ᠲᠠᠪᠢᠨ ᠨᠢᠭᠡᠳᠦᠭᠡᠷ ᠵᠦᠢ᠍ᠯ᠄ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠶᠠᠪᠤᠳᠠᠯ᠎ᠤᠨ ᠵᠠᠰᠠᠯᠲᠠ ᠵᠢᠨ ᠰᠢᠰᠲᠸᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠴᠠᠭ ᠦᠶ᠎ᠡ ᠵᠢᠨ ᠠᠯᠬᠤᠮ᠎ᠢ ᠰᠠᠯᠤᠯ ᠦᠭᠡᠢ ᠳᠠᠭ᠋ᠠᠵᠤ᠂ ᠪᠦᠯᠬᠦᠮᠳᠡᠨ ᠲᠡᠮᠡᠴᠡᠵᠦ᠂ ᠬᠠᠮᠳᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠤᠨ᠎ᠠ᠃
ᠲᠠᠪᠢᠨ ᠬᠣᠶᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ ᠪᠠᠷ ᠡᠭᠦᠳᠦᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠢᠯᠡ ᠲᠥᠷᠥᠭᠳᠡᠯ᠎ᠲᠠᠢ ᠪᠦᠲᠦᠮᠵᠢᠲᠡᠶ ᠪᠤᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠢᠯᠤᠭᠣᠳᠴᠤ ᠪᠠᠢ᠌ᠭ᠋ᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠶ ᠪᠣᠯᠭ᠋ᠠᠵᠤ᠂ ᠤᠯᠤᠰ᠎ᠤᠨ ᠤᠬᠠᠮᠰᠠᠷ᠂ ᠠᠷᠠᠳ ᠢᠷᠭᠡᠳ᠎ᠤᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠳᠬᠠᠵᠤ᠂ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠳᠡᠭᠡᠳᠦ ᠬᠡᠮᠵᠢᠶᠡᠨ᠎ᠤ ᠮᠡᠳᠡᠷᠡᠮᠵᠢ ᠵᠢ ᠨᠡᠮᠡᠭᠳᠡᠭᠦᠯᠦᠨ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠤᠢ᠌ᠯᠠᠭ᠋ᠠᠬᠳᠠᠬᠤᠨ᠎ᠢ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠪᠡᠬᠢᠵᠢᠭᠦᠯᠦᠨ ᠬᠥᠭᠵᠢᠭᠦᠯᠦᠨ᠎ᠡ᠃
ᠲᠠᠪᠢᠨ ᠭᠤᠷᠪᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠲᠣᠭᠣᠷᠢᠨ᠎ᠳᠤ ᠨᠡᠢ᠌ᠭᠡᠮ ᠵᠢᠷᠤᠮ᠎ᠤᠨ ᠭᠣᠣᠯᠯᠠᠬᠤ ᠥᠷᠳᠡᠭ᠎ᠤᠨ ᠦᠵᠡᠯᠲᠡ᠎ᠪᠠᠷ ᠬᠥᠲᠥᠯᠥᠮᠵᠢ ᠪᠣᠯᠭ᠋ᠠᠬᠤ ᠵᠢ ᠪᠠᠷᠢᠮᠲᠠᠯᠠᠨ᠂ ᠪᠣᠯᠪᠠᠰᠤᠨ᠎ᠢ ᠡᠭᠦᠳᠦᠨ ᠪᠠᠶ᠋ᠢᠭᠤᠯᠬᠤ᠂ ᠠᠷᠠᠳ ᠢᠷᠭᠡᠳ᠎ᠤᠨ ᠶᠣᠰᠣ ᠮᠣᠷᠠᠯ᠎ᠤᠨ ᠪᠠᠢ᠌ᠭᠤᠯᠤᠯᠲᠠ᠂ ᠴᠠᠭ ᠦᠶ᠎ᠡ ᠵᠢᠨ ᠰᠢᠨ᠎ᠡ ᠬᠥᠮᠥᠨ᠎ᠢ ᠬᠥᠮᠥᠵᠢᠭᠦᠯᠬᠦ ᠵᠡᠷᠭᠡ ᠢᠨᠵᠸᠨ᠋ᠸᠷᠢᠡᠭ᠎ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠶ᠎ᠡ ᠨᠠᠢ᠌ᠷᠲᠠᠢ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ᠂ ᠡᠶ᠎ᠡ ᠵᠣᠬᠢᠴᠠᠯ᠎ᠲᠠᠢ ᠬᠥᠭᠵᠢᠬᠦ ᠵᠢ ᠠᠬᠢᠭᠤᠯᠵᠤ᠂ ᠤᠯᠤᠰ᠎ᠤᠨ ᠨᠢᠭᠡᠳᠦᠯ ᠪᠣᠯᠣᠨ ᠦᠨᠳᠦᠰᠦᠲᠡᠨ᠎ᠤ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭ᠋ᠠᠯᠠᠨ᠎ᠠ᠃
ᠲᠠᠪᠢᠨ ᠳᠥᠷᠪᠡᠳᠦᠭᠡᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭ᠎ᠠ ᠵᠢ ᠠᠬᠢᠭᠤᠯᠬᠤ ᠵᠢ ᠪᠠᠷᠢᠮᠲᠠᠯᠠᠵᠤ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠵᠣᠷᠢᠭ᠂ ᠬᠠᠢ᠌ᠷ᠎ᠠ ᠰᠡᠳᠬᠢᠯᠭᠡ᠂ ᠰᠣᠶᠣᠯ᠎ᠤᠨ ᠲᠠᠯ᠎ᠠ᠎ᠪᠠᠷ ᠪᠦᠯᠬᠦᠮᠳᠡᠨ ᠨᠢᠭᠡᠳᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠵᠢᠨ ᠬᠠᠢ᠌ᠷ᠎ᠠ ᠰᠡᠳᠬᠢᠯᠭᠡ ᠭᠦᠨ ᠪᠠᠢ᠌ᠬᠤ ᠵᠢ ᠠᠬᠢᠭᠤᠯᠤᠨ᠎ᠠ᠃
ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠷᠢᠰᠢᠭᠤᠯᠤᠯᠲᠠ ᠵᠢᠨ ᠲᠥᠯᠦᠪᠵᠢᠭᠦᠯᠭᠡ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠵᠦ᠂ ᠬᠠᠷᠢᠯᠴᠠᠨ ᠰᠢᠭᠢᠳᠬᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠠᠩ ᠪᠦᠷᠢᠨ ᠲᠡᠭᠦᠯᠳᠡᠷ ᠨᠡᠢ᠌ᠭᠡᠮ᠎ᠤᠨ ᠨᠥᠬᠥᠴᠡᠯ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠢ᠌ᠭᠡᠮ᠂ ᠰᠡᠳᠬᠢᠴᠡ ᠵᠡᠷᠭᠡ ᠲᠠᠯ᠎ᠠ᠎ᠪᠠᠷ ᠪᠥᠬᠥ ᠲᠠᠯ᠎ᠠ᠎ᠪᠠᠷ ᠰᠢᠭᠢᠳᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠢ᠃
ᠲᠠᠪᠢᠨ ᠲᠠᠪᠤᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ ᠢ ᠪᠥᠬᠥ ᠲᠠᠯ᠎ᠠ᠎ᠪᠠᠷ ᠭᠦᠨᠵᠡᠭᠡᠢ ᠪᠥᠭᠡᠳ ᠤᠳᠠᠭ᠋ᠠᠨ ᠳᠠᠭ᠋ᠠᠭ᠋ᠠᠮᠠᠭ᠋ᠠᠢ᠎ᠪᠠᠷ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠪᠠᠢ᠌ᠭᠤᠯᠭ᠎ᠠ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠮᠤ᠂ ᠰᠢᠶᠠᠩ᠂ ᠪᠠᠯᠭ᠋ᠠᠰᠤ᠂ ᠰᠤᠷᠭ᠋ᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ᠂ ᠰᠦᠯᠵᠢᠶ᠎ᠡ ᠵᠡᠷᠭᠡ ᠡᠯ᠎ᠡ ᠬᠦᠷᠢᠶᠡᠨ᠎ᠳᠤ ᠣᠷᠣᠬᠤ ᠵᠢ ᠠᠬᠢᠭᠤᠯᠤᠨ᠎ᠠ᠃
ᠲᠠᠪᠢᠨ ᠵᠢᠷᠭᠤᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠡᠬᠢᠵᠢᠭᠦᠯᠬᠦ ᠪᠠᠢ᠌ᠩᠭᠤᠵᠢᠭᠤᠯᠬᠤ ᠲᠣᠭᠲᠠᠴᠠ ᠵᠢ ᠪᠠᠢ᠌ᠭᠤᠯᠵᠤ᠂ ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ᠂ ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠎ᠢ ᠭᠦᠢ᠍ᠴᠡᠳ ᠠᠰᠢᠭᠯᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠬᠦᠨᠵᠡᠬᠡᠢ᠌ᠷᠡᠬᠦᠯᠬᠦ ᠬᠡᠷᠡᠭᠳᠡᠢ᠃
ᠲᠠᠪᠢᠨ ᠳᠣᠯᠣᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠤᠨᠤᠯ᠎ᠤᠨ ᠰᠤᠳᠤᠯᠭ᠋ᠠᠨ᠎ᠢ ᠪᠠᠲᠤ ᠪᠡᠬᠢ ᠪᠤᠢ ᠪᠣᠯᠭ᠋ᠠᠬᠤ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠮᠠᠭᠲᠠ ᠨᠠᠮ ᠵᠶ᠋ᠠᠨ ᠪᠤᠳᠤᠵᠦ᠂ ᠨᠠᠮ᠎ᠤᠨ ᠲᠥᠪ ᠬᠣᠷᠢᠶ᠎ᠠ᠎ᠪᠠᠨ ᠪᠤᠳᠤᠳᠠᠭ ᠬᠤᠪᠢᠰᠬᠠᠯ᠎ᠤᠨ ᠤᠳᠤᠮᠰᠢᠯ᠎ᠢ ᠰᠠᠢ᠌ᠲᠤᠷ ᠤᠯᠠᠮᠵᠢᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠶᠣᠰᠣ ᠵᠢ ᠲᠠᠨᠢᠬᠤ᠂ ᠶᠡᠬᠡ ᠲᠠᠯ᠎ᠠ ᠵᠢ ᠬᠠᠷᠠᠭ᠋ᠠᠯᠵᠠᠬᠤ᠂ ᠬᠡᠪ ᠰᠤᠷᠲᠠᠯ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠵᠢ ᠬᠥᠭᠡᠭᠡᠴᠡᠯᠳᠦᠬᠦ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ᠎ᠢ ᠰᠠᠢ᠌ᠲᠤᠷ ᠤᠯᠠᠮᠵᠢᠯᠠᠨ᠎ᠠ᠃