ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ ᠪᠸᠩᠭ᠋ᠠᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠨᠠᠷᠢᠨ ᠪᠢᠴᠢᠭᠡᠴᠢ ᠬᠠᠺᠸ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-15

             
     11 ᠳ᠋ᠤᠭᠡᠷ ᠰᠠᠷ᠎ᠠ ᠵᠢᠨ 9᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠳᠤᠮᠳᠠᠳᠤ ᠤᠯᠤᠰ᠎ᠲᠠᠢ ᠭᠠᠳᠠᠭ᠋ᠠᠳᠤ ᠶᠠᠪᠤᠳᠠᠯ᠎ᠤᠨ ᠵᠦᠪᠳᠡᠯᠴᠡᠭᠡᠷ ᠬᠢᠬᠦ᠎ᠪᠠᠷ ᠢᠷᠡᠭᠰᠡᠨ ᠪᠸᠩᠭ᠋ᠠᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠨᠠᠷᠢᠨ ᠪᠢᠴᠢᠭᠡᠴᠢ ᠬᠠᠺᠸ᠎ᠲᠠᠢ ᠠᠭᠤᠯᠵᠠᠵᠤ᠂ ᠬᠤᠶᠠᠷ ᠳᠠᠯ᠎ᠠ ᠵᠢᠨ ᠬᠠᠷᠢᠯᠴᠠᠭ᠎ᠠ ᠪᠤᠯᠤᠨ ᠶᠸᠺᠠᠢ᠌ᠩ ᠬᠤᠯᠪᠤᠭ᠎ᠠ ᠵᠢᠨ ᠦᠢ᠍ᠮᠡᠭᠡᠨ ᠰᠠᠮᠠᠭᠤᠷᠠᠯ᠎ᠠᠴᠠ ᠵᠠᠢ᠌ᠯᠠᠭᠰᠠᠨ ᠠᠷᠠᠳ᠎ᠢ ᠪᠤᠴᠠᠭ᠋ᠠᠨ ᠬᠠᠷᠢᠭᠤᠯᠬᠤ ᠳᠤᠬᠠᠢ ᠰᠠᠨᠠᠯ ᠵᠶ᠋ᠡᠨ ᠰᠤᠯᠢᠯᠴᠠᠵᠠᠢ᠃
      ᠸᠠᠩ ᠢ᠂ ᠪᠸᠩᠭ᠋ᠠᠯ ᠪᠢᠷᠮᠠ ᠬᠤᠶᠠᠷ ᠳᠠᠯ᠎ᠠ᠎ᠪᠠᠷ ᠵᠶ᠋ᠡᠨ ᠶᠸᠺᠠᠢ᠌ᠩ ᠬᠤᠯᠪᠤᠭ᠎ᠠ ᠵᠢᠨ ᠠᠰᠠᠭᠤᠳᠠᠯ᠎ᠢ ᠰᠢᠢ᠍ᠳᠪᠤᠷᠢᠯᠡᠬᠦ ᠳᠡᠯ᠎ᠡ᠎ᠪᠠᠷ ᠶᠡᠭᠡᠭᠡᠨ ᠠᠬᠢᠯᠳᠠ᠎ᠲᠠᠢ ᠪᠤᠯᠵᠤ᠂ ᠦᠢ᠍ᠮᠡᠭᠡᠨ ᠰᠠᠮᠠᠭᠤᠷᠠᠯ᠎ᠠᠴᠠ ᠵᠠᠢ᠌ᠯᠠᠭᠰᠠᠨ ᠠᠷᠠᠳ᠎ᠢ ᠳᠤᠰ ᠰᠠᠷ᠎ᠠ ᠵᠢᠨ ᠳᠤᠮᠳᠠᠴᠢ᠎ᠠᠴᠠ ᠠ᠋ᠬᠢᠯᠡᠨ ᠪᠤᠴᠠᠭ᠋ᠠᠨ ᠬᠠᠷᠢᠭᠤᠯᠬᠤ᠎ᠪᠠᠷ ᠪᠤᠯᠵᠠᠢ᠃ ᠠ᠋ᠨᠡ᠎ᠨᠢ ᠠ᠋ᠨᠡᠬᠦ ᠨᠠᠷᠢᠨ ᠪᠤᠳᠤᠯᠢᠶᠠᠨᠳᠠᠢ ᠳᠡᠤᠭᠡ ᠵᠢᠨ ᠠᠰᠠᠭᠤᠳᠠᠯ᠎ᠢ ᠰᠢᠢ᠍ᠳᠪᠤᠷᠢᠯᠡᠬᠦ ᠰᠠᠢ᠌ᠨ ᠠ᠋ᠬᠢᠯᠡᠯᠳᠡ ᠪᠤᠯᠬᠤ᠎ᠨᠢ ᠳᠠᠮᠵᠢᠭ ᠦᠭᠡᠢ ᠪᠦᠭᠡᠳ ᠳᠠᠷᠠᠭ᠋ᠠᠴᠢ ᠵᠢᠨ ᠠᠵᠢᠯ᠎ᠳᠤ ᠳᠤᠷᠰᠢᠯᠭ᠎ᠠ ᠰᠤᠷᠭ᠋ᠠᠮᠵᠢ ᠪᠤᠯᠬᠤ ᠶᠤᠮ᠃ ᠳᠤᠮᠳᠠᠳᠤ ᠵᠢᠨ᠎ᠬᠢᠨ ᠦᠷᠬᠦᠯᠵᠢᠯᠡᠨ ᠵᠤᠬᠢᠰᠳᠠᠢ ᠳᠡᠮᠵᠢᠯᠭᠡ ᠦᠵᠡᠬᠦᠯᠦᠨ᠎ᠡ ᠭᠡᠵᠤ ᠢᠯᠡᠷᠭᠡᠢ᠌ᠯᠡᠵᠡᠢ᠃
