ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠰᠠᠢ᠌ᠲᠤᠷ ᠦᠷᠨᠢᠬᠦᠯᠬᠦ ᠵᠢᠨ ᠲᠦᠯᠤᠬᠡ ᠠᠵᠢᠯ᠎ᠳᠤ ᠪᠠᠢ᠌ᠭ᠎ᠠ ᠨᠠᠮ᠎ᠤᠨ ᠭᠡᠰᠢᠭᠦᠨ ᠺᠠᠳ᠋ᠷᠴᠤᠳ᠎ᠤᠨ 《 ᠬᠣᠶᠠᠷ᠎ᠲᠤ ᠨᠡᠷ᠎ᠡ ᠮᠡᠳᠡᠭᠦᠯᠬᠦ᠂ ᠬᠣᠶᠠᠷ᠎ᠲᠤ ᠦᠢ᠍ᠯᠡᠴᠢᠯᠡᠬᠦ᠂ ᠬᠣᠶᠠᠷ᠎ᠢ ᠮᠡᠳᠡᠭᠦᠯᠬᠦ》 ᠠᠵᠢᠯ᠎ᠢ ᠬᠢᠨᠠᠮᠠᠭ᠋ᠠᠢ ᠠᠬᠢᠭᠤᠯᠬᠤ ᠵᠢᠨ ᠲᠦᠯᠤᠬᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 5 ᠳ᠋ᠤᠭ᠋ᠠᠷ ᠰᠠᠷ᠎ᠠ ᠵᠢᠨ 23᠎ᠤ ᠡᠳᠦᠷ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠢ ᠵᠤᠬᠢᠶᠠᠨ ᠪᠠᠢ᠌ᠭᠤᠯᠵᠤ ᠲᠠᠭ᠋ᠠᠭ᠋ᠠᠴᠢᠯᠠᠨ ᠬᠤᠯᠪᠤᠭ᠋ᠠᠯᠠᠬᠤ ᠨᠡᠢ᠌ᠭᠡᠮ ᠲᠣᠭᠣᠷᠢᠭ ᠪᠤᠯᠬᠤ ᠬᠣᠲᠣᠩ ᠠᠷᠠᠳ᠎ᠤᠨ ᠲᠣᠭᠣᠷᠢᠭ᠎ᠤᠨ ᠬᠠᠢ᠌ᠯᠠᠷ ᠪᠠᠷᠠᠭᠤᠨ ᠵᠠᠮ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠳᠠᠭ᠋ᠠᠯᠲᠠ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠪᠠ ᠵᠣᠯᠭ᠋ᠠᠭᠤᠯᠵᠤ ᠬᠤᠯᠪᠤᠭ᠎ᠠ ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ ᠬᠠᠮᠢᠶ᠎ᠠ ᠪᠦᠬᠦᠢ ᠠᠵᠢᠯ᠎ᠢ ᠥᠷᠨᠢᠭᠦᠯᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠨᠠᠷ ᠨᠡᠢ᠌ᠭᠡᠮ ᠲᠣᠭᠣᠷᠢᠭ᠎ᠤᠨ ᠠᠵᠢᠯᠲᠠᠳ᠎ᠲᠠᠢ ᠬᠤᠯᠪᠤᠭ᠎ᠠ ᠪᠠᠢ᠌ᠭᠤᠯᠵᠤ ᠬᠠᠮᠳᠤ᠎ᠪᠠᠷ ᠪᠠᠶ᠋ᠢᠭᠤᠯᠬᠤ ᠶᠠᠷᠢᠯᠴᠠᠬᠤ ᠬᠤᠷᠠᠯ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠦᠨᠳᠦᠰᠦᠨ ᠪᠠᠢ᠌ᠳᠠᠯ ᠪᠣᠯᠣᠨ ᠣᠷᠣᠰᠢᠵᠤ ᠪᠠᠢ᠌ᠭ᠎ᠠ ᠬᠦᠴᠢᠷᠳᠡᠯ᠎ᠢ ᠪᠦᠬᠦ ᠲᠠᠯ᠎ᠠ᠎ᠪᠠᠷ ᠣᠢ᠌ᠯᠠᠭ᠋ᠠᠵᠤ᠂ 《ᠬᠣᠶᠠᠷ᠎ᠲᠤ ᠨᠡᠷ᠎ᠡ ᠮᠡᠳᠡᠭᠦᠯᠬᠦ᠂ ᠬᠣᠶᠠᠷ᠎ᠲᠤ ᠦᠢ᠍ᠯᠡᠴᠢᠯᠡᠬᠦ᠂ ᠬᠣᠶᠠᠷ᠎ᠢ ᠮᠡᠳᠡᠭᠦᠯᠬᠦ》ᠠᠵᠢᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠲᠤᠬᠠᠢ ᠭᠦᠨᠵᠡᠭᠡᠢ ᠰᠣᠯᠢᠯᠴᠠᠵᠠᠢ᠃
ᠠᠵᠢᠯᠯᠠᠭ᠎ᠠ ᠵᠢᠨ ᠳᠤᠮᠳᠠ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠰᠠᠢ᠌ᠨ ᠳᠤᠷ᠎ᠠ ᠵᠢᠨ ᠦᠢ᠍ᠯᠡᠴᠢᠯᠡᠭᠴᠢᠳ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠤᠶ᠎ᠠ》 ᠭᠡᠬᠦ ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ ᠬᠡᠷ᠎ᠲᠤ᠎ᠨᠢ ᠬᠦᠷᠴᠦ ᠤᠬᠠᠭᠤᠯᠬᠤ ᠪᠠ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ ᠵᠡᠷᠭᠡ ᠠᠷᠭ᠎ᠠ᠎ᠪᠠᠷ ᠨᠡᠢ᠌ᠭᠡᠮ ᠲᠣᠭᠣᠷᠢᠭ᠎ᠤᠨ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠮᠡᠳᠡᠯᠭᠡ ᠵᠢ ᠭᠣᠣᠯᠳᠠᠯᠭ᠎ᠠ᠎ᠲᠠᠢ ᠲᠦᠭᠡᠮᠡᠯᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠨᠡᠨ ᠰᠡᠳᠬᠢᠯ᠎ᠠᠴᠠ᠎ᠪᠠᠨ ᠨᠠᠮ᠎ᠤᠨ ᠠᠴᠢ ᠵᠢ ᠮᠡᠳᠡᠷᠡᠨ᠂ ᠨᠠᠮ᠎ᠤᠨ ᠦᠭᠡ ᠵᠢ ᠰᠤᠨᠤᠰᠴᠤ᠂ ᠨᠠᠮ ᠵᠶ᠋ᠠᠨ ᠳᠠᠭ᠋ᠠᠬᠤ ᠲᠡᠢ᠌ᠰᠢ ᠲᠠᠢ᠌ᠴᠢᠯᠠᠨ ᠵᠢᠯᠤᠭᠤᠳᠤᠬᠰᠠᠨ ᠪᠠᠢ᠌ᠨ᠎ᠠ᠃