ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠡᠶᠢᠲᠡᠯᠡᠭᠰᠡᠨ ᠴᠠᠭ᠄ 2023-10-19

(2023 ᠣᠨ᠎ᠤ 7 ᠳ᠋ᠤᠭ᠋ᠠᠷ ᠰᠠᠷ᠎ᠠ ᠵᠢᠨ 31᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠵᠦᠪᠯᠡᠯ᠎ᠤᠨ ᠲᠠᠪᠤᠳᠤᠭ᠋ᠠᠷ ᠬᠤᠷᠠᠯ ᠲᠡᠬᠡᠷ᠎ᠡ ᠪᠠᠳᠤᠯᠠᠪᠠ)

ᠨᠢᠭᠡᠳᠦᠭᠡᠷ ᠪᠦᠯᠦᠭ   ᠶᠡᠷᠦᠩᠬᠡᠢ ᠳᠦᠷᠢᠮ    

    ᠨᠢᠭᠡᠳᠦᠭᠡᠷ ᠵᠦᠢ᠍ᠯ᠄ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠪᠦᠲᠦᠭᠡᠨ ᠪᠠᠢ᠌ᠭᠤᠯᠤᠯᠲᠠ᠎ᠳᠤ ᠰᠢᠨ᠎ᠡ ᠵᠠᠮ ᠨᠡᠭᠡᠭᠡᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠵᠢᠨ ᠲᠦᠯᠤᠬᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠲᠣᠰ ᠳᠦᠷᠢᠮ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠠᠵᠢᠯ ᠬᠢᠭᠡᠳ ᠬᠠᠮᠢᠶ᠎ᠠ ᠪᠦᠬᠦᠢ ᠠᠵᠢᠯᠯᠠᠭ᠎ᠠ᠎ᠳᠤ ᠲᠤᠰ ᠳᠦᠷᠢᠮ ᠲᠣᠬᠢᠷᠠᠨ᠎ᠠ᠃
  ᠭᠤᠷᠪᠠᠳᠤᠭ᠋ᠠᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠎ᠪᠠᠷ ᠪᠦᠲᠦᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠳᠠᠯᠠᠨ᠂ 《ᠬᠣᠶᠠᠷ᠎ᠢ   ᠲᠤᠬᠳᠠᠭ᠋ᠠᠬᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠢᠨᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠳᠡᠭᠡᠷ᠎ᠡ᠎ᠪᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠬᠤ ᠬᠡᠷᠡᠭᠲᠡᠢ᠃
    ᠳᠥᠷᠪᠡᠳᠦᠭᠡᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠢ ᠬᠠᠮᠲᠤ᠎ᠪᠠᠷ ᠴᠢᠨᠡᠭᠡᠯᠢᠭᠵᠢᠭᠦᠯᠬᠦ᠂ ᠬᠢᠯᠢ ᠬᠢᠵᠠᠭ᠋ᠠᠷ᠎ᠢ ᠬᠥᠭᠵᠢᠭᠦᠯᠵᠦ ᠲᠣᠭᠲᠠᠭᠤᠨ ᠬᠢᠯᠢ ᠬᠢᠵᠠᠭ᠋ᠠᠷ᠎ᠢ ᠪᠡᠬᠢᠵᠢᠭᠦᠯᠬᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠨᠡᠪᠲᠡᠷᠡᠭᠦᠯᠬᠦ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠵᠡᠷᠭᠡ ᠲᠠᠯ᠎ᠠ᠎ᠪᠠᠷ ᠵᠢᠱ᠌ᠢᠶᠡᠴᠢ ᠪᠣᠯᠬᠤ ᠵᠢ ᠪᠠᠷᠢᠮᠲᠠᠯᠠᠬᠤ ᠬᠡᠷᠡᠭᠲᠡᠢ᠃
    ᠲᠠᠪᠤᠳᠤᠭ᠋ᠠᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠵᠢ ᠦᠨᠳᠦᠰᠦᠲᠡᠨ᠎ᠨᠦᠭᠦᠳ᠎ᠤᠨ ᠬᠠᠮᠤᠭ᠎ᠤᠨ ᠳᠡᠭᠡᠳᠦ ᠠᠰᠢᠭ ᠲᠤᠰᠠ᠎ᠪᠠᠨ ᠪᠣᠯᠭ᠋ᠠᠵᠤ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠲᠠᠰᠤᠷᠠᠯᠳᠠ ᠦᠭᠡᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃
    ᠵᠢᠷᠭᠤᠳᠤᠭ᠋ᠠᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠤᠯᠤᠰ ᠲᠦᠷᠦ ᠵᠢᠨ ᠪᠠᠢ᠌ᠭᠤᠯᠤᠯᠲᠠ᠂ ᠰᠣᠶᠣᠯ᠎ᠤᠨ ᠪᠠᠢ᠌ᠭᠤᠯᠤᠯᠲᠠ᠂ ᠨᠡᠢ᠌ᠭᠡᠮ᠎ᠤᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠡᠷᠭᠡ ᠡᠯ᠎ᠡ ᠵᠦᠢ᠍ᠯ᠎ᠤᠨ ᠠᠵᠢᠯ᠎ᠢ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠡᠬᠦᠨ᠎ᠠᠴᠠ ᠥᠴᠥᠬᠡᠨ ᠴᠦ᠍ ᠵᠠᠢ᠌ᠳᠠᠬᠤ ᠦᠭᠡᠢ ᠪᠠᠢ᠌ᠯᠭ᠋ᠠᠬᠤ ᠬᠡᠷᠡᠭᠲᠡᠢ᠃
