ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠤᠮᠠᠷᠠᠲᠤ ᠬᠢᠯᠢ ᠵᠢᠨ ᠰᠣᠶᠣᠯ᠎ᠤᠨ ᠷᠢᠳᠢ ᠰᠢᠳᠢ ᠵᠢ ᠣᠢ᠌ᠯᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2024-04-19

    ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 4 ᠳ᠋ᠤᠬᠡᠷ ᠰᠠᠷ᠎ᠠ ᠵᠢᠨ 11᠎ᠤ ᠡᠳᠦᠷ ᠪᠦᠬᠦ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠬᠥᠬᠡᠬᠣᠲᠠ ᠵᠢᠨ ᠱᠤᠭᠤᠮᠠᠯ᠎ᠤᠨ ᠤᠷᠠᠯᠢᠭ᠎ᠤᠨ ᠣᠷᠳᠣᠨ᠎ᠳᠤ ᠬᠦᠷᠴᠦ 《ᠤᠮᠠᠷᠠᠲᠤ ᠵᠢᠨ ᠰᠣᠶᠣᠯ᠎ᠤᠨ ᠷᠢᠳᠢ ᠰᠢᠳᠢ ᠵᠢ ᠣᠢ᠌ᠯᠠᠭ᠋ᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ᠎ᠪᠠᠷ ᠴᠢᠷᠮᠠᠢ᠌ᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃
    ᠬᠥᠬᠡᠬᠣᠲᠠ ᠵᠢᠨ ᠱᠤᠭᠤᠮᠠᠯ᠎ᠤᠨ ᠤᠷᠠᠯᠢᠭ᠎ᠤᠨ ᠣᠷᠳᠣᠨ ᠪᠣᠯ ᠬᠥᠬᠡᠬᠣᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠪᠣᠯᠣᠨ᠎ᠠ᠃ ᠱᠤᠭᠤᠮᠠᠯ᠎ᠤᠨ ᠤᠷᠠᠯᠢᠭ᠎ᠤᠨ ᠣᠷᠳᠣᠨ᠎ᠳᠤ ᠣᠷᠣᠵᠤ᠂ ᠤᠯᠠᠨ ᠵᠶ᠋ᠠᠷ ᠵᠶ᠋ᠠᠨ 《ᠤᠷᠠᠯᠢᠭ᠎ᠤᠨ ᠰᠣᠩᠭᠣᠳᠠᠭ ᠪᠦᠲᠦᠭᠡᠯ᠂ ᠴᠠᠭ ᠦᠶ᠎ᠡ ᠵᠢᠨ ᠨᠠᠢ᠌ᠷᠠᠯ ᠬᠥᠭᠵᠢᠮ》 《ᠪᠣᠯᠪᠠᠰᠤᠨ᠎ᠤ ᠣᠷᠴᠢᠨ᠎ᠳᠤ ᠭᠡᠷᠡᠯ ᠭᠢᠯᠪᠠᠭ᠎ᠠ᠎ᠪᠠᠨ ᠰᠠᠴᠤᠷᠠᠭᠤᠯᠤᠬᠰᠠᠨ᠎ᠨᠢ》 《ᠳᠤᠮᠳᠠᠳᠤ ᠵᠢᠨ ᠰᠣᠶᠣᠯ᠂   ᠥᠷᠭᠡᠨ ᠳᠡᠯᠭᠡᠷ ᠡᠶ᠎ᠡ ᠨᠠᠢ᠌ᠷᠰᠠᠭ》 ᠭᠡᠬᠦ ᠭᠤᠷᠪᠠᠨ ᠪᠦᠯᠦᠭ ᠱᠤᠭᠤᠮᠠᠯ᠎ᠤᠨ ᠪᠦᠲᠦᠭᠡᠯ᠎ᠢ ᠲᠣᠭᠣᠷᠢᠨ ᠦᠵᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠣᠢ᠌ᠳᠠ ᠰᠠᠢ᠌ᠬᠠᠨ ᠥᠩᠭᠡ ᠪᠤᠳᠤᠭ᠂ ᠥᠪᠥᠷ ᠮᠣᠩᠭᠣᠯ᠎ᠤᠨ ᠰᠣᠶᠣᠯ᠎ᠤᠨ ᠤᠯᠠᠨ ᠡᠰᠢᠲᠦ ᠳᠦᠷᠰᠦ ᠪᠠᠢ᠌ᠳᠠᠯ ᠪᠣᠯᠣᠨ 《ᠤᠮᠠᠷᠠᠲᠤ ᠵᠢᠨ ᠰᠣᠶᠣᠯ》᠎ᠤᠨ ᠪᠠᠶᠠᠯᠢᠭ ᠠᠭᠤᠯᠬᠤᠨ᠎ᠢ ᠪᠡᠶ᠎ᠡ᠎ᠪᠠᠷ ᠵᠶ᠋ᠡᠨ ᠮᠡᠳᠡᠷᠡᠪᠡ᠃   ᠨᠠᠮ᠎ᠤᠨ ᠭᠡᠰᠢᠭᠦᠨ ᠺᠠᠳ᠋ᠷ ᠲᠣᠮᠣ ᠬᠡᠯᠪᠡᠷᠢ ᠵᠢᠨ ᠪᠦᠲᠦᠭᠡᠯ 《ᠤᠷᠳᠤ ᠵᠠᠮ᠎ᠤᠨ ᠠᠶᠠᠨ ᠲᠠᠢ᠍ᠢ᠍ᠨ᠎ᠤ ᠮᠥᠴᠡᠯᠭᠡ ᠱᠤᠭᠤᠮᠠᠯ》 ᠎ᠢ ᠭᠣᠣᠯᠳᠠᠯᠭ᠎ᠠ᠎ᠲᠠᠢ ᠲᠣᠭᠣᠷᠢᠨ ᠦᠵᠡᠬᠦ᠎ᠳᠤ᠎ᠪᠠᠨ ᠭᠠᠢ᠌ᠬᠠᠮᠰᠢᠭᠲᠤ ᠣᠨ ᠰᠠᠷ᠎ᠠ ᠵᠢ ᠡᠷᠭᠢᠴᠡᠭᠦᠯᠵᠦ᠂ ᠤᠷᠳᠤ ᠵᠠᠮ᠎ᠤᠨ ᠠᠶᠠᠨ ᠲᠠᠢ᠍ᠢ᠍ᠨ᠎ᠤ ᠵᠣᠷᠢᠭ ᠰᠠᠨᠠᠭ᠎ᠠ ᠵᠢ ᠲᠠᠬᠢᠨ ᠰᠠᠨᠠᠭ᠋ᠠᠯᠵᠠᠵᠤ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠪᠠ᠃

    ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠨ ᠤᠯᠠᠨ ᠵᠶ᠋ᠠᠷ ᠵᠶ᠋ᠠᠨ᠄ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠣᠣᠯ ᠱᠤᠭᠤᠮ᠎ᠢ ᠪᠠᠲᠤ ᠪᠡᠬᠢ ᠱᠤᠭᠤᠵᠤ᠂ 〈ᠮᠣᠩᠭᠣᠯ ᠮᠣᠷᠢᠨ᠎ᠤ ᠵᠣᠷᠢᠭ ᠰᠠᠨᠠᠭ᠎ᠠ〉 ᠪᠣᠯᠣᠨ 〈ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ〉 ᠵᠢ ᠶᠡᠬᠡ᠎ᠪᠠᠷ ᠪᠠᠳᠠᠷᠠᠭᠤᠯᠵᠤ᠂ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ 《ᠲᠠᠪᠤᠨ ᠶᠡᠬᠡ ᠡᠭᠦᠷᠭᠡ》 ᠵᠢ ᠰᠠᠢ᠌ᠲᠤᠷ ᠪᠡᠶᠡᠯᠡᠭᠦᠯᠬᠦ ᠪᠠ 《ᠵᠢᠱ᠌ᠢᠶᠡᠴᠢ ᠦᠪᠡᠷᠳᠡᠬᠡᠨ   ᠵᠠᠰᠠᠬᠤ ᠤᠷᠤᠨ》 ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠬᠦᠴᠦᠨ ᠴᠢᠳᠠᠯ ᠵᠶ᠋ᠠᠨ ᠡᠷᠭᠦᠨ᠎ᠡ》 ᠬᠡᠵᠡᠬᠡᠪᠡ᠃







ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》ᠨᠠᠢ᠍ᠮᠠᠳᠤᠭ᠋ᠠᠷ ᠪᠦᠯᠦᠭ ᠪᠠᠳᠤᠯᠠᠭ᠎ᠠ ᠵᠢᠨ ᠠᠷᠭ᠎ᠠ᠂ ᠶᠢᠰᠤᠳᠤᠬᠡᠷ ᠪᠦᠯᠦᠭ ᠲᠠᠭ᠋ᠠᠯᠳᠤᠭᠤᠯᠤᠬᠰᠠᠨ ᠲᠦᠷᠢᠮ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠣᠯᠣᠳᠤᠭ᠋ᠠᠷ ᠪᠦᠯᠦᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠵᠢᠷᠭᠤᠳᠤᠭ᠋ᠠᠷ ᠪᠦᠯᠦᠭ ᠠ᠋ᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠲᠠᠪᠤᠳᠤᠭ᠋ᠠᠷ ᠪᠦᠯᠦᠭ ᠨᠡᠢ᠌ᠭᠡᠮ᠎ᠤᠨ ᠪᠠᠢ᠌ᠭᠤᠯᠤᠯᠲᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠥᠷᠪᠡᠳᠦᠭᠡᠷ ᠪᠦᠯᠦᠭ ᠰᠣᠶᠣᠯ᠎ᠤᠨ ᠪᠠᠢ᠌ᠭᠤᠯᠤᠯᠲᠠ
 
            