ᠡᠨᠡ ᠵᠢᠯ᠎ᠤᠨ 9 ᠳ᠋ᠤᠬᠡᠷ ᠰᠠᠷ᠎ᠠ ᠪᠣᠯ 41᠎ᠳᠠᠬᠢ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠣᠨ᠎ᠠ᠂ ᠠᠵᠢᠯᠯᠠᠭ᠎ᠠ ᠵᠢᠨ ᠭᠣᠣᠯ ᠰᠡᠳᠦᠪ᠎ᠨᠢ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠶ᠎ᠠ》 ᠪᠤᠯᠤᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ 9 ᠳ᠋ᠤᠬᠡᠷ ᠰᠠᠷ᠎ᠠ ᠵᠢᠨ 23᠎ᠤ ᠡᠳᠦᠷ᠎ᠤᠨ ᠦᠳᠡ ᠵᠢᠨ ᠬᠣᠢ᠌ᠨ᠎ᠠ ᠲᠣᠰ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠥᠷᠲᠡᠭᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠲᠥᠪ᠎ᠤᠨ 24 ᠨᠠᠮ᠎ᠤᠨ ᠭᠡᠰᠢᠭᠦᠨ ᠺᠠᠳ᠋ᠷ ᠠᠵᠢᠯᠯᠠᠭ᠎ᠠ᠎ᠳᠤ ᠤᠷᠤᠯᠴᠠᠬᠰᠠᠨ ᠪᠠᠢ᠌ᠨ᠎ᠠ᠃

ᠨᠠᠮ᠎ᠤᠨ ᠡᠭᠦᠷ᠎ᠤᠨ ᠱᠦᠵᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ》᠎ᠪᠠᠷ ᠰᠡᠳᠦᠪᠯᠡᠵᠦ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠵᠢᠨ ᠴᠢᠬᠤᠯᠠ ᠠᠴᠢ ᠬᠣᠯᠪᠣᠭᠳᠠᠯ᠂ ᠭᠣᠣᠯ ᠠᠭᠤᠯᠭ᠎ᠠ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠡᠷᠭᠡ ᠭᠤᠷᠪᠠᠨ ᠲᠠᠯ᠎ᠠ᠎ᠠᠴᠠ ᠨᠠᠷᠢᠨ ᠲᠣᠳᠣᠷᠬᠠᠢ ᠦᠬᠦᠯᠡᠯᠡ᠃ ᠣᠨᠴᠠᠭ᠋ᠠᠢ᠌ᠯᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠠᠯ᠎ᠠ ᠵᠢᠨ ᠠᠵᠢᠯ᠎ᠢ ᠨᠠᠢ᠌ᠳᠠᠪᠤᠷᠢᠵᠢᠭᠤᠯᠬᠤ᠎ᠳᠤ ᠴᠢᠭᠯᠡᠭᠦᠯᠦᠨ ᠴᠢᠬᠤᠯᠠᠴᠢᠯᠠᠭᠰᠠᠨ ᠪᠦᠬᠡᠳ᠄ 《ᠨᠠᠮ᠎ᠤᠨ ᠤᠯᠤᠰ ᠲᠦᠷᠦ ᠵᠢᠨ ᠪᠠᠢ᠌ᠭᠤᠯᠭ᠎ᠠ ᠪᠣᠯᠤᠭᠰᠠᠨ᠎ᠤ ᠬᠤᠪᠢ᠎ᠳᠤ ᠵᠠᠪᠠᠯ ᠰᠡᠳᠬᠢᠯ ᠵᠢᠷᠦᠬᠡ᠎ᠪᠠᠨ ᠤᠯᠤᠰ᠎ᠤᠨ ᠲᠣᠮᠣ ᠶᠠᠪᠤᠳᠠᠯ᠎ᠲᠠᠢ ᠬᠣᠯᠪᠣᠵᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠤᠨ ᠤᠯᠤᠰ ᠲᠦᠷᠦ ᠵᠢᠨ ᠤᠬᠠᠮᠰᠠᠷ ᠪᠠ ᠶᠡᠬᠡ ᠲᠠᠯ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠷᠢᠮᠲᠠᠯᠠᠵᠤ ᠲᠠᠨᠭ᠌ᠰᠠᠯᠠᠨ ᠬᠠᠮᠢᠶᠠᠷᠬᠤ᠎ᠲᠠᠢ ᠤᠶᠠᠯᠳᠤᠭᠤᠯᠤᠨ 《ᠲᠠᠨᠭ᠌ᠰᠠᠯᠠᠨ ᠪᠦᠷᠢᠳᠬᠡᠬᠦ ᠪᠣᠭᠣᠮᠲᠠ》᠂ 《ᠠᠵᠢᠯᠯᠠᠭ᠎ᠠ ᠵᠢ ᠬᠢᠨᠠᠨ ᠬᠠᠷᠭᠤᠭᠤᠯᠬᠤ ᠪᠣᠭᠣᠮᠲᠠ》᠂ 《ᠲᠠᠢ᠍ᠢ᠍ᠴᠢᠯᠠᠨ ᠵᠢᠯᠤᠭᠣᠳᠬᠤ ᠪᠣᠭᠣᠮᠲᠠ》᠂ 《ᠴᠢᠳᠠᠪᠤᠷᠢ ᠵᠢᠨ ᠳᠦᠷᠢ ᠲᠥᠷᠬᠦ ᠵᠢᠨ ᠪᠣᠭᠣᠮᠲᠠ》 ᠵᠢ ᠰᠠᠢ᠌ᠲᠤᠷ ᠰᠠᠬᠢᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ᠂ ᠦᠨᠳᠦᠰᠦᠲᠡᠨ᠎ᠤ ᠲᠠᠪᠰᠢᠯᠳᠠ ᠵᠢ ᠠᠬᠢᠭᠤᠯᠬᠤ ᠢᠳᠡᠪᠬᠢ ᠬᠦᠴᠦᠨ ᠪᠣᠯᠭ᠋ᠠᠨ ᠬᠥᠮᠥᠵᠢᠭᠦᠯᠬᠦ᠎ᠪᠠᠷ ᠴᠢᠷᠮᠠᠢ᠌ᠬᠤ ᠬᠡᠷᠡᠭᠲᠡᠢ》 ᠬᠡᠯᠡ᠃
ᠤᠯᠠᠨ ᠵᠶ᠋ᠠᠷ ᠵᠶ᠋ᠠᠨ᠄ 《ᠦᠨᠳᠦᠰᠦᠲᠡᠨ᠎ᠤ ᠪᠦᠯᠬᠦᠮᠳᠡᠯ ᠪᠣᠯ ᠤᠯᠤᠰ ᠣᠷᠣᠨ᠎ᠤ ᠨᠢᠭᠡᠳᠦᠯ ᠪᠠ ᠨᠤᠲᠤᠭ ᠳᠡᠪᠢᠰᠬᠡᠷ᠎ᠤᠨ ᠠᠮᠤᠷ ᠲᠦᠪᠰᠢᠨ᠂ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠪᠠ ᠦᠨᠳᠦᠰᠦᠲᠡᠨ᠎ᠤ ᠰᠡᠷᠭᠦᠨ ᠮᠠᠨᠳᠤᠯᠲᠠ ᠪᠠ ᠠᠷᠠᠳ ᠲᠦᠮᠡᠨ᠎ᠤ ᠠᠵᠠ ᠵᠢᠷᠭ᠋ᠠᠯ ᠪᠠ ᠨᠡᠢ᠌ᠭᠡᠮ᠎ᠤᠨ ᠲᠣᠭᠲᠠᠭᠤᠨ᠎ᠲᠠᠢ ᠬᠤᠯᠪᠤᠬᠳᠠᠬᠰᠠᠨ ᠤᠯᠤᠰ᠎ᠤᠨ ᠲᠣᠮᠣ ᠶᠠᠪᠤᠳᠠᠯ ᠮᠥᠨ᠃ ᠬᠣᠢ᠌ᠰᠢᠳᠠ ᠵᠢᠨ ᠠᠵᠢᠯ᠎ᠤᠨ ᠳᠤᠮᠳᠠ᠎ᠪᠠᠨ ᠪᠠᠭ᠎ᠠ᠎ᠠᠴᠠ ᠭᠠᠷᠳᠠᠵᠤ ᠵᠠᠪᠠᠯ ᠶᠡᠬᠡ ᠲᠠᠯ᠎ᠠ᠎ᠠᠴᠠ ᠪᠣᠳᠣᠯᠬᠢᠯᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠡᠮᠵᠢᠶ᠎ᠡ᠎ᠪᠠᠷ ᠶᠡᠬᠡ᠂ ᠬᠡᠪᠴᠢᠶ᠎ᠡ᠎ᠪᠠᠷ ᠥᠷᠭᠡᠨ᠂ ᠦᠷᠳᠡᠭ ᠵᠶ᠋ᠡᠷ ᠤᠯᠠᠨ ᠡᠰᠢᠴᠢᠯᠡᠭᠰᠡᠨ ᠣᠨᠴᠠᠯᠢᠭ᠎ᠲᠠᠢ ᠤᠶᠠᠯᠳᠤᠭᠤᠯᠤᠨ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠢ᠌ᠲᠤᠷ ᠶᠠᠷᠢᠵᠤ ᠪᠦᠯᠬᠦᠮᠳᠡᠯ᠎ᠢ ᠬᠠᠮᠠᠭ᠋ᠠᠯᠠᠬᠤ ᠶᠠᠪᠤᠳᠠᠯ᠎ᠢ ᠢᠯᠡᠭᠦᠬᠡᠨ ᠬᠢᠵᠦ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ ᠡᠨᠡ ᠬᠦ᠌ ᠠᠯᠳᠠᠨ ᠦᠰᠦᠭᠲᠦ ᠫᠠᠢ᠌ᠰᠠ ᠵᠢ ᠦᠷᠭᠦᠯᠵᠢᠯᠡᠨ ᠭᠡᠷᠡᠯᠳᠦᠬᠦᠯᠬᠦ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠦᠴᠦᠨ ᠢ ᠡᠷᠬᠦᠨ᠎ᠡ》 ᠬᠡᠵᠡᠬᠡᠪᠡ᠃