ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-15


     11 ᠳ᠋ᠤᠭᠡᠷ ᠰᠠᠷ᠎ᠠ ᠵᠢᠨ 8᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ᠃
      ᠸᠠᠩ ᠢ᠂ ᠬᠠᠮᠳᠤᠷᠠᠯᠴᠠᠭ᠎ᠠ ᠪᠤᠯ ᠳᠤᠮᠳᠠᠳᠤ ᠠᠮᠸᠷᠢᠺᠠ ᠵᠢᠨ ᠴᠤᠷ᠎ᠤᠨ ᠭᠠᠭᠴᠠ ᠵᠦᠪ ᠰᠤᠩᠭᠤᠯᠳᠠ ᠪᠤᠯᠤᠨ᠎ᠠ᠃ ᠪᠢᠳᠠᠨ᠎ᠤ ᠦᠵᠡᠬᠦ᠎ᠪᠠᠷ ᠤᠳᠤᠬᠠᠨ᠎ᠤ ᠳᠤᠮᠳᠠᠳᠤ ᠠᠮᠸᠷᠢᠺᠠ ᠵᠢᠨ ᠠᠵᠤ ᠠᠬᠤᠢ ᠠᠷᠠᠯᠵᠢᠶᠠᠨ᠎ᠤ ᠵᠦᠷᠢᠯᠳᠦᠭᠡᠨ᠎ᠢ ᠠ᠋ᠷᠭᠡ ᠳᠡᠭᠰᠢ ᠵᠦᠪᠳᠡᠯᠴᠡᠭᠡᠷ ᠭᠡᠯᠡᠯᠴᠡᠭᠡᠷ ᠵᠶ᠋ᠡᠷ ᠵᠤᠬᠢᠰᠳᠠᠢ ᠰᠢᠢ᠍ᠳᠪᠤᠷᠢᠯᠡᠵᠤ ᠪᠤᠯᠤᠨ᠎ᠠ᠃ ᠳᠤᠮᠳᠠᠳᠤ ᠠᠮᠸᠷᠢᠺᠠ ᠵᠢᠨ ᠠᠵᠤ ᠠᠬᠤᠢ᠎ᠨᠢ ᠳᠦᠢ᠍ᠯ᠎ᠤᠨ ᠶᠡᠭᠡ ᠬᠠᠷᠢᠯᠴᠠᠨ ᠨᠦᠬᠦᠪᠤᠷᠢᠯᠡᠬᠦ ᠴᠢᠨᠠᠷ᠎ᠲᠠᠢ ᠲᠤᠯᠠ ᠬᠠᠮᠳᠤᠷᠠᠯᠴᠠᠭ᠎ᠠ᠎ᠪᠠᠨ ᠴᠢᠩᠭ᠋ᠠᠳᠬᠠᠬᠤ᠎ᠨᠢ ᠠᠮᠸᠷᠢᠺᠠ᠎ᠳᠤ ᠨᠡᠩ ᠦᠷᠭᠡᠨ ᠭᠡᠪᠴᠢᠶᠠᠨ᠎ᠤ ᠵᠠᠬ᠎ᠠ ᠳᠡᠯᠭᠡᠬᠦᠷ ᠪᠤᠯᠤᠨ ᠨᠡᠮᠡᠭᠳᠡᠯ᠎ᠤᠨ ᠬᠦᠳᠡᠯᠭᠡᠬᠦ ᠬᠦᠴᠦᠨ ᠬᠠᠩᠭ᠋ᠠᠬᠤ ᠮᠦᠷᠳᠡᠭᠡᠨ ᠳᠤᠮᠳᠠᠳᠤ ᠤᠯᠤᠰ᠎ᠤᠨ ᠬᠦᠭᠵᠢᠯᠳᠡ᠎ᠳᠤ ᠰᠠᠢ᠌ᠨ ᠰᠠᠢ᠌ᠬᠠᠨ ᠭᠠᠳᠠᠭ᠋ᠠᠳᠤ ᠨᠦᠬᠦᠴᠡᠯ ᠬᠠᠩᠭ᠋ᠠᠬᠤ ᠪᠤᠯᠤᠨ᠎ᠠ᠃ ᠬᠤᠶᠠᠷ ᠳᠠᠯ᠎ᠠ᠎ᠪᠠᠷ ᠵᠶ᠋ᠡᠨ ᠳᠤᠮᠳᠠᠳᠤ ᠠᠮᠸᠷᠢᠺᠠ ᠵᠢᠨ ᠠᠵᠤ ᠠᠬᠤᠢ ᠠᠷᠠᠯᠵᠢᠶᠠᠨ᠎ᠤ ᠬᠠᠮᠳᠤᠷᠠᠯᠴᠠᠭ᠎ᠠ ᠵᠢ ᠴᠢᠩᠭ᠋ᠠᠳᠬᠠᠬᠤ᠎ᠪᠠᠷ ᠳᠠᠮᠵᠢᠨ ᠬᠠᠷᠢᠯᠴᠠᠨ ᠠᠰᠢᠭ᠎ᠲᠠᠢ ᠬᠠᠮᠲᠤᠪᠡᠷ ᠠᠰᠢᠭ ᠤᠯᠬᠤ ᠵᠢ ᠪᠡᠶᠡᠯᠡᠬᠦᠯᠵᠤ ᠪᠤᠯᠤᠨ᠎ᠠ ᠭᠡᠵᠤ ᠢᠯᠡᠷᠭᠡᠢ᠌ᠯᠡᠪᠡ᠃
      ᠵᠢᠰᠢᠨᠭᠸ᠂ ᠠᠮᠸᠷᠢᠺᠠ ᠳᠤᠮᠳᠠᠳᠤ ᠬᠤᠶᠠᠷ ᠳᠠᠯ᠎ᠠ᠎ᠪᠠᠷ ᠵᠶ᠋ᠡᠨ ᠬᠤᠶᠠᠷ ᠤᠯᠤᠰ᠎ᠤᠨ ᠬᠠᠷᠢᠴᠠᠭ᠎ᠠ ᠵᠢ ᠬᠠᠷᠠᠬᠤ ᠬᠠᠷᠠᠭ᠎ᠠ᠎ᠪᠠᠨ ᠦᠷᠭᠡᠳᠭᠡᠵᠤ᠂ ᠠᠮᠸᠷᠢᠺᠠ ᠳᠤᠮᠳᠠᠳᠤ ᠵᠢᠨ ᠬᠠᠷᠢᠯᠴᠠᠭ᠋ᠠᠨ᠎ᠤ ᠤᠷᠳᠤ ᠬᠤᠭᠤᠴᠠᠭ᠋ᠠᠨ᠎ᠤ ᠳᠤᠭᠳᠠᠭᠤᠨ ᠬᠦᠭᠵᠢᠯᠳᠡ᠎ᠳᠤ ᠦᠨᠳᠦᠰᠤᠨ ᠰᠠᠭᠤᠷᠢ ᠳᠠᠯᠪᠢᠬᠤ ᠴᠢᠬᠤᠯᠠ᠎ᠲᠠᠢ ᠪᠠᠢ᠌ᠨ᠎ᠠ᠃ ᠪᠢ ᠬᠤᠶᠠᠷ ᠳᠠᠯ᠎ᠠ᠎ᠪᠠᠷ ᠵᠶ᠋ᠡᠨ ᠵᠦᠪᠳᠡᠯᠴᠡᠭᠡᠷ ᠭᠡᠯᠡᠯᠴᠡᠭᠡᠷ ᠵᠶ᠋ᠡᠷ ᠳᠡᠮᠵᠢᠭᠤᠯᠤᠨ ᠬᠤᠶᠠᠷ ᠤᠯᠤᠰ᠎ᠤᠨ ᠬᠤᠭᠤᠷᠤᠨᠳᠤᠬᠢ ᠵᠦᠷᠢᠯᠳᠦᠭᠡᠨ᠎ᠢ ᠵᠤᠬᠢᠰᠳᠠᠢ ᠬᠠᠮᠢᠶᠠᠷᠤᠨ ᠡᠵᠡᠮᠳᠡᠬᠦ ᠪᠡ ᠳᠤᠬᠢᠳᠠᠢ ᠰᠢᠢ᠍ᠳᠪᠤᠷᠢᠯᠡᠬᠦ ᠵᠢ ᠮᠠᠬᠳᠠᠨ ᠰᠠᠢ᠌ᠰᠢᠶᠠᠨ᠎ᠠ ᠭᠡᠵᠤ ᠢᠯᠡᠷᠭᠡᠢ᠌ᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠯᠢᠦ ᠠ᠋ᠾᠸ ᠦᠺᠷᠡᠢ᠌ᠨ᠎ᠤ ᠨᠢᠭᠡᠳᠦᠭᠡᠷ ᠳᠡᠳ᠋ ᠶᠡᠷᠦᠩᠭᠡᠢ ᠰᠠᠢ᠌ᠳ ᠪᠦᠭᠡᠳ ᠠᠵᠤ ᠠᠬᠤᠢ ᠠᠷᠠᠯᠵᠢᠶᠠᠨ᠎ᠤ ᠶᠠᠮᠤᠨ᠎ᠤ ᠰᠠᠢ᠌ᠳ ᠺᠦᠪᠢᠹ᠎ᠲᠠᠢ ᠠᠭᠤᠯᠵᠠᠪᠠ
ᠤᠯᠠᠨ ᠤᠯᠤᠰ᠎ᠤᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ ᠳᠤᠮᠳᠠᠳᠤ ᠤᠯᠤᠰ᠎ᠤᠨ ᠰᠢᠯᠵᠢᠮᠡᠯ ᠲᠦᠯᠤᠯᠲᠡ ᠳᠡᠯᠡᠭᠡᠢ᠎ᠳᠤ ᠳᠦᠷᠦᠬᠦᠯᠡᠭᠰᠡᠨ ᠨᠢᠭᠤᠴᠠ ᠵᠢ ᠠᠰᠠᠭᠤᠪᠠ
ᠯᠢ ᠺᠸ ᠴᠢᠶᠠᠩ ᠤᠷᠤᠰ᠎ᠤᠨ ᠶᠡᠷᠦᠩᠭᠡᠢ ᠰᠠᠢ᠌ᠳ ᠮᠸᠢᠢ᠍ᠳ᠋ᠸᠸᠢᠵᠢᠶᠠᠹ᠎ᠲᠠᠢ ᠬᠠᠮᠳᠤᠪᠠᠷ ᠳᠤᠮᠳᠠᠳᠤ ᠤᠷᠤᠰ᠎ᠤᠨ ᠶᠡᠷᠦᠩᠭᠡᠢ ᠰᠠᠢ᠌ᠳ᠎ᠤᠨ ᠬᠤᠷᠢᠨ ᠭᠤᠷᠪᠠᠳᠤᠭ᠋ᠠᠷ ᠤᠳᠠᠭ᠋ᠠᠨ᠎ᠤ ᠠᠭᠤᠯᠵᠠᠯᠳᠠ ᠵᠢ ᠠ᠋ᠷᠬᠢᠯᠡᠪᠡ
ᠯᠢ ᠺᠸ ᠴᠢᠶᠠᠩ ᠵᠢᠶᠠᠩᠰᠤ ᠵᠢᠨ ᠨᠠᠨ ᠲᠦᠩ᠎ᠳᠤ ᠨᠢᠰᠭᠡᠯ᠎ᠠᠴᠠ ᠪᠠᠭᠤᠮᠠᠭᠴᠠ ᠴᠦᠩ ᠴᠤᠸᠠᠨ ᠰᠠᠯᠪᠤᠷᠢ ᠪᠠᠩᠬᠢ᠎ᠳᠤ ᠬᠦᠷᠴᠡᠢ
ᠰᠦᠨ ᠴᠦᠨ ᠯᠠᠨ ᠮᠲ᠋ᠤᠲᠸᠠ᠎ᠲᠠᠢ ᠬᠠᠮᠳᠤ᠎ᠪᠠᠷ ᠳᠤᠮᠳᠠᠳᠤ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠪᠡ
 
            