ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ᠄ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ᠎ᠤ ᠢᠳᠡᠪᠬᠢᠳᠡᠢ᠎ᠪᠠᠷ ᠤᠷᠤᠯᠴᠠᠬᠤ ᠵᠢ ᠵᠤᠷᠢᠭᠵᠢᠭᠤᠯᠤᠨ᠎ᠠ ᠭᠡᠪᠡ
ᠨᠡᠶᠢᠲᠡᠯᠡᠭᠰᠡᠨ ᠴᠠᠭ᠄ 2018-11-15

                 
      ᠶᠡᠷᠦᠩᠭᠡᠢ ᠰᠠᠢ᠌ᠳ ᠯᠢ ᠺᠸ ᠴᠢᠶᠠᠩ 11 ᠳ᠋ᠤᠭᠡᠷ ᠰᠠᠷ᠎ᠠ ᠵᠢᠨ 9᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠢᠵᠤ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ ᠢᠯᠠᠩᠭᠤᠶ᠎ᠠ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠴᠤᠭᠯᠠᠭᠤᠯᠬᠤ᠎ᠳᠤ ᠬᠦᠴᠢᠷ ᠠᠰᠠᠭᠤᠳᠠᠯ᠎ᠤᠨ ᠨᠠᠮᠳᠠᠭᠤᠯᠬᠤ ᠵᠢ ᠶᠠᠷᠢᠯᠴᠠᠵᠠᠢ᠃
      ᠯᠢ ᠺᠸ ᠴᠢᠶᠠᠩ᠄ 《ᠠ᠋ᠨᠡᠬᠦ ᠠᠵᠢᠯ ᠪᠤᠯ ᠬᠤᠷᠸ᠎ᠠ ᠠᠵᠤ ᠠᠬᠤᠢ ᠵᠢᠨ ᠶᠡᠭᠡ ᠳᠡᠯ᠎ᠡ ᠵᠢ ᠳᠤᠭᠳᠠᠭᠤᠨ ᠪᠠᠢ᠌ᠯᠭ᠋ᠠᠬᠤ᠂ ᠵᠠᠬ᠎ᠠ ᠳᠡᠯᠭᠡᠬᠦᠷ᠎ᠢ ᠵᠦᠪ ᠵᠢᠱ᠌ᠢᠬᠦ᠎ᠳᠤ ᠬᠤᠯᠪᠤᠭᠳᠠᠬᠤ ᠠᠵᠢᠯ ᠪᠤᠯᠬᠤᠷ ᠠ᠋ᠷᠭᠡᠪᠰᠢ ᠳᠡᠭᠡᠳᠤ ᠭᠡᠮᠵᠢᠶ᠎ᠡ᠎ᠪᠠᠷ ᠴᠢᠬᠤᠯᠠᠴᠢᠯᠠᠬᠤ ᠭᠡᠷᠡᠭᠳᠡᠢ᠃ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ ᠢᠳᠡᠪᠬᠢᠳᠡᠢ᠎ᠪᠠᠷ ᠤᠷᠤᠯᠴᠠᠬᠤ ᠵᠢ ᠳᠡᠮᠵᠢᠨ ᠵᠤᠷᠢᠭᠵᠢᠭᠤᠯᠤᠨ᠎ᠠ》 ᠭᠡᠵᠤ ᠭᠡᠯᠡᠪᠡ᠃
      ᠯᠢ ᠺᠸ ᠴᠢᠶᠠᠩ᠄ 《ᠠᠵᠤ ᠠᠬᠤᠢ᠌ᠯᠠᠯ᠎ᠤᠨ ᠵᠢᠭᠡᠯᠡᠯᠭᠡ ᠠᠪᠬᠤ ᠭᠡᠷᠡᠭᠴᠡᠭᠡ ᠳᠦᠢ᠍ᠯ᠎ᠤᠨ ᠶᠡᠭᠡ ᠪᠠᠢ᠌ᠳᠠᠭ᠎ᠨᠢ ᠶᠠᠷᠢᠶᠠᠨ ᠦᠭᠡᠢ᠂ ᠭᠡᠬᠦ᠎ᠳᠤ ᠵᠢᠭᠡᠯᠡᠯᠭᠡ ᠠᠪᠬᠤ ᠭᠡᠷᠡᠭᠴᠡᠭᠡ᠎ᠲᠠᠢ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠂ ᠢᠯᠠᠩᠭᠤᠶ᠎ᠠ ᠪᠠᠭ᠎ᠠ ᠵᠢᠵᠢᠭ ᠠᠵᠤ ᠠᠬᠤᠢ᠌ᠯᠠᠯ ᠵᠢᠭᠡᠯᠡᠯᠭᠡ ᠤᠯᠵᠤ ᠳᠡᠢ᠌ᠯᠬᠦ ᠦᠭᠡᠢ ᠭᠠᠴᠢᠭᠳᠠᠵᠤ ᠪᠠᠢ᠌ᠨ᠎ᠠ᠃ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠵᠢᠭᠡᠯᠡᠯᠭᠡ ᠦᠭᠬᠦ ᠵᠢ ᠵᠦᠪᠰᠢᠶᠡᠷᠡᠬᠦ ᠨᠦᠬᠦᠴᠡᠯ ᠴᠢᠩᠭ᠎ᠠ ᠪᠠᠢ᠌ᠳᠠᠭ᠎ᠨᠢ ᠪᠠᠰᠠ ᠦᠪᠡᠷ᠎ᠤᠨ ᠤᠴᠢᠷ ᠰᠢᠯᠳᠠᠭ᠋ᠠᠨ᠎ᠲᠠᠢ ᠶᠤᠮ᠃ ᠵᠠᠷᠢᠮ᠎ᠨᠢ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠢᠭᠡᠯᠡᠯᠭᠡ ᠦᠭᠬᠦ ᠳᠤᠷ᠎ᠠ ᠦᠭᠡᠢ ᠪᠤᠶᠤ ᠦᠭᠴᠤ ᠴᠢᠳᠠᠬᠤ ᠦᠭᠡᠢ᠂ ᠭᠡᠷᠡᠭ ᠤᠴᠢᠷ ᠠᠷᠪᠢᠳᠴᠤ᠂ ᠠᠶᠤᠯ ᠳᠦᠭᠰᠢᠬᠦᠷᠢ᠎ᠳᠤ ᠳᠤᠯᠭ᠋ᠠᠷᠠᠨ ᠬᠠᠷᠢᠭᠤᠴᠠᠯᠭ᠎ᠠ ᠠ᠋ᠬᠦᠷᠭᠡᠯᠡᠬᠦ᠎ᠠᠴᠠ ᠠᠶᠤᠳᠠᠭ ᠪᠠᠢ᠌ᠨ᠎ᠠ᠃ ᠠ᠋ᠢ᠌ᠮᠦᠷᠬᠦ ᠦᠵᠡᠯ ᠰᠠᠨᠠᠭ᠎ᠠ᠎ᠲᠠᠢ ᠪᠠᠢ᠌ᠪᠠᠯ ᠮᠦᠩᠬᠦᠨ ᠬᠦᠢ᠍ᠯᠭᠡᠭᠡᠨ᠎ᠤ ᠳᠠᠮᠵᠢᠭᠤᠯᠬᠤ ᠳᠤᠭᠳᠠᠴᠠ ᠵᠢᠨ ᠰᠠᠭ᠋ᠠᠳ ᠦᠭᠡᠢ ᠪᠠᠢ᠌ᠬᠤ ᠵᠢ ᠭᠡᠷᠬᠢᠨ ᠪᠠᠳᠤᠯᠠᠵᠤ ᠴᠢᠳᠠᠬᠤ ᠪᠤᠢ?》 ᠭᠡᠵᠤ ᠭᠡᠯᠡᠪᠡ᠃
      ᠶᠡᠷᠦᠩᠭᠡᠢ ᠰᠠᠢ᠌ᠳ ᠯᠢ ᠺᠸ ᠴᠢᠶᠠᠩ᠂ ᠳᠠᠷᠠᠭ᠋ᠠᠴᠢ᠎ᠪᠠᠷ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠂ ᠪᠠᠭ᠎ᠠ ᠵᠢᠵᠢᠭ ᠠᠵᠤ ᠠᠬᠤᠢ᠌ᠯᠠᠯ᠎ᠢ ᠳᠡᠮᠵᠢᠬᠦ ᠬᠦᠴᠦᠨ ᠵᠶ᠋ᠡᠨ ᠨᠡᠮᠡᠭᠳᠡᠬᠦᠯᠵᠤ᠂ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ ᠵᠡᠷᠭᠡ ᠡᠯ᠎ᠡ ᠳᠦᠷᠦᠯ᠎ᠤᠨ ᠠᠵᠤ ᠠᠬᠤᠢ᠌ᠯᠠᠯ᠎ᠳᠤ ᠠᠳᠠᠯᠢ ᠳᠡᠭᠰᠢ᠎ᠪᠠᠷ ᠬᠠᠨᠳᠤᠨ᠂ ᠪᠡᠯᠡ ᠴᠤᠭᠯᠠᠭᠤᠯᠬᠤ ᠵᠠᠮ ᠱᠤᠭᠤᠮ᠎ᠢ᠎ᠨᠢ ᠦᠷᠭᠡᠳᠭᠡᠵᠤ᠂ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠳᠤᠳᠤᠭ᠋ᠠᠳᠤ ᠵᠢᠨ ᠬᠦᠳᠡᠯᠭᠡᠬᠦ ᠬᠦᠴᠦᠨ᠎ᠢ ᠠᠮᠢᠳᠤᠯᠢᠭᠵᠢᠭᠤᠯᠵᠤ᠂ ᠵᠢᠭᠡᠯᠡᠯᠭᠡ ᠦᠭᠬᠦ ᠳᠤᠷ᠎ᠠ ᠦᠭᠡᠢ᠂ ᠵᠢᠭᠡᠯᠡᠯᠭᠡ ᠦᠭᠬᠦ ᠵᠤᠷᠢᠭ ᠦᠭᠡᠢ ᠠᠰᠠᠭᠤᠳᠠᠯ᠎ᠢ ᠰᠢᠢ᠍ᠳᠪᠤᠷᠢᠯᠡᠬᠦ ᠭᠡᠷᠡᠭᠳᠡᠢ᠃ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢ ᠵᠢᠯᠤᠭᠤᠳᠤᠨ ᠢᠳᠡᠭᠡᠮᠵᠢ ᠤᠯᠭᠤᠬᠤ ᠵᠢ ᠬᠢᠨᠠᠨ ᠵᠦᠪᠰᠢᠶᠡᠷᠡᠬᠦ ᠠ᠋ᠷᠭᠡ ᠵᠢ ᠵᠤᠬᠢᠬᠤ ᠭᠡᠮᠵᠢᠶ᠎ᠡ᠎ᠪᠠᠷ ᠳᠤᠷᠤᠭᠰᠢ ᠳᠠᠯᠪᠢᠵᠤ᠂ ᠪᠠᠭ᠎ᠠ ᠵᠢᠵᠢᠭ ᠠᠵᠤ ᠠᠬᠤᠢ᠌ᠯᠠᠯ᠎ᠤᠨ ᠵᠢᠭᠡᠯᠡᠯᠭᠡ ᠠᠪᠬᠤ ᠳᠤᠬᠠᠢ᠌ᠯᠠᠭᠰᠠᠨ ᠠᠵᠢᠯ ᠬᠢᠭᠡᠳ ᠳᠤᠳᠤᠭ᠋ᠠᠳᠤ ᠵᠢᠨ ᠬᠢᠨᠠᠨ ᠰᠢᠯᠭ᠋ᠠᠯᠳᠠ᠂ ᠬᠦᠯᠦᠰᠤ ᠤᠯᠭᠤᠮᠵᠢ ᠵᠡᠷᠭᠡ ᠵᠢ ᠬᠤᠯᠪᠤᠨ᠂ ᠪᠠᠭ᠎ᠠ ᠵᠢᠵᠢᠭ ᠠᠵᠤ ᠠᠬᠤᠢ᠌ᠯᠠᠯ᠎ᠳᠤ ᠵᠢᠭᠡᠯᠡᠯᠭᠡ ᠳᠠᠯᠪᠢᠭᠰᠠᠨ ᠰᠠᠭᠤᠷᠢ ᠳᠤᠭ᠎ᠠ᠎ᠨᠢ ᠶᠡᠭᠡ᠂ ᠡᠵᠡᠯᠡᠬᠦ ᠬᠠᠷᠢᠴᠠᠯ᠎ᠨᠢ ᠦᠨᠳᠦᠷ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ᠎ᠳᠤ ᠬᠢᠨᠠᠨ ᠬᠠᠮᠢᠶᠠᠷᠤᠯᠳᠠ ᠵᠢᠨ ᠳᠠᠯ᠎ᠠ᠎ᠪᠠᠷ ᠵᠤᠷᠢᠭᠵᠢᠭᠤᠯᠤᠯ ᠦᠭᠬᠦ ᠭᠡᠷᠡᠭᠳᠡᠢ᠃ ᠭᠤᠤᠯᠳᠠᠯᠭ᠎ᠠ᠎ᠲᠠᠢ ᠬᠤᠳᠠᠯᠳᠤᠭ᠋ᠠᠨ᠎ᠤ ᠪᠠᠩᠬᠢ᠎ᠠᠴᠠ ᠪᠠᠭ᠎ᠠ ᠵᠢᠵᠢᠭ ᠠᠵᠤ ᠠᠬᠤᠢ᠌ᠯᠠᠯ᠎ᠳᠤ ᠳᠠᠯᠪᠢᠬᠤ ᠵᠢᠭᠡᠯᠡᠯᠭᠡ ᠵᠢᠨ ᠳᠡᠭᠰᠢᠳᠭᠡᠭᠰᠡᠨ ᠬᠦᠤ ᠮᠦᠩᠬᠦ ᠵᠢᠨ ᠳᠦᠷᠪᠡᠳᠤᠭᠡᠷ ᠤᠯᠠᠷᠢᠯ᠎ᠤᠨ᠎ᠬᠢ ᠵᠢ ᠨᠢᠭᠡᠳᠤᠭᠡᠷ ᠤᠯᠠᠷᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠡᠷ ᠨᠢᠭᠡ ᠬᠤᠪᠢ ᠳᠤᠤᠷ᠎ᠠ ᠪᠠᠢ᠌ᠯᠭ᠋ᠠᠵᠤ᠂ ᠵᠦᠢ ᠵᠤᠬᠢᠰ ᠦᠭᠡᠢ᠎ᠪᠠᠷ ᠵᠢᠭᠡᠯᠡᠯᠭᠡ᠎ᠪᠠᠨ ᠬᠤᠷᠢᠶᠠᠨ ᠠᠪᠬᠤ ᠪᠠ ᠳᠠᠰᠤᠯᠳᠠᠭᠤᠯᠬᠤ ᠵᠢ ᠵᠠᠰᠠᠨ ᠴᠡᠭᠴᠡᠯᠡᠵᠤ᠂ ᠪᠡᠯᠡ ᠴᠤᠭᠯᠠᠭᠤᠯᠬᠤ᠎ᠳᠤ ᠵᠤᠬᠢᠴᠠᠬᠤ ᠦᠭᠡᠢ ᠭᠤᠭᠴᠤᠭ᠎ᠠ ᠪᠤᠶᠤ ᠨᠡᠮᠡᠯᠳᠡ ᠵᠠᠷᠤᠳᠠᠯ᠎ᠢ ᠦᠭᠡᠢ᠌ᠰᠭᠡᠬᠦ ᠭᠡᠷᠡᠭᠳᠡᠢ ᠭᠡᠵᠤ ᠱᠠᠭ᠋ᠠᠷᠳᠠᠪᠠ᠃
