ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠥᠷᠪᠡᠳᠦᠭᠡᠷ ᠪᠦᠯᠦᠭ ᠰᠣᠶᠣᠯ᠎ᠤᠨ ᠪᠠᠢ᠌ᠭᠤᠯᠤᠯᠲᠠ
ᠨᠡᠶᠢᠲᠡᠯᠡᠭᠰᠡᠨ ᠴᠠᠭ᠄ 2023-10-24

    ᠬᠣᠷᠢᠨ ᠲᠠᠪᠤᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠣᠶᠣᠯ᠎ᠤᠨ ᠪᠠᠢ᠌ᠭᠤᠯᠤᠯᠲᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠢ ᠮᠡᠳᠡᠷᠡᠮᠵᠢ ᠵᠢ ᠨᠡᠮᠡᠭᠳᠡᠭᠦᠯᠦᠨ᠎ᠡ᠃

  ᠬᠣᠷᠢᠨ ᠵᠢᠷᠭᠤᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ ᠪᠠ ᠳᠤᠮᠳᠠᠳᠤ ᠵᠢᠨ ᠪᠣᠯᠪᠠᠰᠤᠨ᠎ᠤ ᠤᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠢ ᠣᠨᠣᠪᠴᠢᠲᠠᠶ ᠲᠠᠨᠢᠭᠤᠯᠵᠤ᠂ ᠳᠤᠮᠳᠠᠳᠤ ᠵᠢᠨ ᠰᠣᠶᠣᠯ ᠪᠣᠯ ᠭᠣᠣᠯ ᠲᠤᠯᠭ᠋ᠠᠭᠤᠷᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠳᠡᠭ᠎ᠤᠨ ᠬᠠᠷᠢᠴᠠᠭ᠎ᠠ ᠵᠢ ᠣᠨᠣᠪᠴᠢᠲᠠᠶ ᠡᠵᠡᠮᠰᠢᠭᠦᠯᠵᠦ᠂ ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠤᠢ ᠪᠣᠯᠭ᠋ᠠᠨ ᠲᠤᠪᠤᠢ᠍ᠢ᠍ᠯᠭ᠋ᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠥᠮᠥᠰ᠎ᠤᠨ ᠰᠡᠳᠬᠢᠯ᠎ᠢ ᠨᠢᠭᠲᠠᠷᠠᠭᠤᠯᠬᠤ᠂ ᠤᠶᠤᠨ ᠰᠠᠨᠠᠭ᠋ᠠᠨ᠎ᠤ ᠲᠦᠰᠢᠯᠴᠡᠯ᠎ᠢ ᠠᠬᠢᠭᠤᠯᠤᠨ᠎ᠠ᠃

  ᠬᠣᠷᠢᠨ ᠳᠣᠯᠣᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠤᠪᠢᠰᠬᠠᠯ᠎ᠤᠨ ᠰᠣᠶᠣᠯ᠎ᠢ ᠪᠠᠳᠠᠷᠠᠭᠤᠯᠵᠤ᠂ ᠬᠤᠪᠢᠰᠬᠠᠯ᠎ᠤᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠬᠤᠪᠢᠰᠬᠠᠯ᠎ᠤᠨ ᠲᠡᠦᠬᠡ ᠵᠢᠨ ᠲᠦᠷᠦᠯ᠎ᠤᠨ ᠳᠤᠷᠠᠰᠬᠠᠯ᠎ᠤᠨ ᠲᠥᠬᠦᠭᠡᠷᠦᠮᠵᠢ᠂ ᠪᠠᠭᠤᠷᠢ ᠪᠣᠯᠣᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠵᠡᠷᠭᠡ ᠠᠴᠢᠶᠠᠯᠠᠪᠤᠷᠢ᠎ᠳᠤ ᠲᠦᠰᠢᠭᠯᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠣᠷᠣᠨ᠎ᠳᠤ᠎ᠬᠢ ᠲᠡᠦᠬᠡ ᠵᠢ ᠭᠦᠨᠵᠡᠭᠡᠢ ᠰᠤᠳᠤᠯᠤᠨ ᠡᠮᠬᠢᠯᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠢᠯᠤᠭᠣᠳᠴᠤ ᠪᠠᠢ᠌ᠭ᠋ᠠᠳ ᠲᠡᠦᠬᠡ ᠵᠢ ᠮᠡᠳᠡᠵᠦ ᠨᠠᠮ ᠵᠶ᠋ᠠᠨ ᠬᠠᠢ᠌ᠷᠠᠯᠠᠬᠤ᠂ ᠲᠡᠦᠬᠡ ᠵᠢ ᠮᠡᠳᠡᠵᠦ ᠤᠯᠤᠰ ᠵᠶ᠋ᠠᠨ ᠬᠠᠢ᠌ᠷᠠᠯᠠᠬᠤ᠂ ᠨᠠᠮ ᠵᠶ᠋ᠠᠨ ᠬᠠᠢ᠌ᠷᠠᠯᠠᠬᠤ ᠤᠯᠤᠰ ᠵᠶ᠋ᠠᠨ ᠬᠠᠢ᠌ᠷᠠᠯᠠᠬᠤ ᠭᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ ᠪᠣᠯᠭ᠋ᠠᠨ᠎ᠠ᠃

  ᠬᠣᠷᠢᠨ ᠨᠠᠢ᠍ᠮᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠵᠦ᠂ ᠨᠠᠮ ᠪᠠᠶ᠋ᠢᠭᠤᠯᠬᠤ ᠠᠭᠤᠤ ᠶᠡᠬᠡ   ᠵᠣᠷᠢᠭ ᠰᠠᠨᠠᠭ᠎ᠠ᠎ᠪᠠᠷ ᠡᠬᠢ ᠡᠭᠦᠰᠦᠯ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠰᠢᠰᠲ᠋ᠧᠮ᠎ᠢ ᠪᠠᠳᠠᠷᠠᠭᠤᠯᠵᠤ᠂ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠢ᠍ᠴᠡᠳ ᠠᠭᠤᠳᠠᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ   ᠬᠠᠮᠳᠤ᠎ᠪᠠᠷ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠵᠶ᠋ᠠᠷ ᠦᠨᠳᠦᠰᠦᠨ ᠠᠭᠤᠯᠭ᠎ᠠ ᠪᠣᠯᠭ᠋ᠠᠭᠰᠠᠨ 《ᠤᠮᠠᠷᠠᠲᠤ ᠵᠢᠨ ᠰᠣᠶᠣᠯ》᠎ᠤᠨ ᠲᠦᠷᠦᠯ ᠲᠡᠮᠳᠡᠭ᠎ᠢ ᠪᠤᠢ ᠪᠣᠯᠭ᠋ᠠᠨ᠎ᠠ᠃

  ᠬᠣᠷᠢ ᠶᠢᠰᠦᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠨ ᠠᠰᠢᠭᠯᠠᠬᠤ ᠪᠠ ᠰᠣᠶᠣᠯ᠎ᠤᠨ ᠥᠪ᠎ᠢ ᠬᠠᠮᠠᠭ᠋ᠠᠯᠠᠨ ᠵᠠᠯᠭ᠋ᠠᠮᠵᠢᠯᠠᠬᠤ ᠵᠢ   ᠠᠬᠢᠭᠤᠯᠵᠤ᠂ ᠰᠣᠶᠣᠯ᠎ᠤᠨ ᠥᠪ᠎ᠲᠤ ᠠᠬᠤᠭᠤᠯᠤᠭᠳᠠᠵᠤ ᠪᠠᠢ᠌ᠭ᠎ᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠬᠢ ᠰᠣᠳᠣ ᠵᠢ ᠭᠦᠢ᠍ᠴᠡᠳ ᠠᠭᠤᠳᠠᠯᠵᠤ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠵᠢ ᠠᠴᠢᠶᠠᠯᠠᠭᠰᠠᠨ ᠦᠷᠳᠡᠭ᠎ᠤᠨ ᠲᠡᠮᠳᠡᠭ ᠪᠠ ᠰᠣᠶᠣᠯ᠎ᠤᠨ ᠪᠦᠲᠦᠭᠡᠭᠳᠡᠬᠦᠨ᠎ᠢ ᠨᠡᠩ ᠤᠯᠠᠨ ᠤᠯᠠᠮᠵᠢᠯᠠᠨ ᠲᠠᠷᠬᠠᠭ᠋ᠠᠬᠤ ᠬᠡᠷᠡᠭᠲᠡᠢ᠃

  ᠭᠤᠴᠢᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ  ᠎ᠢ ᠪᠥᠬᠥ ᠲᠠᠯ᠎ᠠ᠎ᠪᠠᠷ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠢ᠌ᠲᠤᠷ ᠡᠵᠡᠮᠰᠢᠨ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠰᠤᠷᠤᠯᠴᠠᠵᠤ ᠬᠡᠷᠡᠭᠯᠡᠬᠦ ᠵᠢ ᠬᠦᠨᠳᠦᠳᠬᠡᠨ ᠪᠠᠲᠤᠯᠠᠨ᠎ᠠ᠃

  ᠭᠤᠴᠢᠨ ᠨᠢᠭᠡᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠳᠤ ᠦᠶ᠎ᠡ ᠵᠢᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠵᠦ᠂ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠸᠨ᠋ᠸᠷᠢᠡᠭ᠎ᠢ ᠭᠦᠨᠵᠡᠭᠡᠢ ᠬᠡᠷᠡᠭᠵᠢᠭᠦᠯᠵᠦ᠂ ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠂ ᠠᠵᠤ ᠠᠬᠤᠢ᠌ᠯᠠᠯ  ᠎ᠤᠨ ᠰᠤᠶᠤᠯ᠂ ᠬᠥᠳᠡᠭᠡ ᠲᠣᠰᠬᠣᠨ᠎ᠤ ᠰᠣᠶᠣᠯ᠂ ᠰᠦᠯᠵᠢᠶᠡᠨ᠎ᠤ ᠰᠣᠶᠣᠯ ᠵᠡᠷᠭᠡ ᠵᠢᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ  ᠎ᠤᠨ ᠦᠢ᠍ᠯᠡᠰ᠂ ᠰᠣᠶᠣᠯ᠎ᠤᠨ ᠠᠵᠤ ᠦᠢ᠍ᠯᠡᠰ᠎ᠤᠨ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃






ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠲᠠᠪᠤᠳᠤᠭ᠋ᠠᠷ ᠪᠦᠯᠦᠭ ᠨᠡᠢ᠌ᠭᠡᠮ᠎ᠤᠨ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠵᠢᠷᠭᠤᠳᠤᠭ᠋ᠠᠷ ᠪᠦᠯᠦᠭ ᠠ᠋ᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠣᠯᠣᠳᠤᠭ᠋ᠠᠷ ᠪᠦᠯᠦᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》ᠨᠠᠢ᠍ᠮᠠᠳᠤᠭ᠋ᠠᠷ ᠪᠦᠯᠦᠭ ᠪᠠᠳᠤᠯᠠᠭ᠎ᠠ ᠵᠢᠨ ᠠᠷᠭ᠎ᠠ᠂ ᠶᠢᠰᠤᠳᠤᠬᠡᠷ ᠪᠦᠯᠦᠭ ᠲᠠᠭ᠋ᠠᠯᠳᠤᠭᠤᠯᠤᠬᠰᠠᠨ ᠲᠦᠷᠢᠮ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠤᠮᠠᠷᠠᠲᠤ ᠬᠢᠯᠢ ᠵᠢᠨ ᠰᠣᠶᠣᠯ᠎ᠤᠨ ᠷᠢᠳᠢ ᠰᠢᠳᠢ ᠵᠢ ᠣᠢ᠌ᠯᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
            