      ᠬᠠᠺᠸ᠂ ᠪᠸᠩᠭ᠋ᠠᠯ᠎ᠤᠨ᠎ᠬᠢᠨ ᠪᠸᠩᠭ᠋ᠠᠯ ᠪᠢᠷᠮᠠ ᠬᠤᠶᠠᠷ ᠳᠠᠯ᠎ᠠ ᠵᠢᠨ ᠳᠤᠬᠢᠷᠠᠯᠴᠠᠭᠰᠠᠨ ᠬᠠᠮᠳᠤ ᠵᠢᠨ ᠳᠠᠨᠢᠯᠳᠠ ᠵᠢ ᠦᠨᠳᠦᠰᠦᠯᠡᠨ᠂ ᠶᠸᠺᠠᠢ᠌ᠩ ᠬᠤᠯᠪᠤᠭ᠎ᠠ ᠵᠢᠨ ᠦᠢ᠍ᠮᠡᠭᠡᠨ ᠰᠠᠮᠠᠭᠤᠷᠠᠯ᠎ᠠᠴᠠ ᠵᠠᠢ᠌ᠯᠠᠭᠰᠠᠨ ᠠᠷᠠᠳ᠎ᠢ ᠪᠤᠴᠠᠭ᠋ᠠᠨ ᠬᠠᠷᠢᠭᠤᠯᠬᠤ ᠠᠵᠢᠯ᠎ᠢ ᠳᠤᠭᠳᠠᠭᠰᠠᠨ ᠶᠤᠰᠤᠭ᠋ᠠᠷ ᠦᠷᠨᠢᠬᠦᠯᠦᠨ᠎ᠡ᠃ ᠪᠸᠩᠭ᠋ᠠᠯ᠎ᠤᠨ᠎ᠬᠢᠨ ᠳᠤᠮᠳᠠᠳᠤ ᠤᠯᠤᠰ᠎ᠤᠨ ᠬᠠᠪᠰᠤᠷᠤᠯᠭ᠎ᠠ ᠳᠡᠮᠵᠢᠯᠭᠡ᠎ᠳᠤ ᠳᠠᠯᠠᠷᠬᠠᠵᠤ ᠪᠠᠢ᠌ᠨ᠎ᠠ ᠭᠡᠵᠤ ᠭᠡᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ᠎ᠤ ᠢᠳᠡᠪᠬᠢᠳᠡᠢ᠎ᠪᠠᠷ ᠤᠷᠤᠯᠴᠠᠬᠤ ᠵᠢ ᠵᠤᠷᠢᠭᠵᠢᠭᠤᠯᠤᠨ᠎ᠠ ᠭᠡᠪᠡ
ᠯᠢ ᠺᠸ ᠴᠢᠶᠠᠩ ᠺᠦᠪᠠ ᠵᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠪᠦᠭᠡᠳ ᠰᠠᠢ᠌ᠳ ᠨᠠᠷ᠎ᠤᠨ ᠵᠦᠪᠯᠡᠯ᠎ᠤᠨ ᠳᠡᠷᠢᠬᠦᠯᠡᠭᠴᠢ ᠳ᠋ᠢᠶᠡᠰ — ᠺᠠᠨ᠋ᠸᠢᠢ᠍ᠷ᠎ᠲᠠᠢ ᠠᠭᠤᠯᠵᠠᠪᠠ
ᠸᠠᠩ ᠢ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠫᠸᠡᠸᠨ᠎ᠲᠠᠢ ᠠᠭᠤᠯᠵᠠᠪᠠ
ᠬᠠᠨ ᠵᠸᠩ ᠪᠡᠭᠡᠵᠢᠩ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠤᠨ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠪᠠ
ᠸᠠᠩ ᠢ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
 
            