ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠲᠠᠪᠤᠳᠤᠭ᠋ᠠᠷ ᠪᠦᠯᠦᠭ ᠨᠡᠢ᠌ᠭᠡᠮ᠎ᠤᠨ ᠪᠠᠢ᠌ᠭᠤᠯᠤᠯᠲᠠ
ᠨᠡᠶᠢᠲᠡᠯᠡᠭᠰᠡᠨ ᠴᠠᠭ᠄ 2023-10-25

    ᠭᠤᠴᠢᠨ ᠬᠣᠶᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠨᠡᠢ᠌ᠭᠡᠮ᠎ᠤᠨ ᠦᠢ᠍ᠯᠡᠰ᠎ᠢ ᠬᠥᠭᠵᠢᠭᠦᠯᠵᠦ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠤᠯᠤᠰ᠎ᠤᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠤ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠪᠡᠶᠡᠯᠡᠭᠦᠯᠵᠦ᠂ ᠰᠠᠢ᠌ᠲᠤᠷ ᠬᠠᠮᠠᠭ᠋ᠠᠯᠠᠵᠤ᠂ ᠰᠠᠢ᠌ᠲᠤᠷ ᠬᠥᠭᠵᠢᠭᠦᠯᠬᠦ ᠬᠡᠷᠡᠭᠲᠡᠢ᠃

    ᠭᠤᠴᠢᠨ ᠭᠤᠷᠪᠠᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠳᠠᠯ ᠦᠢ᠍ᠯᠡᠰ ᠪᠤᠰᠬᠠᠬᠤ ᠲᠥᠷᠥ ᠵᠢᠨ ᠪᠣᠳᠣᠯᠭ᠎ᠠ ᠪᠠ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠳᠠᠷᠤᠭ᠋ᠠᠰᠤ ᠵᠢ ᠬᠥᠩᠭᠡᠯᠡᠵᠦ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ ᠡᠯ᠎ᠡ ᠵᠦᠢ᠍ᠯ᠎ᠤᠨ ᠠᠷᠭ᠎ᠠ ᠵᠢ ᠨᠠᠷᠢᠯᠢᠭ ᠣᠨᠣᠴᠠᠲᠠᠢ᠎ᠪᠠᠷ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠣᠯᠲᠠ ᠵᠢᠨ ᠦᠨᠳᠦᠰᠦᠨ᠎ᠠᠴᠠ᠎ᠨᠢ ᠪᠠᠲᠤᠯᠠᠵᠤ ᠲᠡᠳᠬᠦᠬᠦ ᠵᠢ ᠴᠢᠩᠭ᠋ᠠᠳᠬᠠᠨ᠂ ᠨᠠᠩ ᠭᠦᠢ᠍ᠴᠡᠳ ᠨᠠᠩ ᠴᠢᠨᠠᠷ ᠰᠠᠢ᠌ᠲᠠᠢ ᠠᠵᠢᠯ ᠣᠯᠭᠣᠯᠲᠠ ᠵᠢ ᠪᠡᠶᠡᠯᠡᠬᠦᠯᠬᠦ ᠵᠢ ᠠᠬᠢᠭᠤᠯᠬᠤ ᠬᠡᠷᠡᠭᠳᠡᠢ᠃

  ᠭᠤᠴᠢᠨ ᠳᠥᠷᠪᠡᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠰᠤᠷᠭ᠋ᠠᠨ ᠬᠥᠮᠦᠵᠢᠯ  ᠎ᠢ ᠡᠩ ᠲᠡᠷᠢᠭᠦᠨ᠎ᠳᠤ ᠬᠥᠭᠵᠢᠭᠦᠯᠬᠦ ᠵᠢ ᠪᠠᠷᠢᠮᠲᠠᠯᠠᠨ᠂ ᠰᠤᠷᠭ᠋ᠠᠨ ᠬᠥᠮᠦᠵᠢᠯ᠎ᠤᠨ ᠬᠤᠳᠠ ᠬᠥᠳᠡᠭᠡ᠂ ᠣᠷᠣᠨ ᠪᠦᠰᠡ᠂ ᠰᠤᠷᠭ᠋ᠠᠭᠤᠯᠢ ᠵᠢᠨ ᠬᠣᠭᠣᠷᠣᠨᠳᠣᠬᠢ᠂ ᠬᠠᠮᠲᠤᠯᠢᠭ᠎ᠤᠨ ᠵᠥᠷᠢᠶ᠎ᠡ ᠵᠢ ᠪᠠᠭ᠋ᠠᠰᠬᠠᠨ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠵᠣᠬᠢᠴᠠᠩᠭᠤᠢ᠎ᠪᠠᠷ ᠬᠥᠭᠵᠢᠬᠦ ᠵᠢ ᠠᠬᠢᠭᠤᠯᠵᠤ᠂ ᠲᠣᠭ᠋ᠠᠵᠢᠭᠤᠯᠤᠭᠰᠠᠨ ᠰᠤᠷᠭ᠋ᠠᠨ ᠬᠥᠮᠦᠵᠢᠯ᠎ᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ ᠵᠢᠨ ᠲᠣᠭᠣᠷᠢᠨ᠎ᠳᠤ ᠥᠨᠳᠥᠷ ᠬᠡᠪ ᠴᠢᠨᠠᠷ ᠪᠦᠬᠦᠢ ᠨᠡᠩ ᠤᠯᠠᠨ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ᠃

