ᠳᠥᠴᠢᠨ ᠨᠢᠭᠡᠳᠦᠭᠡᠷ ᠵᠦᠢ᠍ᠯ᠄ ᠥᠪᠡᠷᠲᠡᠭᠡᠨ ᠵᠠᠰᠠᠬᠤ ᠣᠷᠣᠨ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠣᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠣᠭᠣᠷᠢᠨ᠎ᠳᠤ ᠪᠣᠬᠢᠷᠲᠤᠯ ᠦᠭᠡᠢ ᠬᠦᠭᠵᠢᠬᠦᠯᠤᠯᠳᠡ᠂ ᠡᠷᠭᠢᠯᠲᠡᠲᠦ ᠬᠦᠭᠵᠢᠬᠦᠯᠤᠯᠳᠡ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠬᠦᠭᠵᠢᠬᠦᠯᠤᠯᠳᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ ᠪᠦᠷᠢ᠎ᠳᠤ᠂ ᠡᠪᠡᠰᠦ᠂ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠴᠢᠨᠠᠷ ᠰᠠᠢ᠌ᠲᠠᠢ ᠠᠮᠢ ᠠᠬᠤᠢ ᠵᠢᠨ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ᠃
ᠳᠥᠴᠢᠨ ᠬᠣᠶᠠᠳᠤᠭ᠋ᠠᠷ ᠵᠦᠢ᠍ᠯ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠴᠢᠩᠭ᠎ᠠ ᠬᠡᠷᠡᠭᠵᠢᠭᠦᠯᠵᠦ᠂ ᠬᠣᠲᠠ ᠪᠠᠯᠭ᠋ᠠᠰᠤ᠂ ᠲᠠᠷᠢᠶᠠᠯᠠᠩ᠂ ᠠᠮᠢ ᠠᠬᠤᠢ ᠵᠢᠨ ᠣᠷᠣᠨ ᠵᠠᠢ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠦᠯᠲᠡ ᠵᠢᠨ ᠵᠠᠭ᠋ᠠᠭ ᠬᠢᠵᠠᠭ᠋ᠠᠷ᠎ᠢ ᠠᠵᠤ ᠠᠬᠤᠢ ᠵᠢᠨ ᠪᠦᠲᠦᠴᠡ ᠵᠢ ᠲᠣᠬᠢᠷᠠᠭᠤᠯᠬᠤ᠂ ᠠᠵᠤ ᠦᠢ᠍ᠯᠡᠰ᠎ᠤᠨ ᠬᠥᠭᠵᠢᠯᠲᠡ ᠵᠢ ᠲᠥᠯᠥᠪᠵᠢᠭᠦᠯᠬᠦ᠂ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢᠨ ᠬᠠᠯᠳᠠᠵᠤ ᠪᠣᠯᠣᠰᠢ ᠦᠭᠡᠢ ᠤᠯᠠᠭ᠋ᠠᠨ ᠱᠤᠭᠤᠮ ᠪᠣᠯᠭ᠋ᠠᠬᠤ ᠬᠡᠷᠡᠭᠲᠡᠢ᠃
ᠳᠥᠴᠢᠨ ᠭᠤᠷᠪᠠᠳᠤᠭ᠋ᠠᠷ ᠵᠦᠢ᠍ᠯ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ᠎ᠤ ᠡᠬᠢ ᠪᠠᠶᠠᠯᠢᠭ᠎ᠤᠨ ᠲᠠᠯ᠎ᠠ᠎ᠪᠠᠷ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠤᠨ᠂ ᠤᠰᠤ᠎ᠪᠠᠷ ᠤᠷᠭᠤᠮᠠᠯ᠎ᠢ ᠲᠣᠭᠲᠠᠭ᠋ᠠᠬᠤ᠂ ᠤᠰᠤ᠎ᠪᠠᠷ ᠭᠠᠵᠠᠷ ᠲᠣᠭᠲᠠᠭ᠋ᠠᠬᠤ᠂ ᠤᠰᠤ᠎ᠪᠠᠷ ᠬᠥᠮᠥᠨ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠨ᠂ ᠤᠰᠤᠨ᠎ᠤ ᠡᠬᠢ ᠪᠠᠶᠠᠯᠢᠭ᠎ᠢ ᠴᠢᠩᠭ᠎ᠠ ᠬᠠᠮᠠᠭ᠋ᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠨ᠂ ᠠᠮᠢᠳᠤᠷᠠᠯ᠂ ᠦᠢ᠍ᠯᠡᠳᠪᠦᠷᠢᠯᠡᠯ᠂ ᠠᠮᠢ ᠠᠬᠤᠢ ᠵᠢᠨ ᠬᠡᠷᠡᠭᠯᠡᠬᠦ ᠤᠰᠤ ᠵᠢ ᠨᠢᠭᠡᠳᠦᠯᠲᠡᠢ ᠲᠥᠯᠥᠪᠯᠡᠵᠦ᠂ ᠤᠰᠤᠨ᠎ᠤ ᠠᠶᠤᠯ ᠦᠭᠡᠢ ᠵᠢ ᠪᠦᠲᠦᠮᠵᠢᠲᠡᠶ ᠪᠠᠲᠤᠯᠠᠬᠤ᠂ ᠤᠰᠤᠨ᠎ᠤ ᠡᠬᠢ ᠪᠠᠶᠠᠯᠢᠭ᠎ᠢ ᠥᠨᠳᠥᠷ ᠦᠷ᠎ᠡ ᠠᠰᠢᠭᠲᠠᠢ ᠠᠰᠢᠭᠯᠠᠬᠤ᠂ ᠤᠰᠤᠨ᠎ᠤ ᠠᠮᠢ ᠠᠬᠤᠢ ᠵᠢ ᠢᠯᠡᠳᠲᠡ ᠰᠠᠢ᠌ᠵᠢᠷᠠᠭᠤᠯᠬᠤ ᠵᠢ ᠪᠡᠶᠡᠯᠡᠭᠦᠯᠬᠦ ᠬᠡᠷᠡᠭᠲᠡᠢ᠃
ᠳᠥᠴᠢᠨ ᠳᠥᠷᠪᠡᠳᠦᠭᠡᠷ ᠵᠦᠢ᠍ᠯ᠄ ᠬᠠᠳᠤᠨ ᠭᠣᠣᠯ᠎ᠤᠨ ᠰᠠᠪᠠ ᠭᠠᠵᠠᠷ᠎ᠲᠤ᠎ᠬᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠳᠤᠨ ᠭᠣᠣᠯ᠎ᠤᠨ ᠥᠪᠥᠷ ᠮᠣᠩᠭᠣᠯ᠎ᠳᠤ᠎ᠬᠢ ᠬᠡᠰᠡᠭ᠎ᠤᠨ ᠭᠣᠣᠯ ᠤᠷᠤᠰᠬᠠᠯ᠂ ᠰᠠᠯᠪᠤᠷᠢ ᠤᠷᠤᠰᠬᠠᠯ᠂ ᠭᠣᠣᠯᠳᠠᠯᠭ᠎ᠠ᠎ᠲᠠᠢ ᠨᠠᠭᠤᠷ ᠴᠥᠭᠥᠷᠥᠮ᠎ᠢ ᠬᠠᠮᠠᠭ᠋ᠠᠯᠠᠬᠤ ᠪᠠ ᠵᠠᠰᠠᠬᠤ ᠡᠷᠴᠢᠮ ᠵᠶ᠋ᠡᠨ ᠨᠡᠮᠡᠭᠳᠡᠭᠦᠯᠬᠦ ᠬᠡᠷᠡᠭᠲᠡᠢ᠃ ᠠᠷᠪᠠᠨ ᠬᠦᠨᠳᠡᠢ ᠵᠡᠷᠭᠡ ᠬᠠᠳᠤᠨ ᠭᠣᠣᠯ᠎ᠤᠨ ᠳᠣᠪᠣᠷᠬᠠᠭ ᠭᠤᠤ ᠭᠠᠩᠭ᠎ᠠ ᠵᠢᠨ ᠣᠷᠣᠨ᠎ᠢ ᠶᠡᠷᠦᠩᠬᠡᠢ᠌ᠯᠡᠨ ᠵᠠᠰᠠᠬᠤ ᠵᠢ ᠭᠣᠣᠯᠳᠠᠯᠭ᠎ᠠ᠎ᠲᠠᠢ᠎ᠪᠠᠷ ᠬᠡᠷᠡᠭᠵᠢᠭᠦᠯᠵᠦ᠂ ᠬᠠᠳᠤᠨ ᠭᠣᠣᠯ᠎ᠤᠨ ᠬᠣᠶᠠᠷ ᠡᠷᠭᠢ ᠵᠢᠨ ᠤᠢ ᠰᠢᠭᠤᠢ ᠡᠪᠡᠰᠦ ᠪᠡᠯᠴᠢᠭᠡᠷ᠎ᠤᠨ ᠬᠠᠮᠠᠭ᠋ᠠᠯᠠᠯᠲᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠣᠣᠯ᠎ᠤᠨ ᠲᠠᠩ᠎ᠳᠤ᠎ᠬᠢ ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠵᠢᠯ᠎ᠢ ᠠᠬᠢᠭᠤᠯᠵᠤ᠂ ᠬᠠᠳᠤᠨ ᠭᠣᠣᠯ᠎ᠤᠨ 《ᠠᠨ ᠯᠠᠨ》 ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠤᠨ᠎ᠠ᠃
ᠳᠥᠴᠢᠨ ᠲᠠᠪᠤᠳᠤᠭ᠋ᠠᠷ ᠵᠦᠢ᠍ᠯ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠨᠤᠲᠤᠭ ᠪᠡᠯᠴᠢᠭᠡᠷ ᠳᠡᠭᠡᠷ᠎ᠡ ᠨᠡᠭᠦᠷᠡᠰᠦ ᠵᠡᠷᠭᠡ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ ᠲᠥᠯᠥᠪᠵᠢᠭᠦᠯᠬᠦ ᠵᠢ ᠬᠤᠷᠢᠬᠯᠠᠬᠤ ᠬᠡᠷᠡᠭᠲᠡᠢ᠃ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠪᠠ ᠪᠡᠯᠴᠢᠭᠡᠷᠯᠡᠭᠦᠯᠬᠦ ᠵᠢ ᠬᠤᠷᠢᠬᠯᠠᠬᠤ ᠪᠠ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠪᠡᠯᠴᠢᠭᠡᠷ᠎ᠤᠨ ᠪᠠᠭᠲᠠᠭ᠋ᠠᠮᠵᠢ ᠵᠢ ᠰᠢᠨᠵᠢᠯᠡᠬᠦ ᠤᠬᠠᠭ᠋ᠠᠨᠴᠢ᠎ᠪᠠᠷ ᠬᠢᠨᠠᠨ ᠲᠣᠭᠲᠠᠭ᠋ᠠᠵᠤ᠂ ᠨᠤᠲᠤᠭ ᠪᠡᠯᠴᠢᠭᠡᠷ ᠲᠡᠬᠡᠷ᠎ᠡ ᠬᠡᠲᠦ ᠪᠡᠯᠴᠢᠭᠡᠷᠯᠡᠭᠦᠯᠬᠦ ᠵᠢ ᠰᠡᠷᠭᠡᠢ᠌ᠯᠡᠨ᠎ᠡ᠃ ᠨᠤᠲᠤᠭ ᠪᠡᠯᠴᠢᠭᠡᠷ᠎ᠤᠨ ᠠᠮᠢ ᠠᠬᠤᠢ ᠵᠢᠨ ᠨᠦᠬᠦᠪᠤᠷᠢ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠬᠦ ᠪᠠ ᠰᠢᠰᠲ᠋ᠧᠮ᠎ᠲᠠᠢ ᠵᠠᠰᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠦᠨ᠎ᠡ᠃
ᠳᠥᠴᠢᠨ ᠵᠢᠷᠭᠤᠳᠤᠭ᠋ᠠᠷ ᠵᠦᠢ᠍ᠯ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠰᠢᠭᠤᠢ᠌ᠲᠤ ᠭᠠᠵᠠᠷ᠎ᠤᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠤᠢ ᠰᠢᠭᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠠᠢ᠌ᠭ᠋ᠠᠯᠢ ᠵᠢᠨ ᠤᠢ ᠵᠢ ᠪᠦᠬᠦ ᠲᠠᠯ᠎ᠠ᠎ᠪᠠᠷ ᠬᠠᠮᠠᠭ᠋ᠠᠯᠠᠬᠤ ᠳᠦᠷᠢᠮ᠎ᠢ ᠨᠠᠢ᠌ᠳᠠᠪᠤᠷᠢᠵᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠶᠠᠰᠤ ᠴᠢᠨᠠᠷ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠴᠢᠳᠠᠮᠵᠢ ᠵᠢ ᠳᠡᠭᠡᠭᠰᠢᠯᠡᠭᠦᠯᠦᠨ᠂ ᠶᠡᠬᠡ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠬᠠᠯᠬᠠᠪᠴᠢ ᠤᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠤᠢ ᠰᠢᠭᠤᠢ ᠵᠢ ᠠᠷᠠᠴᠢᠯᠠᠨ ᠪᠣᠢ᠌ᠵᠢᠭᠤᠯᠬᠤ ᠪᠠ ᠮᠠᠭᠤᠳᠠᠭᠰᠠᠨ ᠤᠢ ᠵᠢ ᠵᠠᠰᠠᠨ ᠰᠡᠷᠭᠦᠭᠡᠬᠦ ᠠᠵᠢᠯ᠎ᠢ ᠴᠢᠩᠭ᠋ᠠᠳᠬᠠᠵᠤ᠂ ᠤᠢ ᠰᠢᠭᠤᠢ ᠵᠢᠨ ᠪᠦᠲᠦᠴᠡ ᠵᠢ ᠰᠢᠯᠢᠳᠡᠭᠵᠢᠭᠦᠯᠦᠨ᠂ ᠤᠢ ᠰᠢᠭᠤᠢ ᠵᠢᠨ ᠡᠬᠢ ᠪᠠᠶᠠᠯᠢᠭ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃
