ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠤᠶ᠎ᠠ
ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠡᠵᠡᠨ ᠬᠥᠮᠦᠨ᠎ᠤ ᠵᠢᠳᠬᠦᠯ ᠴᠢᠷᠮᠠᠢ᠌ᠯᠭ᠎ᠠ ᠭᠠᠷᠭ᠋ᠠᠶ᠎ᠠ
ᠨᠡᠶᠢᠲᠡᠯᠡᠭᠰᠡᠨ ᠴᠠᠭ᠄ 2025-03-26

       — ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ   ᠦᠷᠨᠢᠭᠦᠯᠪᠡ
                                               
    《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢ ᠪᠠᠳᠠᠷᠠᠭᠤᠯᠵᠤ᠂ ᠪᠡᠶ᠎ᠡ ᠵᠢᠨ ᠲᠠᠮᠢᠷ᠎ᠤᠨ ᠲᠥᠷᠥᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠪᠠ ᠲᠤᠬᠠᠶ᠋ᠢᠯᠠᠭᠰᠠᠨ ᠠᠵᠢᠯ᠎ᠤᠨ ᠣᠷᠭ᠋ᠠᠨᠢᠭ ᠤᠶᠠᠯᠳᠤᠯ᠂ ᠵᠢᠷᠤᠮᠵᠢᠯ᠎ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ᠎ᠬᠢᠨ  ᠎ᠨᠢ 2 ᠳ᠋ᠤᠭ᠋ᠠᠷ ᠰᠠᠷ᠎ᠠ ᠵᠢᠨ 27᠎ᠤ ᠡᠳᠦᠷ ᠦᠪᠤᠷ ᠮᠤᠡᠭᠭᠤᠯ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ ᠵᠡᠷᠭᠡ 3 ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ 《ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠬᠠᠷᠢᠭᠤᠴᠠᠯᠭ᠎ᠠ   ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠨ ᠰᠢᠨ᠎ᠡ ᠬᠠᠭᠤᠳᠠᠰᠤ ᠵᠢ ᠪᠢᠴᠢᠭᠯᠡᠬᠦ》 ᠬᠤᠶᠠᠷ᠎ᠢ ᠠᠬᠢᠭᠤᠯᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠬᠠᠮᠢᠶ᠎ᠠ ᠪᠥᠬᠥᠶ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠋ᠠᠲᠠᠨ ᠪᠠ ᠨᠠᠮ᠎ᠤᠨ ᠠᠵᠢᠯᠲᠠᠨ᠎ᠤ ᠲᠥᠯᠥᠭᠡᠯᠡᠭᠴᠢ   ᠵᠡᠷᠭᠡ 82 ᠨᠥᠬᠥᠳ ᠠᠵᠢᠯᠯᠠᠭ᠎ᠠ᠎ᠳᠤ ᠣᠷᠣᠯᠴᠠᠵᠠᠶ᠃