  ᠭᠤᠴᠢᠨ ᠲᠠᠪᠤᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠡᠮ ᠡᠮᠨᠡᠯᠭᠡ ᠵᠢᠨ ᠳᠠᠭ᠋ᠠᠳᠬᠠᠯ᠂ ᠡᠮᠴᠢᠯᠡᠭᠡ᠂ ᠡᠮ ᠡᠮᠨᠡᠯᠭᠡ ᠵᠢᠨ ᠬᠣᠯᠪᠤᠭ᠋ᠠᠯᠠᠨ ᠬᠥᠭᠵᠢᠬᠦ ᠵᠢ ᠠᠬᠢᠭᠤᠯᠵᠤ᠂ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠬᠦ ᠪᠠ ᠣᠷᠣᠨ ᠪᠦᠰᠡ ᠵᠢᠨ ᠲᠡᠩᠴᠡᠭᠦᠷᠢᠲᠡᠢ ᠪᠠᠢ᠌ᠷᠢᠰᠢᠭᠤᠯᠤᠯᠲᠠ ᠵᠢ ᠠᠬᠢᠭᠤᠯᠵᠤ᠂ ᠡᠯ᠎ᠡ ᠱᠠᠲᠤᠨ᠎ᠤ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠶᠡᠷᠦᠩᠬᠡᠢ᠌ᠯᠡᠭᠰᠡᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠡᠮᠬᠢ ᠵᠢᠷᠤᠮ᠎ᠲᠠᠢ ᠵᠣᠯᠭ᠋ᠠᠯᠳᠤᠬᠤ ᠵᠢ ᠠᠬᠢᠭᠤᠯᠤᠨ᠎ᠠ᠃

  ᠭᠤᠴᠢᠨ ᠵᠢᠷᠭᠤᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ  ᠎ᠤᠨ ᠣᠷᠳᠣᠨ᠎ᠨᠤᠭᠤᠳ ᠨᠠᠰᠤᠵᠢᠯ  ᠎ᠤᠨ ᠠᠰᠠᠷᠠᠮᠵᠢ ᠵᠢᠨ ᠦᠢ᠍ᠯᠡᠰ ᠪᠣᠯᠣᠨ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠬᠥᠭᠵᠢᠭᠦᠯᠦᠨ᠂ ᠨᠠᠰᠤᠵᠢᠯ᠎ᠤᠨ ᠠᠰᠠᠷᠠᠮᠵᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠵᠦ᠂ ᠨᠡᠢ᠌ᠭᠡᠮ ᠲᠣᠭᠣᠷᠢᠭ᠎ᠤᠨ ᠨᠠᠰᠤᠵᠢᠬᠤ᠎ᠳᠤ ᠲᠣᠬᠢᠷᠠᠬᠤ ᠥᠭᠡᠷᠡᠴᠢᠯᠡᠯᠲᠡ ᠵᠢ ᠲᠡᠭᠦᠯᠳᠡᠷᠵᠢᠭᠦᠯᠦᠨ᠂ ᠲᠠᠷᠢᠶᠠᠯᠠᠬᠤ ᠮᠠᠯᠵᠢᠬᠤ ᠣᠷᠣᠨ  ᠎ᠤ ᠪᠣᠳᠠᠲᠤ ᠪᠠᠢ᠌ᠳᠠᠯ᠎ᠳᠤ ᠨᠡᠢ᠌ᠴᠡᠬᠦ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠬᠥᠭᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠩᠨᠡᠭᠡᠨ᠎ᠤ ᠲᠤᠰᠬᠠᠢ᠌ᠵᠢᠭᠰᠠᠨ   ᠲᠦᠪᠰᠢᠨ᠎ᠢ ᠳᠡᠭᠡᠭᠰᠢᠯᠡᠭᠦᠯᠦᠨ᠂ ᠪᠦᠬᠦ ᠨᠠᠰᠤᠲᠠᠢ᠌ᠴᠤᠳ᠎ᠲᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠦᠷᠲᠡᠭᠡᠬᠦ ᠵᠢ ᠠᠬᠢᠭᠤᠯᠬᠤ ᠬᠡᠷᠡᠭᠲᠡᠢ᠃

  ᠭᠤᠴᠢᠨ ᠳᠣᠯᠣᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠢ᠌ᠭᠡᠮ᠎ᠤᠨ ᠪᠠᠲᠤᠯᠠᠭ᠎ᠠ ᠵᠢᠨ ᠰᠢᠰᠲᠸᠮ᠎ᠢ ᠲᠡᠭᠦᠯᠳᠡᠷᠵᠢᠭᠦᠯᠵᠦ᠂ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ ᠪᠠ ᠨᠡᠢ᠌ᠭᠡᠮ᠎ᠤᠨ ᠪᠠᠲᠤᠯᠠᠭ᠎ᠠ ᠵᠢᠨ ᠬᠠᠷᠢᠴᠠᠭ᠎ᠠ ᠵᠢ ᠰᠠᠢ᠌ᠲᠤᠷ ᠬᠢᠬᠦ ᠬᠡᠷᠡᠭᠲᠡᠢ᠃

  ᠭᠤᠴᠢᠨ ᠨᠠᠢ᠍ᠮᠠᠳᠤᠭ᠋ᠠᠷ ᠵᠦᠢ᠍ᠯ ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠨ ᠱᠠᠲᠤᠨ᠎ᠤ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠬᠣᠶᠠᠷ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠢ ᠵᠢᠷᠤᠮᠵᠢᠭᠤᠯᠤᠨ᠂ ᠲᠣᠥᠷᠵᠢᠭᠤᠯᠤᠨ ᠬᠠᠮᠢᠶᠠᠷᠬᠤ᠂ ᠨᠠᠷᠢᠯᠢᠭᠵᠢᠭᠤᠯᠤᠨ ᠦᠢ᠍ᠯᠡᠴᠢᠯᠡᠬᠦ᠂ ᠮᠡᠳᠡᠭᠡ ᠵᠠᠩᠭᠢᠵᠢᠯᠲᠠ᠎ᠳᠤ ᠲᠤᠯᠭ᠋ᠠᠭᠤᠷᠢᠯᠠᠭᠰᠠᠨ ᠦᠨᠳᠦᠰᠦᠨ ᠱᠠᠲᠤᠨ᠎ᠤ ᠵᠠᠰᠠᠬᠤ ᠲᠠᠪᠴᠠᠩ᠎ᠢ ᠲᠡᠭᠦᠯᠳᠡᠷᠵᠢᠭᠦᠯᠵᠦ᠂ ᠬᠥᠮᠥᠨ ᠪᠣᠯᠭ᠋ᠠᠨ ᠬᠠᠷᠢᠭᠤᠴᠠᠯᠭ᠎ᠠ᠎ᠲᠠᠢ᠂ ᠬᠥᠮᠥᠨ ᠪᠣᠯᠭ᠋ᠠᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠥᠨ ᠪᠣᠯᠭ᠋ᠠᠨ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠬᠡᠷᠡᠭᠲᠡᠢ᠃