ᠳᠥᠴᠢᠨ ᠳᠣᠯᠣᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠠᠴᠠ ᠭᠣᠣᠯ ᠮᠥᠷᠡᠨ᠂ ᠨᠠᠭᠤᠷ ᠴᠥᠭᠥᠷᠥᠮ᠂ ᠨᠤᠭᠤ ᠭᠠᠵᠠᠷ᠎ᠢ ᠰᠡᠷᠬᠦᠬᠡᠬᠦ ᠠᠵᠢᠯ᠎ᠢ ᠬᠡᠷᠡᠭᠵᠢᠭᠦᠯᠵᠦ᠂ ᠭᠣᠣᠯ ᠮᠦᠷᠠᠨ᠂ ᠨᠠᠭᠤᠷ ᠪᠦᠷᠢ᠎ᠳᠤ ᠵᠢᠨ ᠤᠰᠤ ᠲᠠᠲᠠᠬᠤ ᠬᠡᠮᠵᠢᠶ᠎ᠡ ᠵᠢ ᠴᠢᠩᠭ᠎ᠠ ᠡᠵᠡᠮᠳᠡᠵᠦ᠂ ᠭᠣᠣᠯ ᠮᠦᠷᠡᠨ᠂ ᠨᠠᠭᠤᠷ ᠪᠦᠷᠢ᠎ᠳᠤ ᠵᠢᠨ ᠠᠮᠢ ᠠᠬᠤᠢ ᠵᠢᠨ ᠤᠰᠤ ᠨᠥᠬᠥᠪᠦᠷᠢᠯᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ᠂ ᠨᠤᠭᠤ ᠭᠠᠵᠠᠷ᠎ᠤᠨ ᠲᠠᠯᠠᠪᠠᠢ ᠵᠢᠨ ᠶᠡᠷᠦᠩᠬᠡᠢ ᠬᠡᠮᠵᠢᠶ᠎ᠡ ᠵᠢ ᠬᠠᠮᠢᠶᠠᠷᠤᠨ ᠡᠵᠡᠮᠳᠡᠬᠦ ᠬᠡᠮᠵᠢᠶ᠎ᠡ ᠪᠣᠯᠣᠨ ᠭᠣᠣᠯ ᠮᠥᠷᠡᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠵᠠᠭ᠋ᠠᠭ᠎ᠤᠨ ᠳᠦᠷᠢᠮ ᠢ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠯᠡᠨ᠂ ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ ᠵᠡᠷᠭᠡ ᠭᠣᠣᠯ ᠨᠠᠭᠤᠷ᠎ᠤᠨ ᠨᠤᠭᠤ ᠭᠠᠵᠠᠷ᠎ᠢ ᠶᠡᠷᠦᠩᠬᠡᠢ᠌ᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠤᠨ᠎ᠠ᠃
ᠳᠥᠴᠢᠨ ᠨᠠᠢ᠍ᠮᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ ᠬᠦᠴᠦᠨ ᠵᠶ᠋ᠡᠨ ᠲᠥᠪᠯᠡᠷᠡᠭᠦᠯᠦᠨ ᠭᠣᠣᠯᠳᠠᠯᠭ᠎ᠠ᠎ᠲᠠᠢ ᠭᠠᠵᠠᠷ ᠣᠷᠣᠨ᠎ᠤ ᠬᠡᠪᠴᠢᠶᠡᠵᠢᠭᠦᠯᠦᠨ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ ᠵᠢ ᠥᠷᠨᠢᠭᠦᠯᠵᠦ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠴᠢᠷᠮᠠᠢ᠌ᠨ ᠰᠠᠢ᠌ᠲᠤᠷ ᠬᠢᠵᠦ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ᠂ ᠬᠥᠨᠥᠭᠡᠯ᠎ᠠᠴᠠ ᠪᠤᠯᠤᠬᠰᠠᠨ ᠰᠡᠷᠭᠡᠢ᠌ᠯᠡᠯᠲᠡ ᠵᠢ ᠪᠠᠢ᠌ᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠤᠨ ᠭᠣᠣᠯ᠎ᠤᠨ 《ᠬᠡᠳᠤᠨ ᠨᠤᠭᠤᠯᠤᠭ᠎ᠠ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠂ ᠬᠣᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠡᠯᠡᠰᠤ ᠵᠡᠷᠬᠡ ᠬᠣᠶᠠᠷ ᠶᠡᠬᠡ ᠡᠯᠡᠰᠦᠷᠬᠡᠭ ᠭᠠᠵᠠᠷ᠎ᠢ ᠨᠤᠭᠤᠭ᠋ᠠᠷᠠᠭᠤᠯᠬᠤ ᠲᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠵᠦ᠂ ᠬᠠᠳᠤᠨ ᠭᠣᠣᠯ᠎ᠤᠨ ᠪᠠᠷᠠᠭᠤᠨ ᠬᠡᠰᠡᠭ᠎ᠤᠨ ᠬᠣᠩᠭᠢᠯ — ᠲᠠᠺᠯᠢᠮᠠᠺᠠᠨ ᠡᠯᠡᠰᠦᠨ ᠴᠦᠯ᠎ᠤᠨ ᠵᠠᠬ᠎ᠠ ᠬᠢᠵᠠᠭ᠋ᠠᠷ᠎ᠤᠨ ᠬᠣᠷᠢᠭᠯᠠᠨ ᠴᠣᠬᠢᠬᠤ ᠲᠠᠢ᠌ᠯᠠᠯᠳᠤᠭ᠋ᠠᠨ᠎ᠢ ᠬᠠᠮᠵᠢᠯᠴᠠᠨ ᠰᠠᠢ᠌ᠲᠤᠷ ᠬᠢᠬᠦ ᠬᠡᠷᠡᠭᠲᠡᠢ᠃
ᠳᠥᠴᠢ ᠶᠢᠰᠦᠳᠦᠭᠡᠷ ᠵᠦᠢ᠍ᠯ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠣᠷᠣᠨ ᠪᠦᠰᠡ ᠵᠢᠨ ᠬᠠᠮᠲᠤᠷᠠᠨ ᠰᠡᠷᠭᠡᠢ᠌ᠯᠡᠵᠦ ᠬᠠᠮᠲᠤᠷᠠᠨ ᠵᠠᠰᠠᠬᠤ ᠠᠵᠢᠯ᠎ᠢ ᠴᠢᠩᠭ᠋ᠠᠳᠬᠠᠵᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠲᠠᠴᠢᠷ ᠴᠦᠯ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠵᠢ ᠨᠢᠭᠡᠳᠦᠯᠲᠡᠢ ᠲᠥᠯᠥᠪᠯᠡᠵᠦ᠂ ᠡᠯᠡᠰᠦ ᠵᠢ ᠵᠠᠰᠠᠬᠤ᠂ ᠤᠰᠤ ᠵᠢ ᠵᠠᠰᠠᠬᠤ᠂ ᠠᠭᠤᠯᠠ ᠵᠢ ᠵᠠᠰᠠᠬᠤ ᠪᠦᠬᠦ ᠡᠯᠧᠮᠧᠨ᠋ᠲ᠎ᠤᠨ ᠵᠣᠬᠢᠴᠠᠭᠤᠯᠭ᠎ᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠡᠷᠡᠭᠦᠯ ᠪᠥᠭᠡᠳ ᠲᠣᠭᠲᠠᠭᠤᠨ᠂ ᠴᠢᠳᠠᠮᠵᠢ᠎ᠪᠠᠷ ᠪᠦᠷᠢᠨ ᠲᠡᠭᠦᠯᠳᠡᠷ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠲᠠᠴᠢᠷ ᠴᠦᠯ᠎ᠤᠨ ᠠᠮᠢ ᠠᠬᠤᠢ ᠵᠢᠨ ᠰᠢᠰᠲ᠋ᠧᠮ᠎ᠢ ᠪᠣᠢ᠌ᠵᠢᠭᠤᠯᠵᠤ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠲᠠᠭ᠋ᠠᠭ᠋ᠠᠮᠠᠭ᠋ᠠᠢ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
ᠲᠠᠪᠢᠳᠤᠭ᠋ᠠᠷ ᠵᠦᠢ᠍ᠯ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠠᠷᠢᠯᠢᠭ ᠣᠨᠣᠴᠠᠲᠠᠢ᠎ᠪᠠᠷ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠵᠦ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠦᠷᠭᠦᠯᠵᠢᠯᠡᠨ ᠴᠢᠩᠭ᠋ᠠᠳᠬᠠᠵᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠠᠵᠢᠯ᠎ᠲᠠᠢ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠬᠡᠷᠡᠭᠲᠡᠢ᠃