᠢᠯᠠᠪᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠯᠢᠦ ᠵᠢᠶᠠ᠄ 《ᠤᠬᠠᠭᠤᠯᠤᠨ ᠲᠠᠢ᠌ᠯᠪᠤᠷᠢᠯᠠᠬᠤ ᠮᠡᠳᠡᠭᠦᠯᠦᠯᠲᠡ ᠵᠢ ᠰᠣᠨᠣᠰᠤᠭ᠋ᠠᠳ   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ᠎ᠤᠨ ᠺᠠᠳ᠋ᠷ ᠠᠵᠢᠯᠲᠠᠨ ᠠᠵᠢᠯᠴᠢᠨ ᠲᠤᠢ᠌ᠯ ᠵᠶ᠋ᠠᠷ ᠤᠷᠮᠠᠰᠢᠨ ᠵᠣᠷᠢᠭᠵᠢᠵᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠤᠭ᠋ᠠᠴᠠᠯ᠎ᠤᠨ ᠲᠢᠩᠬᠢᠮ᠎ᠤᠨ᠎ᠬᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ   ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠪᠦᠬᠦ ᠲᠠᠯ᠎ᠠ ᠎ᠪᠠᠷ ᠭᠦᠨᠵᠡᠭᠡᠢ ᠰᠤᠷᠤᠯᠴᠠᠵᠤ᠂ ᠪᠣᠳᠠᠲᠤ ᠪᠠᠢ᠌ᠳᠠᠯ ᠎ᠲᠠᠢ ᠤᠶᠠᠯᠳᠤᠭᠤᠯᠤᠨ ᠰᠤᠷᠤᠯᠴᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠡᠳᠬᠢᠯ᠂ ᠦᠢ᠍ᠯᠡ ᠠᠵᠢᠯᠯᠠᠭ᠎ᠠ᠎ᠳᠤ᠎ᠪᠠᠨ ᠰᠢᠩᠭᠡᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠰᠣᠶᠣᠯ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠣᠶᠣᠯ᠎ᠤᠨ ᠦᠢ᠍ᠯᠡᠰ᠎ᠤᠨ ᠪᠦᠬᠦ ᠲᠠᠯ᠎ᠠ᠎ᠪᠠᠷ ᠴᠡᠴᠡᠭᠯᠡᠨ ᠬᠥᠭᠵᠢᠬᠦ ᠪᠠ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠲᠠᠰᠤᠷᠠᠯᠲᠠ ᠦᠭᠡᠢ ᠠᠬᠢᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠲᠦᠷᠦᠯ ᠲᠡᠮᠳᠡᠭ᠎ᠢ ᠨᠡᠩ ᠭᠢᠯᠠᠷᠠᠭᠤᠯᠵᠤ᠂ ᠨᠡᠩ ᠴᠤᠤᠷᠢᠶᠠᠲᠤᠭᠤᠯᠵᠤ᠂ ᠨᠡᠩ ᠥᠷᠭᠡᠨ ᠲᠡᠯᠬᠡᠷ᠊ᠷ ᠤᠯᠠᠮᠵᠢᠯᠠᠨ᠎ᠠ》 ᠭᠡᠵᠦ ᠬᠡᠯᠡᠪᠡ᠃
  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠣᠯᠪᠣᠭ᠋ᠠᠲᠤ ᠬᠤᠷᠠᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠡᠯᠲᠡᠰ᠎ᠤᠨ ᠳᠠᠷᠤᠭ᠎ᠠ᠂ ᠳᠡᠳ᠋ ᠰᠤᠳᠤᠯᠤᠭᠴᠢ ᠶᠠᠩ ᠯᠢᠶᠠᠩ 9 ᠳ᠋ᠤᠬᠡᠷ ᠰᠠᠷ᠎ᠠ ᠵᠢᠨ 11᠎ᠤ ᠡᠳᠦᠷ ᠥᠪᠥᠷ ᠮᠣᠩᠭᠣᠯ᠎ᠤᠨ ᠤᠷᠠᠯᠢᠭ᠎ᠤᠨ ᠲᠢᠶᠠᠲᠷ᠎ᠲᠤ 《ᠰᠢᠨ᠎ᠡ ᠲᠡᠦᠬᠡᠨ ᠭᠠᠷᠤᠭ᠎ᠠ ᠳᠡᠭᠡᠷ᠎ᠡ ᠥᠭᠡᠷᠡᠴᠢᠯᠡᠯᠲᠡ ᠵᠢ   ᠪᠦᠬᠦ ᠲᠠᠯ᠎ᠠ ᠎ᠪᠠᠷ ᠤᠯᠠᠮ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ》᠎ᠪᠠᠷ ᠰᠡᠳᠦᠪᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠲᠠ ᠤᠶᠠᠯᠳᠤᠭᠤᠯᠤᠨ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠬᠤᠷᠠᠯᠳᠤᠭᠰᠠᠨ ᠠᠬᠤᠢ ᠪᠠᠢ᠌ᠳᠠᠯ᠂ ᠴᠢᠬᠤᠯᠠ ᠠᠴᠢ ᠬᠣᠯᠪᠣᠭᠳᠠᠯ ᠪᠠ ᠥᠭᠡᠷᠡᠴᠢᠯᠡᠯᠲᠡ ᠵᠢ ᠤᠯᠠᠮ ᠭᠦᠨᠵᠡᠭᠡᠢ᠌ᠷᠡᠭᠦᠯᠬᠦ ᠶᠡᠷᠦᠩᠬᠡᠢ ᠱᠠᠭ᠋ᠠᠷᠳᠠᠯᠭ᠎ᠠ ᠪᠠ ᠴᠢᠬᠤᠯᠠ ᠶᠡᠬᠡ ᠠᠷᠭ᠎ᠠ ᠵᠢ ᠨᠠᠷᠢᠨ ᠲᠣᠳᠣᠷᠬᠠᠢ ᠥᠭᠦᠯᠡᠪᠡ᠃
    ᠥᠪᠥᠷ ᠮᠣᠩᠭᠣᠯ᠎ᠤᠨ ᠤᠷᠠᠯᠢᠭ᠎ᠤᠨ ᠵᠦᠴᠦᠭᠡ ᠵᠢᠨ ᠬᠦᠷᠢᠶᠡᠯᠡᠩ᠎ᠤᠨ ᠦᠨᠳᠦᠰᠦᠲᠡᠨ᠎ᠤ ᠳᠠᠭᠤᠷᠢᠯᠢᠭ᠎ᠤᠨ ᠪᠦᠯᠬᠦᠮ᠎ᠤᠨ ᠳᠠᠷᠤᠭ᠎ᠠ ᠳ᠋ᠦᠩ ᠬᠠᠢ ᠵᠧᠨ᠄ 《ᠪᠦᠬᠦᠳᠡ ᠬᠤᠷᠠᠯ᠎ᠠᠴᠠ ᠰᠣᠶᠣᠯ᠎ᠤᠨ ᠦᠢ᠍ᠯᠡᠴᠢᠯᠡᠭᠡ ᠪᠣᠯᠣᠨ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠲᠣᠭᠲᠠᠴᠠ ᠵᠢ ᠰᠢᠯᠢᠳᠡᠭᠵᠢᠭᠦᠯᠬᠦ᠎ᠪᠠᠷ ᠳᠤᠷᠠᠳᠴᠠᠢ᠂ ᠪᠢᠳᠡ ᠡᠨᠡ ᠬᠦ᠌ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢᠨ ᠲᠣᠭᠣᠷᠢᠨ᠎ᠳᠤ ᠤᠯᠠᠨ ᠲᠦᠮᠡᠨ᠎ᠲᠠᠢ ᠣᠢ᠌ᠷᠠᠲᠤᠭᠰᠠᠨ᠂ ᠤᠯᠠᠨ ᠲᠦᠮᠡᠨ᠎ᠤ ᠳᠤᠮᠳᠠ ᠳᠡᠯᠭᠡᠷᠡᠵᠦ ᠥᠷᠭᠡᠵᠢᠭᠰᠡᠨ᠂ ᠦᠯᠡᠳᠡᠵᠦ ᠳᠡᠶ᠋ᠢᠯᠬᠦ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠎ᠪᠠᠷ ᠴᠢᠷᠮᠠᠢ᠌ᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠡᠳ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ》 ᠬᠡᠵᠡᠢ᠃


  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠭᠠᠵᠠᠷ᠎ᠲᠤ ᠭᠦᠨᠵᠡᠭᠡᠢ᠌ᠷᠡᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠥᠷ ᠮᠣᠩᠭᠣᠯ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠤᠯᠠᠨ ᠲᠦᠮᠡᠨᠴᠢ ᠤᠷᠠᠯᠢᠭ᠎ᠤᠨ ᠣᠷᠳᠣᠨ᠎ᠳᠤ ᠤᠯᠠᠨ ᠲᠦᠮᠡᠨᠴᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠠᠷᠢᠭᠤᠴᠠᠯᠭ᠎ᠠ ᠵᠢ ᠦᠢ᠍ᠯᠡᠳᠤᠯᠬᠡᠵᠢᠬᠦᠯᠵᠤ ᠪᠠᠢ᠌ᠨ᠎ᠠ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠦ᠋ ᠶᠠ ᠴᠢᠨ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠦᠢ᠍ᠯᠡᠴᠢᠯᠡᠵᠤ ᠪᠠᠢ᠌ᠨ᠎ᠠ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠵᠢᠨ ᠵᠢᠪᠬᠤᠭ᠎ᠠ᠄ 《ᠪᠢ ᠪᠣᠯ 〈ᠵᠢᠶᠦ᠋ᠨ ᠮᠧᠨ〉 ᠨᠡᠢ᠌ᠭᠡᠮ ᠲᠣᠭᠣᠷᠢᠭ᠎ᠤᠨ ᠥᠬᠢᠨ》
 
            