ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠬᠣᠶᠠᠳᠤᠭ᠋ᠠᠷ ᠪᠦᠯᠦᠭ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ
ᠨᠡᠶᠢᠲᠡᠯᠡᠭᠰᠡᠨ ᠴᠠᠭ᠄ 2023-10-23

ᠬᠣᠶᠠᠳᠤᠭ᠋ᠠᠷ ᠪᠦᠯᠦᠭ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ

  ᠠᠷᠪᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ   ᠰᠢᠨ᠎ᠡ ᠬᠥᠭᠵᠢᠯᠲᠡ ᠵᠢᠨ ᠤᠢ᠌ᠯᠠᠭ᠋ᠠᠬᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠢᠳᠡᠪᠬᠢᠲᠡᠢ᠎ᠪᠠᠷ ᠠᠭᠤᠰᠤᠯᠴᠠᠬᠤ ᠪᠠ ᠲᠡᠭᠦᠨ᠎ᠳᠤ ᠦᠢ᠍ᠯᠡᠴᠢᠯᠡᠨ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠲᠦᠷᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠠᠵᠤ ᠠᠬᠤᠢ ᠵᠢᠨ ᠰᠠᠭᠤᠷᠢ ᠵᠢ ᠪᠠᠲᠤᠳᠬᠠᠨ᠎ᠠ᠃
    ᠠᠷᠪᠠᠨ ᠨᠢᠭᠡᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠨᠧᠷᠭᠢ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠲᠡᠮᠦᠷᠯᠢᠭ ᠬᠠᠢ᠌ᠯᠤᠭᠤᠯᠬᠤ ᠵᠡᠷᠭᠡ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠠᠰ᠎ᠤᠨ ᠲᠣᠨᠣᠭ ᠲᠥᠬᠦᠭᠡᠷᠦᠮᠵᠢ᠂ ᠮᠡᠳᠡᠭᠡ ᠵᠠᠩᠭᠢ ᠵᠢᠨ ᠮᠡᠷᠭᠡᠵᠢᠯ ᠵᠡᠷᠭᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠤᠨ ᠠᠭᠤᠰᠤᠯᠳᠤᠨ ᠪᠥᠭᠡᠮᠨᠡᠷᠡᠵᠦ ᠬᠥᠭᠵᠢᠬᠦ ᠵᠢ ᠠᠬᠢᠭᠤᠯᠵᠤ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠡᠷᠢᠭᠦᠨ᠎ᠤ ᠦᠢ᠍ᠯᠡᠳᠬᠦ ᠦᠢ᠍ᠯᠡᠰ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠭᠦᠨᠵᠡᠭᠡᠢ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃
  ᠠᠷᠪᠠᠨ ᠬᠣᠶᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠤᠯᠤᠰ  ᠎ᠤᠨ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢ ᠵᠢᠱ᠌ᠢᠶ᠎ᠡ ᠦᠵᠡᠬᠦᠯᠬᠦ ᠲᠤᠭᠤᠷᠢᠭ᠎ᠤᠨ ᠪᠦᠳᠤᠬᠡᠨ ᠪᠠᠢ᠌ᠭᠤᠯᠤᠯᠳᠠ ᠵᠢ ᠲᠦᠷᠬᠡᠳᠬᠡᠵᠤ᠂ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠵᠢ ᠠᠬᠢᠭᠤᠯᠵᠤ᠂ ᠰᠢᠨ᠎ᠡ ᠡᠨᠧᠷᠭᠢ ᠵᠢᠨ ᠲᠣᠮᠣ ᠰᠠᠭᠤᠷᠢᠨ ᠭᠠᠵᠠᠷ᠂ ᠲᠤᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ ᠪᠠ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠎ᠤᠨ ᠪᠦᠲᠦᠭᠡᠨ ᠪᠠᠢ᠌ᠭᠤᠯᠤᠯᠲᠠ ᠵᠢ ᠲᠦᠷᠬᠡᠳᠬᠡᠨ᠂ ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠪᠠᠢ᠌ᠭᠤᠯᠵᠤ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠤᠨ᠎ᠠ᠃
