ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》ᠨᠠᠢ᠍ᠮᠠᠳᠤᠭ᠋ᠠᠷ ᠪᠦᠯᠦᠭ ᠪᠠᠳᠤᠯᠠᠭ᠎ᠠ ᠵᠢᠨ ᠠᠷᠭ᠎ᠠ᠂ ᠶᠢᠰᠤᠳᠤᠬᠡᠷ ᠪᠦᠯᠦᠭ ᠲᠠᠭ᠋ᠠᠯᠳᠤᠭᠤᠯᠤᠬᠰᠠᠨ ᠲᠦᠷᠢᠮ
ᠨᠡᠶᠢᠲᠡᠯᠡᠭᠰᠡᠨ ᠴᠠᠭ᠄ 2023-11-07

    ᠲᠠᠪᠢᠨ ᠨᠠᠢ᠍ᠮᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠣᠬᠢᠶᠠᠨ ᠪᠠᠢ᠌ᠭᠤᠯᠤᠨ ᠬᠡᠷᠡᠭᠵᠢᠭᠦᠯᠬᠦ᠎ᠪᠠᠨ ᠴᠢᠩᠭ᠋ᠠᠳᠬᠠᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠡᠯ᠎ᠡ ᠠᠵᠢᠯ᠎ᠢ ᠨᠠᠢ᠌ᠳᠠᠪᠤᠷᠢᠵᠢᠭᠤᠯᠵᠤ᠂ ᠲᠡᠭᠦᠨ᠎ᠢ ᠤᠯᠤᠰ ᠠᠷᠠᠳ᠎ᠤᠨ ᠠᠵᠤ ᠠᠬᠤᠢ ᠪᠣᠯᠣᠨ ᠨᠡᠢ᠌ᠭᠡᠮ᠎ᠤᠨ   ᠬᠦᠭᠵᠢᠬᠦᠯᠤᠯᠳᠡ ᠵᠢᠨ ᠲᠥᠯᠦᠪᠵᠢᠭᠦᠯᠭᠡ᠎ᠳᠤ ᠣᠷᠣᠭᠤᠯᠬᠤ ᠬᠡᠷᠡᠭᠲᠡᠢ᠃
  ᠲᠠᠪᠢ ᠶᠢᠰᠦᠳᠦᠭᠡᠷ ᠵᠦᠢ᠍ᠯ᠄ ᠬᠢᠨᠠᠨ ᠪᠠᠢ᠌ᠴᠠᠭ᠋ᠠᠬᠤ ᠪᠠᠢ᠌ᠭᠤᠯᠭ᠎ᠠ᠂ ᠰᠢᠭᠦᠨ ᠲᠠᠰᠤᠯᠬᠤ ᠪᠠᠢ᠌ᠭᠤᠯᠭ᠎ᠠ᠂ ᠪᠠᠢ᠌ᠴᠠᠭ᠋ᠠᠬᠤ ᠪᠠᠢ᠌ᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠢ᠌ᠯᠡᠬᠦ ᠪᠠ ᠪᠠᠢ᠌ᠴᠠᠭ᠋ᠠᠨ ᠰᠢᠢ᠍ᠳᠪᠦᠷᠢᠯᠡᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠬᠠᠮᠠᠭ᠋ᠠᠯᠠᠬᠤ ᠬᠡᠷᠡᠭᠲᠡᠢ᠃
  ᠵᠢᠷᠠᠳᠤᠭ᠋ᠠᠷ ᠵᠦᠢ᠍ᠯ᠄ ᠲᠥᠷᠥ ᠵᠢᠨ ᠪᠠᠢ᠌ᠭᠤᠯᠭ᠎ᠠ ᠵᠢᠨ ᠠᠵᠢᠯᠲᠠᠳ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠪᠣᠳᠠᠲᠤ ᠠᠵᠢᠯᠯᠠᠭ᠎ᠠ ᠵᠢ ᠡᠷᠬᠢᠮᠯᠡᠬᠦ ᠰᠤᠷᠲᠠᠯ᠎ᠢ ᠶᠡᠬᠡ᠎ᠪᠠᠷ ᠳᠡᠯᠭᠡᠷᠡᠭᠦᠯᠵᠦ᠂ ᠠᠷᠢᠭᠤᠨ ᠴᠢᠭᠴᠢ ᠰᠤᠷᠲᠠᠯ᠎ᠢ ᠪᠠᠳᠠᠷᠠᠭᠤᠯᠤᠨ᠂ ᠠᠷᠪᠢᠴᠢ ᠪᠣᠷᠣᠭᠵᠢᠭᠤᠨ ᠰᠤᠷᠲᠠᠯ᠎ᠢ ᠪᠣᠢ ᠪᠣᠯᠭ᠋ᠠᠵᠤ᠂ ᠵᠥᠪ ᠣᠨᠣᠪᠴᠢᠲᠠᠶ ᠡᠷᠬᠡ ᠵᠢᠨ ᠦᠵᠡᠯᠲᠡ᠂ ᠠᠵᠢᠯ᠎ᠤᠨ ᠪᠦᠲᠦᠮᠵᠢ ᠵᠢᠨ ᠦᠵᠡᠯᠲᠡ᠂ ᠠᠵᠢᠯ ᠦᠢ᠍ᠯᠡᠰ᠎ᠤᠨ ᠦᠵᠡᠯᠲᠡ ᠵᠢ ᠪᠣᠢ ᠪᠣᠯᠭ᠋ᠠᠨ ᠦᠢ᠍ᠯᠡᠳᠦᠯᠭᠡᠵᠢᠭᠦᠯᠵᠦ᠂ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ᠎ᠳᠤ᠎ᠪᠠᠨ ᠬᠦᠷᠬᠦ ᠦᠭᠡᠢ ᠪᠣᠯ ᠵᠣᠭᠰᠣᠬᠤ ᠦᠭᠡᠢ ᠪᠠᠢ᠌ᠬᠤ ᠣᠶᠣᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠦᠢ᠍ᠯᠡᠳᠦᠯᠭᠡ᠎ᠳᠤ ᠣᠷᠣᠯᠴᠠᠬᠤ ᠬᠡᠷᠡᠭᠲᠡᠢ᠃
