ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠫᠸᠡᠸᠨ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-15


     11 ᠳ᠋ᠤᠭᠡᠷ ᠰᠠᠷ᠎ᠠ ᠵᠢᠨ 8᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠫᠸᠡᠸᠨ᠎ᠲᠠᠢ ᠠᠭᠤᠯᠵᠠᠵᠤ᠂ ᠳᠠᠪᠤᠳᠠᠬᠢ ᠠ᠋ᠭᠡᠯᠵᠢ ᠵᠢᠨ ᠳᠤᠮᠳᠠᠳᠤ ᠠᠦᠢ᠍ᠰᠲᠷᠡᠯᠢᠶ᠎ᠠ ᠵᠢᠨ ᠭᠠᠳᠠᠭ᠋ᠠᠳᠤ ᠬᠠᠷᠢᠯᠴᠠᠭ᠎ᠠ ᠬᠢᠭᠡᠳ ᠪᠠᠢ᠌ᠯᠳᠤᠬᠤ ᠪᠤᠳᠤᠯᠭ᠎ᠠ ᠵᠢᠨ ᠭᠡᠯᠡᠯᠴᠡᠭᠡᠷ ᠬᠢᠪᠠ᠃
      ᠸᠠᠩ ᠢ᠂ ᠠᠦᠢ᠍ᠰᠲᠷᠡᠯᠢᠶ᠎ᠠ ᠵᠢᠨ ᠰᠢᠨ᠎ᠠ ᠨᠢᠭᠡᠨ ᠬᠤᠭᠤᠴᠠᠭ᠋ᠠᠨ᠎ᠤ ᠵᠠᠰᠠᠭ᠎ᠤᠨ ᠤᠷᠳᠤᠨ᠎ᠤ᠎ᠬᠢᠨ ᠳᠤᠮᠳᠠᠳᠤ᠎ᠯᠤᠭ᠎ᠠ ᠵᠢᠨ ᠬᠠᠷᠢᠯᠴᠠᠭ᠎ᠠ᠎ᠪᠠᠨ ᠬᠦᠭᠵᠢᠬᠦᠯᠬᠦ ᠳᠤᠬᠠᠢ ᠤᠯᠠᠨᠳᠠ ᠤᠪᠤᠷ ᠵᠶ᠋ᠡᠨ ᠢᠯᠡᠳᠭᠡᠪᠡ᠃ ᠠᠦᠢ᠍ᠰᠲᠷᠡᠯᠢᠶ᠎ᠠ ᠵᠢᠨ᠎ᠬᠢᠨ ᠠ᠋ᠨᠡᠬᠦ ᠤᠪᠤᠷ ᠵᠶ᠋ᠡᠨ ᠪᠤᠳᠠᠳᠤ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠬᠤ ᠵᠢ ᠬᠦᠰᠡᠵᠤ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠤᠯᠤᠰ ᠳᠦᠷᠦ ᠵᠢᠨ ᠢᠳᠡᠭᠡᠯᠴᠡᠭᠡ᠎ᠪᠠᠨ ᠳᠠᠬᠢᠨ ᠴᠤᠭᠴᠠᠯᠠᠵᠤ᠂ ᠬᠤᠶᠠᠷ ᠳᠠᠯ᠎ᠠ ᠵᠢᠨ ᠬᠠᠷᠢᠯᠴᠠᠭ᠋ᠠᠨ᠎ᠤ ᠬᠦᠭᠵᠢᠯᠳᠡ ᠵᠢᠨ ᠰᠠᠭᠤᠷᠢ ᠵᠢ ᠪᠠᠳᠤᠳᠬᠠᠬᠤ ᠴᠢᠬᠤᠯᠠ᠎ᠲᠠᠢ ᠪᠠᠢ᠌ᠨ᠎ᠠ᠃ ᠠᠦᠢ᠍ᠰᠲᠷᠡᠯᠢᠶ᠎ᠠ ᠵᠢᠨ᠎ᠬᠢᠨ ᠳᠤᠮᠳᠠᠳᠤ ᠤᠯᠤᠰ᠎ᠤᠨ ᠬᠦᠭᠵᠢᠯᠳᠡ ᠵᠢᠨ ᠵᠠᠮ ᠪᠤᠯᠤᠨ ᠪᠠᠢ᠌ᠯᠳᠤᠬᠤ ᠪᠤᠳᠤᠯᠭ᠎ᠠ ᠵᠢᠨ ᠤᠳᠬ᠎ᠠ ᠰᠠᠨᠠᠭ᠎ᠠ ᠵᠢ ᠵᠦᠪ ᠵᠶ᠋ᠡᠷ ᠣᠢ᠌ᠯᠠᠭ᠋ᠠᠨ ᠡᠵᠡᠮᠳᠡᠵᠤ᠂ ᠬᠤᠶᠠᠷ ᠳᠠᠯ᠎ᠠ ᠵᠢᠨ ᠬᠤᠭᠤᠷᠤᠨᠳᠤᠬᠢ 《ᠢᠳᠡᠭᠡᠯᠴᠡᠭᠡ ᠵᠢᠨ ᠠᠯᠳᠠᠭᠳᠠᠯ》᠎ᠢ ᠴᠢᠷᠮᠠᠢ᠌ᠨ ᠦᠭᠡᠢ᠌ᠰᠭᠡᠬᠦ ᠵᠢ ᠬᠦᠰᠡᠵᠤ ᠪᠠᠢ᠌ᠨ᠎ᠠ᠃ ᠬᠠᠮᠳᠤᠷᠠᠯᠴᠠᠭ᠎ᠠ ᠪᠤᠯ ᠳᠤᠮᠳᠠᠳᠤ ᠠᠦᠢ᠍ᠰᠲᠷᠡᠯᠢᠶ᠎ᠠ ᠵᠢᠨ ᠴᠤᠷ᠎ᠤᠨ ᠭᠠᠭᠴᠠ ᠰᠤᠩᠭᠤᠯᠳᠠ ᠪᠤᠯᠤᠨ᠎ᠠ ᠭᠡᠵᠤ ᠭᠡᠯᠡᠪᠡ᠃
      ᠫᠸᠡᠸᠨ᠂ ᠠᠦᠢ᠍ᠰᠲᠷᠡᠯᠢᠶ᠎ᠠ ᠵᠢᠨ᠎ᠬᠢᠨ ᠬᠦᠭᠵᠢᠨ ᠴᠡᠴᠡᠭᠯᠡᠭᠰᠡᠨ ᠳᠤᠮᠳᠠᠳᠤ ᠤᠯᠤᠰ᠎ᠨᠢ ᠳᠡᠯᠡᠭᠡᠢ᠎ᠳᠤ ᠢᠳᠡᠪᠬᠢ ᠦᠢ᠍ᠯᠡᠳᠤᠯ᠎ᠲᠠᠢ᠂ ᠳᠤᠮᠳᠠᠳᠤ ᠤᠯᠤᠰ᠎ᠤᠨ ᠨᠦᠯᠦᠭᠡ ᠦᠷᠭᠡᠵᠢᠨ ᠨᠡᠮᠡᠭᠳᠡᠬᠦ᠎ᠨᠢ ᠳᠠᠮᠵᠢᠭ ᠦᠭᠡᠢ ᠭᠡᠵᠤ ᠦᠵᠡᠳᠡᠭ᠃ ᠠᠦᠢ᠍ᠰᠲᠷᠡᠯᠢᠶ᠎ᠠ ᠵᠢᠨ᠎ᠬᠢᠨ ᠳᠤᠮᠳᠠᠳᠤ ᠤᠯᠤᠰ᠎ᠢ ᠴᠡᠷᠢᠭ᠎ᠤᠨ ᠶᠠᠪᠤᠳᠠᠯ ᠵᠶ᠋ᠡᠷ ᠰᠦᠷᠳᠡᠬᠦᠯᠳᠡᠭ ᠭᠡᠵᠤ ᠦᠵᠡᠳᠡᠭ ᠦᠭᠡᠢ᠃ ᠳᠤᠮᠳᠠᠳᠤ ᠵᠢᠨ᠎ᠬᠢᠨ ᠠᠦᠢ᠍ᠰᠲᠷᠡᠯᠢᠶ᠎ᠠ᠎ᠳᠤ ᠪᠡᠯᠡ ᠤᠷᠤᠭᠤᠯᠤᠨ ᠪᠦᠳᠦᠭᠡᠨ ᠪᠠᠢ᠌ᠭᠤᠯᠤᠯᠳᠠ ᠬᠢᠬᠦ ᠵᠢ ