ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠥᠷ ᠮᠣᠩᠭᠣᠯ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠤᠯᠠᠨ ᠲᠦᠮᠡᠨᠴᠢ ᠤᠷᠠᠯᠢᠭ᠎ᠤᠨ ᠣᠷᠳᠣᠨ᠎ᠳᠤ ᠤᠯᠠᠨ ᠲᠦᠮᠡᠨᠴᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2024-09-23

     ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ᠎ᠤᠨ ᠰᠢᠰᠲᠸᠮ᠎ᠤᠨ ᠨᠢᠬᠡᠴᠢ ᠵᠢᠨ ᠤᠯᠠᠨ  ᠲᠦᠮᠡᠨᠴᠢ ᠤᠬᠠᠭᠤᠯᠤᠨ ᠲᠠᠢ᠌ᠯᠪᠤᠷᠢᠯᠠᠯᠲᠠ 9 ᠳ᠋ᠤᠬᠡᠷ ᠰᠠᠷ᠎ᠠ ᠵᠢᠨ 13᠂ 14 ᠎ᠳᠤ ᠦᠷᠭᠦᠯᠵᠢᠯᠡᠨ ᠶᠠᠪᠤᠭᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠥᠪᠥᠷ ᠮᠣᠩᠭᠣᠯ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠤᠯᠠᠨ  ᠲᠦᠮᠡᠨᠴᠢ ᠤᠷᠠᠯᠢᠭ᠎ᠤᠨ ᠣᠷᠳᠣᠨ᠎ᠳᠤ ᠭᠦᠨᠵᠡᠭᠡᠢ᠌ᠷᠡᠨ ᠤᠬᠠᠭᠤᠯᠤᠨ ᠲᠠᠢ᠌ᠯᠪᠤᠷᠢᠯᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠠᠵᠢᠯᠲᠠᠨ ᠠᠵᠢᠯᠴᠢᠳ᠎ᠲᠤ ᠳᠠᠮᠵᠢᠭᠤᠯᠪᠠ᠃
      ᠥᠪᠥᠷ ᠮᠣᠩᠭᠣᠯ᠎ᠤᠨ ᠨᠣᠮ᠎ᠤᠨ ᠰᠠᠩ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠨᠠᠮ᠎ᠤᠨ ᠲᠡᠦᠬᠡ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠰᠤᠳᠤᠯᠬᠤ ᠬᠡᠯᠲᠡᠰ᠎ᠤᠨ ᠳᠡᠳ᠋ ᠡᠷᠬᠢᠯᠡᠭᠴᠢ᠂ ᠳᠡᠳ᠋ ᠫᠷᠤᠹᠥᠰᠰᠤᠷ ᠰᠦᠨ ᠶᠠ ᠵᠢᠶᠸ 9 ᠳ᠋ᠤᠬᠡᠷ  ᠰᠠᠷ᠎ᠠ ᠵᠢᠨ 13 ᠎ᠤ ᠡᠳᠦᠷ 《ᠰᠢᠨ᠎ᠡ ᠠᠶᠠᠨ ᠵᠠᠮ᠎ᠳᠤ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠠᠵᠢᠯᠯᠠᠭ᠋ᠠᠨ᠎ᠤ ᠬᠥᠲᠥᠯᠪᠦᠷᠢ》 ᠭᠡᠬᠦ ᠰᠡᠳᠦᠪ ᠵᠶ᠋ᠡᠷ  ᠦᠪᠤᠷ ᠮᠤᠡᠭᠭᠤᠯ᠎ᠤᠨ ᠪᠣᠳᠠᠲᠠᠢ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠢᠰᠲᠸᠮ᠎ᠲᠠᠢ ᠲᠣᠳᠣᠷᠬᠠᠢ᠌ᠯᠠᠨ ᠥᠭᠦᠯᠡᠵᠦ ᠭᠦᠨᠵᠡᠭᠡᠢ ᠲᠠᠢ᠌ᠯᠪᠤᠷᠢᠯᠠᠪᠠ᠃
    ᠥᠪᠥᠷ ᠮᠣᠩᠭᠣᠯ᠎ᠤᠨ ᠨᠣᠮ᠎ᠤᠨ ᠰᠠᠩ᠎ᠤᠨ ᠠᠵᠢᠯᠲᠠᠨ ᠳ᠋ᠦ᠋ ᠮᠧᠩ᠄ 《ᠪᠢᠳᠡ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠦᠢ᠍ᠯᠡᠳᠦᠯᠭᠡᠵᠢᠭᠦᠯᠵᠦ᠂ ᠤᠩᠰᠢᠭᠴᠢᠳ᠎ᠲᠤ ᠦᠢ᠍ᠯᠡᠴᠢᠯᠡᠬᠦ  ᠬᠤᠪᠢᠶᠠᠷᠢ ᠣᠷᠳᠣᠨ᠎ᠤ ᠪᠦᠲᠦᠭᠡᠨ ᠪᠠᠢ᠌ᠭᠤᠯᠤᠯᠲᠠ᠂ ᠨᠣᠮ ᠤᠩᠰᠢᠵᠤ ᠳᠡᠯᠭᠡᠷᠡᠭᠦᠯᠬᠦ ᠵᠡᠷᠭᠡ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ ᠵᠠᠯᠠᠭᠤ ᠡᠯᠴᠢ ᠪᠣᠯᠣᠨ᠎ᠠ》 ᠬᠡᠯ᠎ᠡ᠃
      ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠥᠷ ᠮᠣᠩᠭᠣᠯ᠎ᠤᠨ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠳᠡᠳ᠋  ᠬᠢᠨᠠᠨ ᠨᠠᠢ᠌ᠷᠠᠭᠤᠯᠤᠭᠴᠢ᠂ ᠥᠪᠥᠷ ᠮᠣᠩᠭᠣᠯ᠎ᠤᠨ ᠨᠢᠭᠡᠳᠦᠮᠡᠯ ᠹᠷᠣᠨᠲ᠎ᠤᠨ ᠤᠶᠤᠨ᠎ᠤ ᠬᠥᠮᠥᠷᠭᠡ ᠵᠢᠨ ᠠᠯᠪᠠᠨ ᠭᠡᠷ᠎ᠤᠨ ᠡᠷᠬᠢᠯᠡᠭᠴᠢ ᠹᠸᠡᠭ ᠰᠢᠤᠸᠠᠨ 9 ᠰᠠᠷ᠎ᠠ ᠵᠢᠨ 14᠎ᠤ ᠡᠳᠦᠷ ᠥᠪᠥᠷ ᠮᠣᠩᠭᠣᠯ᠎ᠤᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠳᠤ   ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠪᠦᠬᠦᠳᠡ ᠬᠤᠷᠠᠯ᠎ᠤᠨ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠢ᠌ᠷᠡᠭᠦᠯᠬᠦ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠣᠢ᠌ᠯᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠲᠦᠷᠪᠡᠨ ᠲᠠᠯ᠎ᠠ᠎ᠪᠠᠷ ᠭᠦᠨᠵᠡᠭᠡᠢ ᠲᠠᠢ᠌ᠯᠤᠮᠵᠢ ᠬᠢᠵᠡᠢ᠃ ᠲᠠᠢ᠌ᠯᠤᠮᠵᠢ᠎ᠳᠤ ᠮᠠᠨ᠎ᠤ ᠤᠷᠤᠨ᠎ᠤ ᠤᠯᠠᠨ ᠨᠡᠢ᠌ᠳᠡ ᠵᠢᠨ ᠰᠣᠶᠤᠯ᠎ᠤᠨ ᠦᠢ᠍ᠯᠡᠰ᠎ᠤᠨ ᠬᠦᠭᠵᠢᠬᠦᠯᠤᠯᠳᠡ᠎ᠲᠠᠢ ᠨᠢᠬᠳᠠ ᠤᠶᠠᠯᠳᠤᠭᠤᠯᠵᠤ ᠰᠢᠨ᠎ᠡ ᠰᠡᠳᠬᠢᠮᠵᠢ᠎ᠳᠤ ᠬᠦᠨᠵᠡᠬᠡᠢ ᠲᠠᠢ᠌ᠯᠪᠤᠷᠢᠯᠠᠬᠰᠠᠨ ᠪᠠᠢ᠌ᠨ᠎ᠠ᠃ 
 
 






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠠᠷᠢᠭᠤᠴᠠᠯᠭ᠎ᠠ ᠵᠢ ᠦᠢ᠍ᠯᠡᠳᠤᠯᠬᠡᠵᠢᠬᠦᠯᠵᠤ ᠪᠠᠢ᠌ᠨ᠎ᠠ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠦ᠋ ᠶᠠ ᠴᠢᠨ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠦᠢ᠍ᠯᠡᠴᠢᠯᠡᠵᠤ ᠪᠠᠢ᠌ᠨ᠎ᠠ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠵᠢᠨ ᠵᠢᠪᠬᠤᠭ᠎ᠠ᠄ 《ᠪᠢ ᠪᠣᠯ 〈ᠵᠢᠶᠦ᠋ᠨ ᠮᠧᠨ〉 ᠨᠡᠢ᠌ᠭᠡᠮ ᠲᠣᠭᠣᠷᠢᠭ᠎ᠤᠨ ᠥᠬᠢᠨ》
ᠱ᠌ᠢ᠎ᠲᠠᠢ ᠹᠸᠡᠭ ᠠᠬᠠᠨᠮᠠᠳ ᠨᠠᠮ᠎ᠤᠨ ᠬᠡᠰᠢᠬᠦᠨ ᠸᠠᠡᠭ ᠵᠠᠨ ᠪᠤᠯᠤᠨ ᠡᠤ ᠬᠠᠨ ᠳ᠋ᠢᠡᠭ᠎ᠢ ᠪᠤᠯᠭᠤᠭ᠋ᠠᠨ ᠦᠵᠡᠵᠤ ᠲᠤᠬᠤᠨᠢᠭᠤᠯᠪᠠ
ᠪᠦ᠋ ᠰᠢᠶᠤᠤ ᠯᠢᠨ ᠠᠬᠠᠮᠠᠳ ᠨᠠᠮ᠎ᠤᠨ ᠬᠡᠰᠢᠬᠦᠨ ᠶᠦᠨ ᠵᠤᠤ ᠭᠤᠸᠠᠡᠭ ᠪᠤᠯᠤᠨ ᠰᠢᠡᠭ ᠴᠢ ᠵᠢ ᠪᠤᠯᠭᠤᠭ᠋ᠠᠨ ᠦᠵᠡᠵᠤ ᠲᠤᠬᠤᠨᠢᠭᠤᠯᠪᠠ
 
            