      ᠳᠤᠰ ᠠ᠋ᠳᠤᠷ᠎ᠤᠨ ᠬᠤᠷᠠᠯ᠎ᠠᠴᠠ᠂ ᠪᠡᠯᠡ ᠴᠤᠭᠯᠠᠭᠤᠯᠬᠤ᠎ᠳᠤ ᠵᠠᠰᠠᠭ᠎ᠤᠨ ᠤᠷᠳᠤᠨ᠎ᠤ ᠴᠢᠨᠠᠷ᠎ᠲᠠᠢ ᠳᠠᠭ᠋ᠠᠭ᠋ᠠᠴᠢᠯᠠᠨ ᠪᠠᠳᠤᠠᠯᠯᠳᠠ ᠬᠢᠬᠦ ᠦᠢ᠍ᠯᠡᠳᠤᠯ᠎ᠢ ᠤᠯᠠᠮ ᠰᠠᠢ᠌ᠨ ᠪᠠᠳᠠᠷᠠᠭᠤᠯᠵᠤ᠂ ᠮᠦᠩᠬᠦᠨ ᠬᠦᠢ᠍ᠯᠭᠡᠭᠡ᠎ᠪᠠᠷ ᠪᠠᠭ᠎ᠠ ᠵᠢᠵᠢᠭ ᠠᠵᠤ ᠠᠬᠤᠢ᠌ᠯᠠᠯ ᠪᠤᠯᠤᠨ ᠬᠦᠳᠡᠭᠡ ᠠᠵᠤ ᠠᠬᠤᠢ᠂ ᠬᠦᠳᠡᠭᠡ ᠳᠤᠰᠬᠤᠨ᠂ ᠳᠠᠷᠢᠶᠠᠴᠢᠨ᠎ᠢ ᠰᠠᠢ᠌ᠳᠤᠷ ᠳᠡᠮᠵᠢᠬᠦ ᠭᠡᠷᠡᠭᠳᠡᠢ ᠭᠡᠵᠤ ᠳᠤᠭᠳᠠᠭ᠋ᠠᠪᠠ᠃ ᠯᠢ ᠺᠸ ᠴᠢᠶᠠᠩ᠂ ᠪᠡᠯᠡ ᠴᠤᠭᠯᠠᠭᠤᠯᠬᠤ᠎ᠳᠤ ᠵᠠᠰᠠᠭ᠎ᠤᠨ ᠤᠷᠳᠤᠨ᠎ᠤ ᠴᠢᠨᠠᠷ᠎ᠲᠠᠢ ᠳᠠᠭ᠋ᠠᠭ᠋ᠠᠴᠢᠯᠠᠨ ᠪᠠᠳᠤᠯᠠᠯᠳᠠ ᠬᠢᠬᠦ᠂ ᠳᠠᠬᠢᠨ ᠳᠠᠭ᠋ᠠᠭ᠋ᠠᠴᠢᠯᠠᠨ ᠪᠠᠳᠤᠯᠠᠯᠳᠠ ᠬᠢᠬᠦ ᠪᠠᠢ᠌ᠭᠤᠯᠤᠮᠵᠢ᠎ᠨᠢ ᠳᠠᠷᠢᠶᠠᠯᠠᠩ᠎ᠢ ᠳᠡᠮᠵᠢᠬᠦ ᠪᠠ ᠪᠠᠭ᠎ᠠ ᠵᠢᠵᠢᠭ ᠠᠵᠤ ᠠᠬᠤᠢ᠌ᠯᠠᠯ᠎ᠢ ᠳᠡᠮᠵᠢᠬᠦ ᠪᠡᠯᠡ ᠴᠤᠭᠯᠠᠭᠤᠯᠬᠤ᠎ᠳᠤ ᠳᠠᠭ᠋ᠠᠭ᠋ᠠᠴᠢᠯᠠᠨ ᠪᠠᠳᠤᠯᠠᠯᠳᠠ ᠬᠢᠬᠦ᠎ᠪᠠᠷ ᠭᠤᠤᠯ ᠪᠤᠯᠭ᠋ᠠᠵᠤ᠂ ᠪᠠᠭ᠎ᠠ ᠵᠢᠵᠢᠭ ᠠᠵᠤ ᠠᠬᠤᠢ᠌ᠯᠠᠯ ᠪᠤᠯᠤᠨ ᠬᠦᠳᠡᠭᠡ ᠠᠵᠤ ᠠᠬᠤᠢ᠂ ᠬᠦᠳᠡᠭᠡ ᠳᠤᠰᠬᠤᠨ᠂ ᠳᠠᠷᠢᠶᠠᠴᠢᠨ᠎ᠢ ᠭᠤᠤᠯᠳᠠᠯᠭ᠎ᠠ᠎ᠲᠠᠢ ᠳᠡᠮᠵᠢᠬᠦ ᠭᠡᠷᠡᠭᠳᠡᠢ᠃ ᠠ᠋ᠬᠦᠨ᠎ᠤ ᠵᠡᠷᠭᠡᠪᠡᠷ ᠪᠡᠯᠡ ᠴᠤᠭᠯᠠᠭᠤᠯᠬᠤ ᠦᠪᠡᠷ᠎ᠤᠨ ᠦᠷᠳᠡᠭ᠎ᠢ ᠪᠠᠭᠤᠷᠠᠭᠤᠯᠵᠤ᠂ ᠤᠯᠤᠰ᠎ᠤᠨ ᠪᠡᠯᠡ ᠴᠤᠭᠯᠠᠭᠤᠯᠬᠤ ᠵᠢ ᠳᠠᠭ᠋ᠠᠭ᠋ᠠᠴᠢᠯᠠᠨ ᠪᠠᠳᠤᠯᠠᠬᠤ ᠰᠠᠭᠤᠷᠢ ᠮᠦᠩᠬᠦᠨ᠎ᠤ ᠳᠠᠭ᠋ᠠᠭ᠋ᠠᠴᠢᠯᠠᠨ ᠪᠠᠳᠤᠯᠠᠬᠤ ᠵᠠᠷᠤᠳᠠᠯ᠎ᠤᠨ ᠨᠤᠷᠮ᠎ᠠ ᠵᠢ ᠮᠤᠵᠢ ᠵᠢᠨ ᠳᠡᠰ᠎ᠤᠨ ᠪᠠᠢ᠌ᠭᠤᠯᠤᠮᠵᠢ ᠵᠢᠨ ᠵᠠᠷᠤᠳᠠᠯ᠎ᠤᠨ ᠬᠠᠷᠢᠴᠠᠯ᠎ᠠᠴᠠ ᠳᠡᠭᠡᠷ᠎ᠠ ᠪᠠᠢ᠌ᠯᠭ᠋ᠠᠵᠤ ᠪᠤᠯᠬᠤ ᠦᠭᠡᠢ ᠭᠡᠵᠤ ᠭᠡᠯᠡᠪᠡ᠃
      ᠯᠢ ᠺᠸ ᠴᠢᠶᠠᠩ᠂ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠶᠡᠭᠡ ᠳᠠᠯ᠎ᠠ ᠵᠢ ᠪᠤᠳᠤᠯᠬᠢᠯᠠᠵᠤ᠂ ᠰᠠᠨᠠᠭ᠋ᠠᠴᠢᠯᠠᠭ᠎ᠠ᠎ᠲᠠᠢ᠎ᠪᠠᠷ ᠦᠢ᠍ᠯᠡᠴᠢᠯᠡᠨ᠂ ᠤᠯᠠᠨ ᠵᠦᠢ᠍ᠯ᠎ᠤᠨ 《ᠬᠠᠳᠠᠭᠤ ᠴᠢᠩᠭ᠎ᠠ ᠠᠷᠭ᠎ᠠ》 ᠳᠤᠭᠳᠠᠭ᠋ᠠᠵᠤ᠂ ᠵᠠᠬ᠎ᠠ ᠳᠡᠯᠭᠡᠬᠦᠷ᠎ᠲᠤ ᠢᠳᠡᠪᠬᠢᠳᠡᠢ ᠮᠡᠳᠡᠭᠡ ᠵᠠᠩᠬᠢ ᠦᠭᠬᠦ ᠭᠡᠷᠡᠭᠳᠡᠢ᠃ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠰᠠᠢ᠌ᠨ ᠰᠠᠢ᠌ᠬᠠᠨ ᠤᠷᠴᠢᠨ ᠳᠤᠭᠤᠷᠢᠨ᠎ᠢ ᠪᠤᠢ ᠪᠤᠯᠭ᠋ᠠᠵᠤ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠨ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ ᠢᠯᠠᠩᠭᠤᠶ᠎ᠠ ᠪᠠᠭ᠎ᠠ ᠵᠢᠵᠢᠭ ᠠᠵᠤ ᠠᠬᠤᠢ᠌ᠯᠠᠯ᠎ᠢ ᠴᠡᠴᠡᠭᠯᠡᠨ ᠬᠦᠭᠵᠢᠬᠦᠯᠬᠦ ᠭᠡᠷᠡᠭᠳᠡᠢ᠃ ᠠ᠋ᠨᠡ ᠪᠤᠯ ᠳᠤᠮᠳᠠᠳᠤ ᠤᠯᠤᠰ᠎ᠤᠨ ᠠᠵᠤ ᠠᠬᠤᠢ ᠵᠢᠨ ᠳᠤᠭᠳᠠᠭᠤᠨ ᠪᠦᠭᠡᠳ ᠠ᠋ᠷᠡᠬᠦᠯ ᠬᠦᠭᠵᠢᠯᠳᠡ ᠵᠢ ᠠᠬᠢᠭᠤᠯᠬᠤ ᠴᠢᠬᠤᠯᠠ 《ᠠᠷᠭ᠎ᠠ ᠳᠡᠮ》 ᠪᠤᠯᠤᠨ᠎ᠠ ᠭᠡᠵᠤ ᠭᠡᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠺᠦᠪᠠ ᠵᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠪᠦᠭᠡᠳ ᠰᠠᠢ᠌ᠳ ᠨᠠᠷ᠎ᠤᠨ ᠵᠦᠪᠯᠡᠯ᠎ᠤᠨ ᠳᠡᠷᠢᠬᠦᠯᠡᠭᠴᠢ ᠳ᠋ᠢᠶᠡᠰ — ᠺᠠᠨ᠋ᠸᠢᠢ᠍ᠷ᠎ᠲᠠᠢ ᠠᠭᠤᠯᠵᠠᠪᠠ
ᠸᠠᠩ ᠢ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠫᠸᠡᠸᠨ᠎ᠲᠠᠢ ᠠᠭᠤᠯᠵᠠᠪᠠ
ᠬᠠᠨ ᠵᠸᠩ ᠪᠡᠭᠡᠵᠢᠩ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠤᠨ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠪᠠ
ᠸᠠᠩ ᠢ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
ᠯᠢᠦ ᠠ᠋ᠾᠸ ᠦᠺᠷᠡᠢ᠌ᠨ᠎ᠤ ᠨᠢᠭᠡᠳᠦᠭᠡᠷ ᠳᠡᠳ᠋ ᠶᠡᠷᠦᠩᠭᠡᠢ ᠰᠠᠢ᠌ᠳ ᠪᠦᠭᠡᠳ ᠠᠵᠤ ᠠᠬᠤᠢ ᠠᠷᠠᠯᠵᠢᠶᠠᠨ᠎ᠤ ᠶᠠᠮᠤᠨ᠎ᠤ ᠰᠠᠢ᠌ᠳ ᠺᠦᠪᠢᠹ᠎ᠲᠠᠢ ᠠᠭᠤᠯᠵᠠᠪᠠ
 
            