  ᠠᠷᠪᠠᠨ ᠭᠤᠷᠪᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠴᠢᠨᠠᠷᠲᠠᠢ ᠨᠡᠭᠡᠭᠡᠨ ᠬᠥᠭᠵᠢᠭᠦᠯᠬᠦ᠂ ᠴᠢᠨᠠᠷᠵᠢᠭᠤᠯᠤᠨ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠬᠣᠪᠣᠷ ᠰᠢᠷᠣᠢ ᠵᠢ ᠠᠰᠢᠭᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠡᠷᠴᠢᠮ ᠵᠶ᠋ᠡᠨ ᠴᠢᠩᠭ᠋ᠠᠷᠠᠭᠤᠯᠤᠨ᠂ 《ᠬᠣᠪᠣᠷ ᠰᠢᠷᠣᠢ +》 ᠵᠢᠨ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠵᠤ᠂ ᠪᠥᠬᠥ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠠ ᠪᠥᠬᠥ ᠳᠡᠯᠡᠬᠡᠢ ᠵᠢᠨ ᠲᠡᠷᠢᠭᠦᠨ᠎ᠤ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠢ ᠪᠣᠶ ᠪᠣᠯᠭ᠋ᠠᠬᠤ ᠬᠡᠷᠡᠭᠲᠡᠢ᠃
  ᠠᠷᠪᠠᠨ ᠳᠥᠷᠪᠡᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ ᠮᠠᠯ ᠠᠵᠤ ᠠᠬᠤᠢ ᠵᠢᠨ ᠣᠷᠣᠨ ᠪᠦᠰᠡ ᠵᠢᠨ ᠪᠠᠢ᠌ᠷᠢᠰᠢᠯ ᠪᠠ ᠦᠢ᠍ᠯᠡᠳᠪᠦᠷᠢᠯᠡᠯ᠎ᠤᠨ ᠪᠦᠲᠦᠴᠡ᠎ᠪᠠᠨ ᠰᠢᠯᠢᠳᠡᠭᠵᠢᠭᠦᠯᠵᠦ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ ᠪᠠ ᠪᠣᠬᠢᠷᠲᠤᠯ ᠦᠭᠡᠢ ᠣᠷᠭ᠋ᠠᠨᠢᠭ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠢ ᠰᠠᠢ᠌ᠲᠤᠷ ᠬᠢᠵᠦ᠂ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠬᠠᠩᠭ᠋ᠠᠯᠭ᠎ᠠ ᠪᠠᠲᠤᠯᠠᠭ᠎ᠠ ᠵᠢᠨ ᠴᠢᠳᠠᠪᠤᠷᠢ᠎ᠪᠠᠷ ᠴᠢᠩᠭ᠎ᠠ᠂ ᠠᠵᠤ ᠦᠢ᠍ᠯᠡᠰ᠎ᠤᠨ ᠬᠡᠯᠬᠢᠶ᠎ᠡ ᠵᠢᠨ ᠤᠶᠠᠨ ᠬᠠᠳᠠᠨ ᠴᠢᠨᠠᠷ ᠵᠶ᠋ᠠᠷ ᠴᠢᠩᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢᠨ ᠲᠤᠯᠭ᠋ᠠᠭᠤᠷᠢᠯᠠᠯ ᠵᠶ᠋ᠠᠷ ᠴᠢᠩᠭ᠎ᠠ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠰᠢᠰᠲᠸᠮ ᠴᠢᠩᠭ᠎ᠠ᠂ ᠪᠣᠬᠢᠷᠲᠤᠯ ᠦᠭᠡᠢ ᠬᠥᠭᠵᠢᠯᠲᠡ ᠵᠢᠨ ᠲᠦᠪᠰᠢᠨ ᠦᠨᠳᠤᠷ ᠲᠠᠷᠢᠶᠠᠯᠠᠩ ᠮᠠᠯ ᠠᠵᠤ ᠠᠬᠤᠢ ᠵᠢᠨ ᠬᠦᠴᠦᠷᠬᠡᠭ ᠣᠷᠣᠨ᠎ᠢ ᠲᠦᠷᠭᠡᠨ ᠪᠠᠢ᠌ᠭᠤᠯᠤᠨ᠎ᠠ᠃