  ᠵᠢᠷᠠᠨ ᠨᠢᠭᠡᠳᠦᠭᠡᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠠᠴᠠ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠮᠥᠷᠳᠡᠵᠦ ᠦᠷ᠎ᠡ ᠪᠦᠲᠦᠮᠵᠢ ᠵᠢ᠎ᠨᠢ ᠠᠰᠠᠭᠤᠬᠤ ᠲᠣᠭᠲᠠᠴᠠ ᠵᠢ ᠪᠠᠢ᠌ᠭᠤᠯᠤᠨ   ᠲᠡᠬᠦᠯᠳᠡᠷᠵᠢᠬᠦᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ  ᠎ᠢ ᠪᠦᠬᠦ ᠲᠠᠯ᠎ᠠ᠎ᠪᠠᠷ ᠪᠠᠶ᠋ᠢᠭᠤᠯᠬᠤ ᠠᠵᠢᠯ᠎ᠢ ᠤᠳᠤᠷᠢᠳᠬᠤ ᠪᠠᠭ᠎ᠤᠨ ᠠᠵᠢᠯ᠎ᠤᠨ ᠠᠮᠵᠢᠯᠲᠠ ᠵᠢ ᠬᠢᠨᠠᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠰᠢᠰᠲᠸᠮ᠎ᠳᠤ ᠣᠷᠣᠭᠤᠯᠵᠤ᠂ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ ᠪᠠ ᠣᠨ᠎ᠤ ᠬᠠᠷᠠᠯᠲᠠᠲᠤ ᠬᠢᠨᠠᠨ ᠰᠢᠯᠭ᠋ᠠᠬᠤ ᠳᠦᠷᠢᠮ᠎ᠢ ᠬᠡᠷᠡᠭᠵᠢᠭᠦᠯᠦᠨ᠎ᠡ᠃
    ᠵᠢᠷᠠᠨ ᠬᠣᠶᠠᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠤᠨ ᠳᠤᠮᠳᠠ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠢ᠌ᠭᠤᠯᠤᠯᠲᠠ ᠪᠣᠯᠣᠨ ᠬᠤᠪᠢ ᠬᠥᠮᠥᠨ᠎ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠢ᠌ᠰᠢᠶᠠᠨ ᠬᠥᠬᠢᠭᠦᠯᠬᠦ ᠪᠠ ᠱᠠᠩᠨᠠᠨ᠎ᠠ᠃
ᠵᠢᠷᠠᠨ ᠭᠤᠷᠪᠠᠳᠤᠭ᠋ᠠᠷ ᠵᠦᠢ᠍ᠯ᠄ ᠶᠠᠮᠠᠷᠪᠠ ᠵᠣᠬᠢᠶᠠᠨ ᠪᠠᠢ᠌ᠭᠤᠯᠤᠯᠲᠠ ᠪᠣᠯᠣᠨ ᠬᠤᠪᠢ ᠬᠥᠮᠥᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠠᠵᠢᠯ᠎ᠤᠨ ᠲᠤᠬᠠᠢ ᠲᠥᠷᠥ ᠵᠢᠨ ᠪᠠᠢ᠌ᠭᠤᠯᠭ᠎ᠠ᠎ᠳᠤ ᠰᠢᠭᠦᠮᠵᠢᠯᠡᠯ ᠰᠠᠨᠠᠭᠤᠯᠭ᠎ᠠ ᠳᠤᠷᠠᠳᠬᠤ ᠡᠷᠬᠡ᠎ᠲᠠᠢ᠂ ᠲᠥᠷᠥ ᠵᠢᠨ ᠪᠠᠢ᠌ᠭᠤᠯᠭ᠎ᠠ ᠬᠢᠭᠡᠳ ᠲᠡᠭᠦᠨ᠎ᠤ ᠠᠵᠢᠯᠲᠠᠳ᠎ᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠤᠨ ᠳᠤᠮᠳᠠᠬᠢ ᠬᠠᠤᠯᠢ᠎ᠠᠴᠠ ᠵᠥᠷᠢᠴᠡᠵᠦ ᠬᠠᠷᠢᠭᠤᠴᠠᠯᠭ᠎ᠠ᠎ᠪᠠᠨ ᠠᠯᠳᠠᠭᠰᠠᠨ ᠥᠢ᠍ᠯᠡ ᠠᠵᠢᠯᠯᠠᠭ᠎ᠠ᠎ᠳᠤ ᠭᠣᠮᠣᠳᠠᠯ ᠲᠣᠭ᠋ᠠᠴᠢᠬᠤ᠂ ᠵᠠᠭ᠋ᠠᠯᠳᠤᠬᠤ ᠪᠠ ᠢᠯᠡᠴᠢᠯᠡᠵᠦ ᠪᠣᠯᠣᠨ᠎ᠠ᠃
  ᠵᠢᠷᠠᠨ ᠳᠥᠷᠪᠡᠳᠦᠭᠡᠷ ᠵᠦᠢ᠍ᠯ᠄ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠢ᠍ᠳᠬᠡᠬᠦ ᠲᠣᠭᠲᠠᠭ᠋ᠠᠯ ᠭᠠᠷᠭ᠋ᠠᠭᠰᠠᠨ ᠪᠠᠢ᠌ᠪᠠᠯ ᠲᠡᠷᠡ ᠲᠣᠭᠲᠠᠭ᠋ᠠᠯ᠎ᠢ ᠵᠢᠷᠤᠮᠯᠠᠨ᠎ᠠ᠃
  ᠵᠢᠷᠠᠨ ᠲᠠᠪᠤᠳᠤᠭ᠋ᠠᠷ ᠵᠦᠢ᠍ᠯ᠄ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠤᠨ ᠳᠤᠮᠳᠠ ᠡᠭᠦᠷᠭᠡ ᠲᠤᠰᠢᠶᠠᠯ ᠵᠶ᠋ᠠᠨ ᠣᠮᠲᠣᠭ᠋ᠠᠢ᠌ᠯᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠤᠪᠢ ᠵᠢᠨ ᠨᠠᠢ᠌ᠷ ᠵᠶ᠋ᠠᠷ ᠬᠠᠤᠯᠢ ᠲᠦᠷᠢᠮ᠎ᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠢ᠌ᠭ᠎ᠠ ᠭᠣᠣᠯᠴᠢᠯᠠᠨ ᠬᠠᠮᠢᠶᠠᠷᠴᠤ ᠪᠦᠬᠦᠢ ᠬᠥᠮᠥᠰ ᠪᠣᠯᠣᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠰ᠎ᠲᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠂᡾ ᠶᠠᠯ᠎ᠠ ᠪᠤᠯᠤᠬᠰᠠᠨ ᠪᠤᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

  ᠶᠢᠰᠦᠳᠦᠭᠡᠷ ᠪᠦᠯᠦᠭ ᠲᠠᠭ᠋ᠠᠯᠳᠤᠭᠤᠯᠤᠬᠰᠠᠨ ᠳᠦᠷᠢᠮ

    ᠵᠢᠷᠠᠨ ᠵᠢᠷᠭᠤᠳᠤᠭ᠋ᠠᠷ ᠵᠦᠢ᠍ᠯ᠄ ᠲᠤᠰ ᠳᠦᠷᠢᠮ᠎ᠢ 2023 ᠣᠨ᠎ᠤ 9 ᠳ᠋ᠤᠬᠡᠷ ᠰᠠᠷ᠎ᠠ ᠵᠢᠨ 1᠎ᠤ ᠡᠳᠦᠷ᠎ᠠᠴᠠ   ᠬᠡᠷᠡᠭᠵᠢᠭᠦᠯᠦᠨ᠎ᠡ᠃


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠤᠮᠠᠷᠠᠲᠤ ᠬᠢᠯᠢ ᠵᠢᠨ ᠰᠣᠶᠣᠯ᠎ᠤᠨ ᠷᠢᠳᠢ ᠰᠢᠳᠢ ᠵᠢ ᠣᠢ᠌ᠯᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
            