    ᠳᠣᠯᠣᠳᠤᠭ᠋ᠠᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠥᠭᠵᠢᠭᠦᠯᠬᠦ ᠬᠢᠭᠡᠳ ᠠᠮᠤᠷ ᠲᠦᠪᠰᠢᠨ᠎ᠢ ᠵᠡᠷᠭᠡ᠎ᠳᠤ᠎ᠨᠢ ᠴᠢᠬᠤᠯᠠᠴᠢᠯᠠᠬᠤ ᠵᠢ ᠪᠠᠷᠢᠮᠲᠠᠯᠠᠨ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠡᠨ᠋ᠸᠷᠬᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ᠃
    ᠨᠠᠢ᠍ᠮᠠᠳᠤᠭ᠋ᠠᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠣᠯ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠣᠨ᠎ᠠ᠃
    ᠲᠥᠷᠥ ᠵᠢᠨ ᠪᠠᠢ᠌ᠭᠤᠯᠭ᠎ᠠ᠂ ᠠᠷᠠᠳ᠎ᠤᠨ ᠪᠦᠯᠬᠦᠮ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯᠣᠨ ᠦᠨᠳᠦᠰᠦᠨ ᠱᠠᠲᠤᠨ᠎ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ᠎ᠨᠤᠭᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠠᠮᠢᠶ᠎ᠠ ᠪᠦᠬᠦᠢ ᠠᠵᠢᠯ᠎ᠢ ᠬᠠᠤᠯᠢ ᠶᠣᠰᠣᠭ᠋ᠠᠷ ᠥᠷᠨᠢᠭᠦᠯᠬᠦ ᠬᠡᠷᠡᠭᠲᠡᠢ᠃
    ᠶᠢᠰᠦᠳᠦᠭᠡᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠠᠮ  ᠎ᠤᠨ ᠬᠣᠷᠢᠶ᠎ᠠ ᠪᠥᠬᠥ ᠲᠠᠯ᠎ᠠ᠎ᠪᠠᠷ ᠤᠳᠤᠷᠢᠳᠬᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠠᠤᠯᠢ ᠶᠣᠰᠣᠭ᠋ᠠᠷ ᠬᠢᠨᠠᠯᠲᠠ ᠲᠠᠯᠪᠢᠬᠤ᠂ ᠵᠠᠰᠠᠭ᠎ᠤᠨ ᠣᠷᠳᠣᠨ ᠵᠣᠬᠢᠶᠠᠨ ᠪᠠᠢ᠌ᠭᠤᠯᠤᠨ ᠬᠡᠷᠡᠭᠵᠢᠭᠦᠯᠬᠦ᠂ ᠰᠠᠯᠠᠭ᠎ᠠ ᠮᠥᠴᠢᠷ᠎ᠤᠳ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠬᠠᠮᠵᠢᠯᠴᠠᠬᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠳᠤ᠎ᠪᠠᠷ ᠣᠷᠣᠯᠴᠠᠬᠤ ᠠᠵᠢᠯ᠎ᠢ ᠪᠠᠢ᠌ᠷᠢᠰᠢᠯ᠎ᠢ ᠪᠠᠷᠢᠮᠲᠠᠯᠠᠬᠤ ᠬᠡᠷᠡᠭᠲᠡᠢ᠃
    ᠥᠪᠡᠷᠲᠡᠭᠡᠨ ᠵᠠᠰᠠᠬᠤ ᠣᠷᠣᠨ᠎ᠠᠴᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠠᠶ᠋ᠢᠭᠤᠯᠬᠤ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠵᠣᠬᠢᠶᠠᠨ ᠪᠠᠢ᠌ᠭᠤᠯᠤᠨ ᠵᠣᠬᠢᠴᠠᠭᠤᠯᠬᠤ ᠪᠠᠢ᠌ᠭᠤᠯᠤᠮᠵᠢ ᠵᠢ ᠲᠣᠳᠣᠷᠬᠠᠢ᠌ᠯᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠣᠬᠢᠶᠠᠨ ᠪᠠᠢ᠌ᠭᠤᠯᠤᠨ ᠠᠬᠢᠭᠤᠯᠬᠤ᠂ ᠰᠢᠮᠳᠠᠭᠤᠯᠤᠨ ᠨᠠᠢ᠌ᠳᠠᠪᠤᠷᠢᠵᠢᠭᠤᠯᠬᠤ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠡᠷᠭᠡ ᠠᠵᠢᠯ᠎ᠢ ᠬᠠᠷᠢᠭᠤᠴᠠᠨ᠎ᠠ᠃




ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠬᠣᠶᠠᠳᠤᠭ᠋ᠠᠷ ᠪᠦᠯᠦᠭ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠭᠤᠷᠪᠠᠳᠤᠭ᠋ᠠᠷ ᠪᠦᠯᠦᠭ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠥᠷᠪᠡᠳᠦᠭᠡᠷ ᠪᠦᠯᠦᠭ ᠰᠣᠶᠣᠯ᠎ᠤᠨ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠲᠠᠪᠤᠳᠤᠭ᠋ᠠᠷ ᠪᠦᠯᠦᠭ ᠨᠡᠢ᠌ᠭᠡᠮ᠎ᠤᠨ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠵᠢᠷᠭᠤᠳᠤᠭ᠋ᠠᠷ ᠪᠦᠯᠦᠭ ᠠ᠋ᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ
 
            