11 ᠳ᠋ᠤᠭᠡᠷ ᠰᠠᠷ᠎ᠠ ᠵᠢᠨ 8᠎ᠤ ᠠ᠋ᠳᠤᠷ᠂᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠠᠨ ᠵᠸᠩ ᠪᠡᠭᠡᠵᠢᠩ ᠬᠤᠳᠠ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠤᠨ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠤᠨ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠳᠤᠷᠰᠢᠯᠳᠠ ᠵᠢᠨ ᠴᠢᠭ᠎ᠤᠨ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠴᠤ᠂ ᠤᠷᠤᠰᠢᠵᠤ ᠪᠠᠢ᠌ᠭ᠎ᠠ ᠭᠤᠤᠯ ᠠᠰᠠᠭᠤᠳᠠᠯ ᠬᠦᠴᠢᠷ ᠠᠰᠠᠭᠤᠳᠠᠯ᠎ᠢ ᠰᠢᠢ᠍ᠳᠪᠤᠷᠢᠯᠡᠬᠦ ᠳᠤᠬᠠᠢ ᠰᠤᠳᠤᠯᠤᠨ ᠶᠠᠷᠢᠯᠴᠠᠵᠤ᠂ ᠬᠤᠯᠪᠤᠭᠳᠠᠯ ᠪᠦᠬᠦᠢ ᠠᠵᠢᠯ᠎ᠢ ᠪᠠᠢ᠌ᠷᠢᠯᠠᠭᠤᠯᠵᠠᠢ᠃
ᠬᠠᠨ ᠵᠸᠩ᠂ ᠡᠯ᠎ᠡ ᠵᠦᠢ᠍ᠯ᠎ᠤᠨ ᠳᠦᠯᠦᠪᠵᠢᠬᠦᠯᠭᠡ ᠵᠢ ᠨᠡᠢ᠌ᠳᠭᠡᠨ 《ᠨᠢᠭᠡ ᠵᠢᠷᠤᠭ ᠳᠦᠯᠦᠪᠯᠡᠭᠡ》 ᠪᠤᠯᠭ᠋ᠠᠬᠤ᠂ 《ᠤᠯᠠᠨ ᠳᠦᠷᠢᠮ᠎ᠢ ᠨᠢᠭᠡᠳᠭᠡᠭᠰᠡᠨ》 ᠳᠤᠬᠠᠢ᠌ᠯᠠᠭᠰᠠᠨ ᠠᠵᠢᠯ᠎ᠢ ᠵᠤᠬᠢᠴᠠᠭᠤᠯᠬᠤ ᠳᠠᠪᠴᠠᠩ ᠪᠠᠢ᠌ᠭᠤᠯᠵᠤ ᠳᠡᠬᠦᠯᠳᠡᠷᠵᠢᠬᠦᠯᠬᠦ᠂ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ 《ᠨᠢᠭᠡ ᠵᠢᠷᠤᠭ ᠳᠦᠯᠦᠪᠯᠡᠭᠡ》 ᠵᠢ ᠲᠦᠪᠯᠡᠷᠡᠭᠦᠯᠤᠨ ᠳᠤᠭᠳᠠᠭ᠋ᠠᠵᠤ 《ᠨᠢᠭᠡ ᠵᠢᠷᠤᠭ ᠳᠦᠯᠦᠪᠯᠡᠭᠡ》᠎ᠳᠤ ᠰᠠᠭᠤᠷᠢᠯᠠᠨ ᠬᠢᠨᠠᠨ ᠵᠦᠪᠰᠢᠶᠡᠷᠡᠬᠦ ᠵᠢ ᠳᠦᠷᠭᠡᠳᠭᠡᠬᠦ ᠭᠡᠷᠡᠭᠳᠡᠢ᠃ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠤᠨ ᠬᠢᠨᠠᠨ ᠵᠦᠪᠰᠢᠶᠡᠷᠡᠵᠤ ᠬᠠᠮᠢᠶᠠᠷᠬᠤ ᠰᠢᠰᠲᠸᠮ᠎ᠢ ᠳᠡᠬᠦᠯᠳᠡᠷᠵᠢᠬᠦᠯᠵᠤ᠂ ᠡᠯ᠎ᠡ ᠰᠠᠯᠠᠭ᠎ᠠ ᠮᠦᠴᠢᠷ᠎ᠤᠨ ᠬᠢᠨᠠᠨ ᠵᠦᠪᠰᠢᠶᠡᠷᠡᠬᠦ ᠪᠠᠷᠢᠮᠵᠢᠶ᠎ᠠ ᠵᠢ ᠨᠢᠭᠡᠳᠭᠡᠨ ᠬᠤᠯᠪᠤᠵᠤ᠂ ᠮᠡᠳᠡᠭᠡ ᠵᠠᠩᠬᠢ ᠵᠢ ᠬᠠᠮᠳᠤ᠎ᠪᠠᠷ ᠠᠰᠢᠭᠯᠠᠬᠤ ᠪᠤᠯᠭ᠋ᠠᠬᠤ ᠭᠡᠷᠡᠭᠳᠡᠢ᠃ ᠬᠠᠤᠯᠢ ᠴᠠᠭ᠋ᠠᠵᠠ ᠬᠠᠤᠯᠢ ᠳᠦᠷᠢᠮ ᠪᠤᠯᠤᠨ ᠳᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠢ ᠵᠢᠷᠤᠮᠵᠢᠭᠤᠯᠵᠤ᠂ ᠦᠭᠡᠷᠡᠴᠢᠯᠡᠯᠳᠡ ᠵᠢᠨ ᠳᠤᠷᠰᠢᠯᠳᠠ ᠵᠢᠨ ᠶᠠᠪᠤᠴᠠ᠎ᠳᠠᠬᠢ ᠰᠠᠢ᠌ᠨ ᠳᠤᠷᠰᠢᠯᠭ᠎ᠠ᠂ ᠪᠦᠳᠦᠮᠵᠢᠳᠡᠢ ᠠᠷᠭ᠎ᠠ ᠵᠢ ᠳᠦᠷᠢᠮᠵᠢᠬᠦᠯᠦᠨ ᠪᠠᠢ᠌ᠩᠭᠤ ᠵᠢᠨ ᠪᠦᠳᠦᠮᠵᠢᠳᠤ ᠳᠤᠭᠳᠠᠴᠠ ᠪᠤᠯᠭ᠋ᠠᠨ ᠪᠡᠬᠢᠵᠢᠬᠦᠯᠵᠤ᠂ ᠬᠠᠤᠯᠢ᠎ᠪᠠᠷ ᠵᠠᠰᠠᠬᠤ ᠰᠠᠭᠤᠷᠢ ᠵᠢ ᠪᠠᠳᠤᠳᠬᠠᠬᠤ ᠭᠡᠷᠡᠭᠳᠡᠢ᠃ ᠠᠰᠠᠭᠤᠳᠠᠯ ᠵᠶ᠋ᠡᠷ ᠵᠢᠯᠤᠭᠤᠳᠤᠮᠵᠢ ᠪᠤᠯᠭ᠋ᠠᠨ᠂ ᠵᠠᠬ᠎ᠠ ᠳᠡᠯᠭᠡᠬᠦᠷ᠎ᠤᠨ ᠭᠤᠤᠯ ᠴᠤᠭᠴᠠ ᠪᠤᠯᠤᠨ ᠤᠯᠠᠨ ᠳᠦᠮᠡᠨ᠎ᠤ ᠰᠡᠷᠡᠭᠳᠡᠯ ᠵᠶ᠋ᠡᠷ ᠪᠠᠷᠢᠮᠵᠢᠶ᠎ᠠ ᠪᠤᠯᠭ᠋ᠠᠵᠤ᠂ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠢ ᠦᠨᠠᠯᠠᠨ ᠮᠠᠭ᠋ᠠᠳᠯᠠᠬᠤ ᠠᠵᠢᠯ᠎ᠢ ᠰᠠᠢ᠌ᠳᠤᠷ ᠬᠢᠬᠦ ᠭᠡᠷᠡᠭᠳᠡᠢ᠃ ᠳᠡᠯᠭᠡᠷᠡᠬᠦᠯᠵᠤ ᠪᠤᠯᠬᠤᠢ᠌ᠴᠠ ᠳᠤᠷᠰᠢᠯᠭ᠎ᠠ ᠵᠢ ᠳ᠋ᠦᠩᠨᠠᠨ᠂ ᠵᠢᠷᠤᠮᠵᠢᠭᠤᠯᠤᠨ ᠪᠠᠷᠢᠮᠵᠢᠶᠠᠵᠢᠭᠤᠯᠵᠤ᠂ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠤᠨ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢ ᠳᠠᠷᠠᠭ᠎ᠠ ᠵᠢᠯ ᠪᠦᠬᠦ ᠤᠯᠤᠰ᠎ᠤᠨ ᠭᠡᠪᠴᠢᠶᠠᠨ᠎ᠳᠤ ᠠᠬᠢᠭᠤᠯᠬᠤ ᠵᠢ ᠦᠨᠡᠨᠬᠦ ᠪᠠᠳᠤᠯᠠᠬᠤ ᠭᠡᠷᠡᠭᠳᠡᠢ ᠭᠡᠵᠤ ᠱᠠᠭ᠋ᠠᠷᠳᠠᠪᠠ᠃
ᠬᠠᠨ ᠵᠸᠩ ᠰᠢᠨᠵᠢᠯᠠᠨ ᠪᠠᠢ᠌ᠴᠠᠭ᠋ᠠᠬᠤ ᠶᠠᠪᠤᠴᠠ᠎ᠳᠤ᠎ᠪᠠᠨ ᠪᠡᠭᠡᠵᠢᠩ ᠬᠤᠳᠠ ᠵᠢᠨ ᠳᠦᠯᠦᠪᠵᠢᠬᠦᠯᠭᠡ ᠪᠤᠯᠤᠨ ᠪᠠᠢ᠌ᠭ᠋ᠠᠯᠢ ᠵᠢᠨ ᠠ᠋ᠬᠢ ᠪᠠᠶᠠᠯᠢᠭ᠎ᠤᠨ ᠵᠦᠪᠯᠡᠯ᠎ᠳᠤ ᠬᠦᠷᠴᠤ᠂ ᠪᠡᠭᠡᠵᠢᠩ ᠬᠤᠳᠠ ᠵᠢᠨ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠤᠨ ᠠᠵᠢᠯ ᠵᠢᠴᠢ ᠬᠢᠨᠠᠨ ᠵᠦᠪᠰᠢᠶᠡᠷᠡᠬᠦ ᠦᠢ᠍ᠯᠡᠴᠢᠯᠡᠭᠡ ᠦᠷᠨᠢᠬᠦᠯᠦᠭᠰᠡᠨ ᠪᠠᠢ᠌ᠳᠠᠯ᠎ᠤᠨ ᠳᠤᠬᠠᠢ ᠬᠠᠷᠢᠭᠤ ᠮᠡᠳᠡᠬᠦᠯᠦᠯᠳᠡ ᠵᠢ ᠰᠤᠨᠤᠰᠤᠨ᠂ 《ᠤᠯᠠᠨ ᠳᠦᠷᠢᠮ᠎ᠢ ᠨᠢᠭᠡᠳᠭᠡᠭᠰᠡᠨ》 ᠮᠠᠳᠠᠭᠡ ᠵᠠᠩᠬᠢ ᠵᠢᠨ ᠰᠢᠰᠲᠸᠮ᠎ᠤᠨ ᠪᠠᠢ᠌ᠭᠤᠯᠤᠯᠳᠠ ᠬᠢᠭᠡᠳ ᠳ᠋ᠠᠢ᠌ᠲ᠋ᠠ ᠵᠢ ᠳᠡᠮᠵᠢᠭᠤᠯᠬᠤ ᠠᠵᠢᠯ᠎ᠤᠨ ᠪᠠᠢ᠌ᠳᠠᠯ᠎ᠢ ᠳᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠵᠠᠢ᠃
ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠪᠡᠭᠡᠵᠢᠩ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠼᠠᠢ ᠴᠢ ᠰᠢᠨᠵᠢᠯᠠᠨ ᠪᠠᠢ᠌ᠴᠠᠭ᠋ᠠᠬᠤ ᠠᠵᠢᠯᠯᠠᠭ᠎ᠠ᠎ᠳᠤ ᠤᠷᠤᠯᠴᠠᠪᠠ᠃