  ᠠᠷᠪᠠᠨ ᠲᠠᠪᠤᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ 《ᠨᠢᠭᠡ ᠪᠦᠰᠡ ᠨᠢᠭᠡ ᠵᠠᠮ》 ᠪᠣᠯᠣᠨ ᠳᠤᠮᠳᠠᠳᠤ ᠮᠣᠩᠭᠣᠯ ᠤᠷᠤᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ ᠵᠢ ᠬᠠᠮᠳᠤ᠎ᠪᠠᠷ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠪᠡᠭᠡᠵᠢᠩ᠂ ᠲᠢᠶᠠᠨᠵᠢᠨ᠂ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ᠂ ᠰᠢᠶᠠᠩᠭ᠋ᠠᠩ᠂ ᠣᠣᠮᠧᠨ᠎ᠤ ᠲᠣᠮᠣ ᠪᠤᠯᠤᠩ᠎ᠤᠨ ᠣᠷᠣᠨ ᠪᠠ ᠵᠡᠭᠦᠨ   ᠬᠤᠢ᠌ᠳᠤ ᠵᠢᠨ ᠭᠤᠷᠪᠠᠨ ᠮᠤᠵᠢ᠎ᠯᠤᠭ᠎ᠠ ᠵᠢᠨ ᠬᠤᠯᠪᠤᠯᠳᠤᠭ᠎ᠠ ᠨᠡᠪᠳᠡᠷᠡᠯᠴᠡᠬᠡ ᠵᠢ ᠴᠢᠩᠭ᠋ᠠᠳᠬᠠᠵᠤ᠂ ᠡᠸᠦ᠋ᠷᠦᠫᠡ ᠲᠢᠪ  ᠂ ᠵᠡᠭᠦᠨ ᠬᠣᠢ᠌ᠲᠤ ᠠᠽᠢᠶ᠎ᠠ᠂ ᠳᠤᠮᠳᠠᠳᠤ ᠪᠠᠷᠠᠭᠤᠨ ᠠᠽᠢᠶ᠎ᠠ ᠵᠡᠷᠭᠡ ᠤᠯᠤᠰ᠎ᠤᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠥᠷᠭᠡᠳᠬᠡᠵᠦ᠂ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠣᠣᠰ ᠣᠷᠴᠢᠯ᠎ᠳᠤ ᠨᠡᠩ ᠰᠠᠢ᠌ᠨ ᠠᠭᠤᠰᠤᠯᠴᠠᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠤᠨ ᠴᠢᠬᠤᠯᠠ ᠵᠠᠩᠭᠢᠯᠠᠭ᠎ᠠ ᠵᠢᠨ ᠴᠡᠭ ᠪᠠ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠣᠣᠰ ᠣᠷᠴᠢᠯ᠎ᠤᠨ ᠪᠠᠢ᠌ᠯᠳᠤᠬᠤ ᠪᠣᠳᠣᠯᠭ᠎ᠠ ᠵᠢᠨ ᠲᠤᠯᠬᠤ ᠴᠡᠭ᠎ᠢ ᠪᠤᠢ ᠪᠣᠯᠭ᠋ᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠎ᠳᠤ ᠦᠢ᠍ᠯᠡᠴᠢᠯᠡᠬᠦ ᠵᠢᠨ ᠬᠠᠮᠳᠤ ᠡᠨᠡ ᠬᠦ᠌ ᠠᠵᠢᠯ᠎ᠢ ᠠᠬᠢᠭᠤᠯᠤᠨ᠎ᠠ᠃
  ᠠᠷᠪᠠᠨ ᠵᠢᠷᠭᠤᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠥᠳᠡᠭᠡ ᠲᠣᠰᠬᠣᠨ᠎ᠢ ᠠᠵᠤ ᠦᠢ᠍ᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠬᠥᠳᠡᠭᠡ ᠵᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ᠎ᠨᠢ ᠪᠠᠶᠠᠨ ᠴᠢᠨᠡᠭᠡᠯᠢᠭ ᠵᠣᠯ ᠵᠢᠷᠭ᠋ᠠᠯᠲᠤ ᠭᠡᠷ ᠣᠷᠣᠨ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠢ᠃
    ᠠᠷᠪᠠᠨ ᠳᠣᠯᠣᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠠᠴᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠪᠥᠬᠥ ᠲᠠᠯ᠎ᠠ᠎ᠪᠠᠷ ᠰᠢᠯᠢᠳᠡᠭᠵᠢᠭᠦᠯᠵᠦ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠴᠢᠯᠦᠭᠡᠲᠡᠢ ᠪᠣᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡᠨ᠎ᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠥᠮᠴᠢᠯᠡᠬᠦ ᠲᠦᠪᠰᠢᠨ᠎ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ᠂ ᠳᠡᠯᠡᠬᠡᠢ᠌ᠴᠢᠯᠡᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ᠂ ᠡᠯ᠎ᠡ ᠵᠦᠢ᠍ᠯ᠎ᠤᠨ ᠥᠮᠴᠢᠯᠡᠯ᠎ᠤᠨ ᠠᠵᠤ ᠠᠬᠤᠢ᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠬᠡᠷᠡᠭᠯᠡᠬᠦ᠂ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠡᠷᠬᠡ ᠲᠡᠭᠰᠢ᠎ᠪᠠᠷ ᠣᠷᠣᠯᠴᠠᠬᠤ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠠᠳᠠᠯᠢ ᠲᠡᠭᠰᠢ᠎ᠪᠠᠷ ᠬᠦᠷᠲᠡᠭᠡᠨ᠎ᠡ᠃
  ᠠᠷᠪᠠᠨ ᠨᠠᠢ᠍ᠮᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠠᠶᠤᠯ ᠦᠭᠡᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠪᠣᠯᠣᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠨ ᠴᠢᠩᠭ᠋ᠠᠳᠬᠠᠵᠤ᠂ ᠠᠶᠤᠯ ᠦᠭᠡᠢ ᠵᠢ ᠲᠡᠷᠢᠭᠦᠨ᠎ᠳᠤ ᠲᠠᠯᠪᠢᠬᠤ᠂ ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠬᠤ᠂ ᠶᠡᠷᠦᠩᠬᠡᠢ᠌ᠯᠡᠨ ᠵᠠᠰᠠᠬᠤ ᠴᠢᠭᠯᠡᠯᠲᠡ ᠵᠢ ᠪᠠᠷᠢᠮᠲᠠᠯᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠳᠦᠷᠢᠮ ᠲᠣᠭᠲᠠᠭ᠋ᠠᠯ᠎ᠢ ᠪᠠᠢ᠌ᠭᠤᠯᠤᠨ ᠪᠦᠷᠢᠨᠰᠢᠭᠦᠯᠵᠦ᠂ ᠠᠶᠤᠯ ᠦᠭᠡᠢ ᠦᠢ᠍ᠯᠡᠳᠪᠦᠷᠢᠯᠡᠯ  ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠣᠷᠣᠭᠤᠯᠤᠯᠲᠠ ᠵᠢ ᠪᠠᠲᠤᠯᠠᠵᠤ᠂ ᠦᠢ᠍ᠯᠡᠳᠪᠦᠷᠢᠯᠡᠯ  ᠎ᠤᠨ ᠠᠶᠤᠯ ᠦᠭᠡᠢ ᠵᠢᠨ ᠡ᠊ᠨᠳᠡᠯ᠎ᠢ ᠰᠡᠷᠭᠡᠢ᠌ᠯᠡᠨ ᠪᠠᠭ᠋ᠠᠰᠬᠠᠬᠤ ᠬᠡᠷᠡᠭᠲᠡᠢ᠃


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠭᠤᠷᠪᠠᠳᠤᠭ᠋ᠠᠷ ᠪᠦᠯᠦᠭ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠥᠷᠪᠡᠳᠦᠭᠡᠷ ᠪᠦᠯᠦᠭ ᠰᠣᠶᠣᠯ᠎ᠤᠨ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠲᠠᠪᠤᠳᠤᠭ᠋ᠠᠷ ᠪᠦᠯᠦᠭ ᠨᠡᠢ᠌ᠭᠡᠮ᠎ᠤᠨ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠵᠢᠷᠭᠤᠳᠤᠭ᠋ᠠᠷ ᠪᠦᠯᠦᠭ ᠠ᠋ᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠣᠯᠣᠳᠤᠭ᠋ᠠᠷ ᠪᠦᠯᠦᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ
 
            