    ᠠᠵᠢᠯᠯᠠᠭ᠎ᠠ ᠎ᠨᠢ ᠲᠤᠰᠬᠠᠢ ᠰᠡᠳᠦᠪᠲᠦ ᠨᠠᠮ᠎ᠤᠨ ᠬᠢᠴᠢᠶᠡᠯ᠂ ᠦᠢ᠍ᠯᠡᠳᠦᠯᠭᠡ ᠎ᠪᠠᠷ ᠳᠠᠮᠵᠢᠨ   ᠤᠢ᠌ᠯᠠᠭ᠋ᠠᠬᠤ᠂   ᠶᠠᠷᠢᠯᠴᠠᠵᠤ ᠰᠠᠨᠠᠯ ᠵᠶ᠋ᠠᠨ ᠰᠣᠯᠢᠯᠴᠠᠬᠤ ᠬᠡᠯᠪᠡᠷᠢ᠎ᠪᠠᠷ ᠶᠠᠪᠤᠭᠳᠠᠵᠠᠢ᠃ ᠨᠠᠮ᠎ᠤᠨ ᠬᠢᠴᠢᠶᠡᠯ ᠳᠡᠭᠡᠷ᠎ᠡ᠂ ᠲᠠᠢ᠍ᠢ᠍ᠨ᠎ᠤ ᠦᠶ᠎ᠡ ᠎ᠳᠤ ᠨᠢᠭᠡᠳᠦᠭᠡᠷ ᠳᠡᠰ᠎ᠤᠨ ᠭᠠᠪᠢᠶ᠎ᠠ   ᠪᠠᠢ᠌ᠭᠤᠯᠤᠭᠰᠠᠨ᠂ ᠨᠢᠭᠡᠳᠦᠭᠡᠷ ᠳᠡᠰ᠎ᠤᠨ ᠵᠡᠮᠳᠡᠭ ᠴᠡᠷᠢᠭ ᠂ ᠠᠯᠪᠠᠨ ᠴᠡᠷᠢᠭ ᠎ᠤᠨ ᠪᠠᠭ᠋ᠠᠲᠤᠷ ᠵᠢᠱ᠌ᠢᠶᠡᠴᠢ ᠵᠢᠨ ᠲᠥᠯᠥᠭᠡᠯᠡᠭᠴᠢ ᠸᠠᠩ ᠱᠤᠤ ᠭᠤᠸᠠᠩ ᠨᠥᠬᠥᠷ 《ᠴᠡᠷᠢᠭ᠎ᠤᠨ ᠬᠤᠪᠴᠠᠰᠤ ᠪᠤᠯ ᠠᠮᠢᠨ ᠰᠦᠨᠡᠰᠤ》 ᠭᠡᠬᠦ ᠰᠡᠳᠦᠪ ᠵᠶ᠋ᠠᠷ ᠪᠠᠶ᠋ᠢᠯᠳᠤᠭ᠋ᠠᠨ᠎ᠳᠤ ᠵᠣᠯ ᠪᠤᠰᠤ᠎ᠪᠠᠷ ᠰᠢᠷᠬᠠᠲᠤᠵᠤ᠂ ᠬᠣᠶᠠᠷ ᠬᠦᠯ ᠪᠠ ᠪᠠᠷᠠᠭᠤᠨ ᠭᠠᠷ᠎ᠤᠨ ᠳᠤᠮᠳᠠ ᠬᠤᠷᠤᠭᠤ᠎ᠪᠠᠨ ᠠᠯᠳᠠᠭᠰᠠᠨ᠂   ᠬᠦᠯ ᠵᠡᠮᠳᠡᠭ ᠪᠤᠯᠤᠭᠰᠠᠨ᠂ ᠤᠯᠠᠨ ᠤᠳᠠᠭ᠎ᠠ ᠮᠡᠰᠡ ᠵᠠᠰᠠᠯ ᠬᠢᠭᠰᠡᠨ᠎ᠤ ᠳᠠᠷᠠᠭ᠎ᠠ ᠬᠢᠮᠡᠯ ᠮᠥᠴᠢ ᠲᠠᠭ᠋ᠠᠷᠠᠭᠤᠯᠵᠤ ᠲᠠᠬᠢᠨ ᠪᠣᠰᠴᠤ ᠵᠣᠭᠰᠣᠭᠰᠠᠨ ᠰᠡᠳᠬᠢᠯ᠎ᠢ ᠬᠥᠳᠡᠯᠭᠡᠮ᠎ᠡ ᠦᠢ᠍ᠯᠡ ᠠᠵᠢᠯᠯᠠᠭ᠎ᠠ᠎ᠪᠠᠨ   ᠶᠠᠷᠢᠵᠠᠢ᠂   ᠡᠨᠡ᠎ᠨᠢ   ᠲᠡᠭᠦᠨ᠎ᠤ   ᠴᠦᠬᠦᠷᠡᠰᠢ ᠦᠭᠡᠢ   ᠴᠢᠷᠮᠠᠢ᠌ᠬᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠬᠤ᠂ ᠰᠢᠨᠲᠠᠷᠠᠰᠢ ᠦᠭᠡᠢ ᠲᠡᠮᠡᠴᠡᠬᠦ ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠢᠯᠡᠷᠡᠭᠦᠯᠵᠦ᠂   ᠴᠡᠷᠢᠭ ᠬᠥᠮᠦᠨ᠎ᠤ ᠡᠬᠡ ᠤᠯᠤᠰ ᠪᠠ ᠠᠷᠠᠳ ᠲᠦᠮᠡᠨ ᠎ᠳᠤ᠎ᠪᠠᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ ᠪᠠᠶ᠋ᠢᠬᠤ ᠵᠢ ᠢᠯᠡᠷᠡᠭᠦᠯᠪᠡ᠃ ᠳᠠᠷᠠᠭ᠎ᠠ ᠎ᠳᠤ᠎ᠨᠢ ᠣᠯᠠᠨ ᠵᠶ᠋ᠠᠷ ᠵᠶ᠋ᠠᠨ   ᠠᠳᠤᠭᠤᠨ ᠰᠣᠶᠣᠯ ᠤᠷᠠᠯᠢᠭ᠎ᠤᠨ ᠦᠵᠡᠰᠬᠦᠯᠡᠩ᠎ᠤᠨ ᠣᠷᠳᠣᠨ᠎ᠢ ᠲᠣᠭᠣᠷᠢᠨ ᠦᠵᠡᠵᠦ᠂ ᠮᠣᠩᠭᠣᠯ ᠮᠣᠷᠢᠨ᠎ᠤ ᠵᠣᠷᠢᠭ ᠰᠠᠨᠠᠭ᠋ᠠᠨ᠎ᠤ ᠠᠭᠤᠯᠬᠤᠨ᠎ᠤ ᠲᠤᠬᠠᠶ ᠣᠶ᠋ᠢᠯᠠᠭ᠋ᠠᠯᠲᠠ ᠪᠠ ᠲᠠᠨᠢᠯᠲᠠ᠎ᠪᠠᠨ ᠤᠯᠠᠮ ᠭᠦᠨᠵᠡᠭᠡᠶ᠋ᠢᠷᠡᠭᠦᠯᠵᠡᠶ᠃ ᠬᠠᠮᠤᠭ᠎ᠤᠨ ᠰᠡᠭᠦᠯ᠎ᠳᠤ᠎ᠨᠢ᠂ ᠤᠯᠠᠨ ᠵᠶ᠋ᠠᠷ ᠵᠶ᠋ᠠᠨ 《ᠪᠡᠶ᠎ᠡ ᠵᠢᠨ ᠲᠠᠮᠢᠷ᠎ᠤᠨ ᠲᠦᠷᠦᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠳᠦᠷᠢᠮᠵᠢᠭᠦᠯᠦᠨ ᠵᠤᠬᠢᠶᠠᠨ ᠪᠠᠢ᠌ᠭᠤᠯᠵᠤ ᠴᠢᠨᠠᠷᠯᠢᠭ ᠬᠥᠭᠵᠢᠯᠲᠡ ᠵᠢ ᠠᠬᠢᠭᠤᠯᠬᠤ》 ᠲᠤᠬᠠᠢ ᠰᠠᠨᠠᠯ ᠵᠶ᠋ᠠᠨ ᠰᠣᠯᠢᠯᠴᠠᠬᠤ ᠬᠤᠷᠠᠯ ᠬᠢᠵᠦ᠂ ᠥᠪᠥᠷ ᠮᠣᠩᠭᠣᠯ᠎ᠤᠨ   ᠳᠠᠶᠠᠭ᠋ᠠᠷ ᠮᠤᠷᠢᠨ ᠮᠡᠷᠭᠡᠵᠢᠯ᠎ᠤᠨ ᠨᠡᠶ᠋ᠢᠭᠡᠮᠯᠢᠭ᠂ ᠳᠤᠭᠤᠢ ᠲᠡᠷᠭᠡᠨ᠎ᠤ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠵᠡᠷᠭᠡ 5 ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ  ᠎ᠨᠢ ᠦᠪᠡᠷ᠎ᠤᠨ ᠠᠵᠢᠯ᠎ᠤᠨ ᠪᠠᠢ᠌ᠳᠠᠯ᠎ᠲᠠᠢ᠎ᠪᠠᠨ ᠤᠶᠠᠯᠳᠤᠭᠤᠯᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠡᠶ᠋ᠢᠭᠡᠮᠴᠢᠯᠡᠯᠲᠡ ᠵᠢ ᠬᠡᠷᠬᠢᠨ ᠠᠬᠢᠭᠤᠯᠬᠤ᠂ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ   ᠠᠬᠢᠭᠤᠯᠬᠤ᠂ ᠮᠥᠰᠥ ᠴᠠᠰᠤᠨ ᠦᠢ᠍ᠯᠡᠰ᠎ᠤᠨ ᠬᠡᠷᠡᠭᠯᠡᠭᠡ ᠵᠢ ᠠᠬᠢᠭᠤᠯᠬᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ᠎ᠢ ᠬᠥᠭᠵᠢᠭᠡᠬᠦ ᠲᠤᠬᠠᠢ   ᠦᠵᠡᠯᠲᠡ᠎ᠪᠠᠨ   ᠲᠤᠷᠠᠳᠪᠠ᠃
    ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ   ᠲᠤᠪᠴᠢᠶ᠎ᠠ ᠵᠢᠨ ᠬᠠᠷᠢᠭᠤᠴᠠᠯᠭ᠋ᠠᠲᠠᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠵᠢᠷᠤᠮᠵᠢᠭᠤᠯᠬᠤ ᠪᠠᠶ᠋ᠢᠭᠤᠯᠤᠯᠲᠠ᠎ᠨᠢ ᠨᠠᠮ᠎ᠤᠨ ᠪᠠᠶ᠋ᠢᠭᠤᠯᠤᠯᠲᠠ᠂ ᠳᠣᠲᠣᠭ᠋ᠠᠳᠤ ᠵᠢᠨ ᠵᠠᠰᠠᠯᠲᠠ᠂ ᠠᠵᠢᠯᠯᠠᠭ᠎ᠠ ᠥᠷᠨᠢᠭᠦᠯᠬᠦ᠂ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠤᠯᠠᠨ ᠲᠠᠯ᠎ᠠ᠎ᠠᠴᠠ ᠭᠠᠷᠳᠠᠵᠤ ᠯᠠᠪᠳᠠᠭᠤᠨ᠂   ᠪᠠᠲᠤᠲᠠᠢ᠂ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ᠎ᠢ ᠪᠠᠳᠠᠷᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ   ᠪᠠᠷᠢᠮᠲᠠᠯᠠᠨ᠂ ᠳᠤᠲᠠᠭᠳᠠᠯ ᠵᠶ᠋ᠠᠨ ᠪᠠᠶ᠋ᠢᠴᠠᠭ᠋ᠠᠨ ᠨᠥᠬᠥᠪᠥᠷᠢᠯᠡᠵᠦ᠂   ᠳᠠᠪᠠᠭᠤᠯᠢᠭ ᠵᠶ᠋ᠠᠨ ᠪᠠᠳᠠᠷᠠᠭᠤᠯᠤᠨ 《ᠤᠯᠤᠰ ᠣᠷᠣᠨ᠎ᠳᠤ ᠦᠢ᠍ᠯᠡᠴᠢᠯᠡᠬᠦ᠂ ᠨᠡᠢ᠌ᠬᠡᠮ᠎ᠤᠨ᠎ᠬᠢᠨ᠎ᠳᠤ ᠦᠢ᠍ᠯᠡᠴᠢᠯᠡᠬᠦ᠂ ᠣᠯᠠᠨ ᠲᠦᠮᠡᠨ᠎ᠳᠤ ᠦᠢ᠍ᠯᠡᠴᠢᠯᠡᠬᠦ᠂ ᠠᠵᠢᠯ ᠲᠥᠷᠥᠯ᠎ᠳᠤ ᠦᠢ᠍ᠯᠡᠴᠢᠯᠡᠬᠦ》 ᠦᠢ᠍ᠯᠡᠳᠦᠯ᠎ᠢ ᠭᠦᠢ᠍ᠴᠡᠳ   ᠪᠠᠳᠠᠷᠠᠭᠤᠯᠤᠨ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠡᠷᠡᠭᠦᠯ ᠪᠥᠭᠡᠳ   ᠵᠢᠷᠤᠮᠵᠢᠭᠤᠨ ᠬᠦᠭᠵᠢᠯᠲᠡ ᠵᠢ ᠠᠬᠢᠭᠤᠯᠤᠨ᠎ᠠ   ᠭᠡᠵᠤ   ᠢᠯᠡᠷᠬᠡᠢ᠌ᠯᠡᠪᠡ᠃



  ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠳᠡᠯᠤᠬᠡ ᠪᠤᠭᠤᠷᠤᠯᠴᠤᠳ᠎ᠤᠨ ᠲᠦᠯᠤᠬᠡ ᠰᠡᠳᠬᠢᠯ ᠲᠠᠯᠪᠢᠵᠤ ᠦᠳᠡᠯᠤᠬᠡ ᠪᠤᠭᠤᠷᠤᠯᠴᠤᠳ᠎ᠢ ᠬᠠᠢ᠌ᠷ᠎ᠠ᠎ᠪᠠᠷ ᠲᠤᠯᠠᠭ᠋ᠠᠯᠠᠵᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠨᠢᠭᠡᠳᠦᠭᠡᠷ ᠪᠦᠯᠦᠭ ᠶᠡᠷᠦᠩᠬᠡᠢ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠬᠣᠶᠠᠳᠤᠭ᠋ᠠᠷ ᠪᠦᠯᠦᠭ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠳᠤᠬᠡᠨ ᠪᠠᠢ᠌ᠭᠤᠯᠬᠤ ᠲᠦᠷᠢᠮ — ᠭᠤᠷᠪᠠᠳᠤᠭ᠋ᠠᠷ ᠪᠦᠯᠦᠭ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠢᠱ᠌ᠢᠶᠡᠴᠢ ᠦᠪᠡᠷᠳᠡᠬᠡᠨ ᠵᠠᠰᠠᠬᠤ ᠤᠷᠤᠨ᠎ᠢ ᠪᠦᠬᠦ ᠲᠠᠯ᠎ᠠ᠎ᠪᠠᠷ ᠪᠦᠳᠤᠬᠡᠨ ᠪᠠᠢ᠌ᠭᠤᠯᠬᠤ ᠵᠢ ᠠᠬᠢᠭᠤᠯᠬᠤ ᠲᠦᠷᠢᠮ》 ᠳᠥᠷᠪᠡᠳᠦᠭᠡᠷ ᠪᠦᠯᠦᠭ ᠰᠣᠶᠣᠯ᠎ᠤᠨ ᠪᠠᠢ᠌ᠭᠤᠯᠤᠯᠲᠠ
 
            