ᠭᠤᠴᠢ ᠶᠢᠰᠦᠳᠦᠭᠡᠷ ᠵᠦᠢ᠍ᠯ ᠄ ᠥᠪᠡᠷᠲᠡᠭᠡᠨ ᠵᠠᠰᠠᠬᠤ ᠣᠷᠣᠨ ᠰᠢᠨ᠎ᠡ ᠴᠠᠭ ᠦᠶ᠎ᠡ ᠵᠢᠨ 《ᠹᠸᠡᠭᠴᠢᠶᠤᠤ ᠵᠢᠨ ᠲᠤᠷᠰᠢᠯᠭ᠎ᠠ》 《ᠫᠦᠵᠢᠶᠠᠩ᠎ᠤᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢ ᠪᠦᠷᠢᠨᠰᠢᠭᠦᠯᠵᠦ᠂ ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠭᠦᠢ᠍ᠴᠡᠳᠬᠡᠬᠦ ᠳᠦᠷᠢᠮ᠎ᠢ ᠬᠡᠷᠡᠭᠵᠢᠭᠦᠯᠵᠦ᠂ ᠤᠯᠠᠨ ᠲᠦᠮᠡᠨ᠎ᠤ ᠭᠣᠮᠣᠳᠠᠯ ᠱᠠᠭ᠋ᠠᠷᠳᠠᠯᠭ᠎ᠠ᠎ᠪᠠᠨ ᠢᠯᠡᠳᠬᠡᠬᠦ᠂ ᠠᠰᠢᠭ ᠲᠤᠰᠠ ᠵᠢ ᠵᠣᠬᠢᠴᠠᠭᠤᠯᠬᠤ᠂ ᠡᠷᠬᠡ ᠠᠰᠢᠭ᠎ᠢ ᠪᠠᠲᠤᠯᠠᠬᠤ ᠵᠠᠮ᠎ᠢ ᠰᠢᠯᠤᠭᠤᠳᠬᠠᠨ ᠵᠢᠷᠤᠮᠵᠢᠭᠤᠯᠤᠨ᠎ᠠ᠃

ᠳᠥᠴᠢᠳᠦᠭᠡᠷ ᠵᠦᠢ᠍ᠯ ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠢᠯᠢ ᠬᠢᠵᠠᠭ᠋ᠠᠷ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠬᠢᠯᠢ ᠳᠠᠭ᠋ᠠᠤ ᠭᠠᠵᠠᠷ ᠣᠷᠣᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ ᠪᠠ ᠴᠢᠬᠤᠯᠠ ᠶᠡᠬᠡ ᠰᠠᠭᠤᠷᠢ   ᠲᠦᠬᠦᠬᠡᠷᠤᠮᠵᠢ ᠵᠢᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠂ 《ᠲᠣᠭ᠋ᠠᠴᠢᠯᠠᠭᠰᠠᠨ ᠬᠢᠯᠢ ᠵᠢᠨ ᠬᠠᠮᠠᠭ᠋ᠠᠯᠠᠯᠲᠠ》᠂ 《ᠣᠶᠤᠨᠲᠤ ᠬᠢᠯᠢ ᠵᠢᠨ ᠬᠠᠮᠠᠭ᠋ᠠᠯᠠᠯᠲᠠ》 ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠥᠮᠥᠨ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠢ᠌ᠯᠡᠬᠦ᠂ ᠮᠡᠷᠭᠡᠵᠢᠯ ᠵᠶ᠋ᠡᠷ ᠰᠡᠷᠭᠡᠢ᠌ᠯᠡᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠭᠦᠯᠵᠦ᠂ ᠬᠢᠯᠢ ᠵᠢᠨ ᠰᠡᠷᠭᠡᠢ᠌ᠯᠡᠨ ᠬᠠᠮᠠᠭ᠋ᠠᠯᠠᠯᠲᠠ ᠵᠢᠨ ᠬᠠᠮᠢᠶᠠᠷᠤᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠵᠢᠷᠭᠤᠳᠤᠭ᠋ᠠᠷ ᠪᠦᠯᠦᠭ ᠠ᠋ᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠣᠯᠣᠳᠤᠭ᠋ᠠᠷ ᠪᠦᠯᠦᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》ᠨᠠᠢ᠍ᠮᠠᠳᠤᠭ᠋ᠠᠷ ᠪᠦᠯᠦᠭ ᠪᠠᠳᠤᠯᠠᠭ᠎ᠠ ᠵᠢᠨ ᠠᠷᠭ᠎ᠠ᠂ ᠶᠢᠰᠤᠳᠤᠬᠡᠷ ᠪᠦᠯᠦᠭ ᠲᠠᠭ᠋ᠠᠯᠳᠤᠭᠤᠯᠤᠬᠰᠠᠨ ᠲᠦᠷᠢᠮ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠤᠮᠠᠷᠠᠲᠤ ᠬᠢᠯᠢ ᠵᠢᠨ ᠰᠣᠶᠣᠯ᠎ᠤᠨ ᠷᠢᠳᠢ ᠰᠢᠳᠢ ᠵᠢ ᠣᠢ᠌ᠯᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
            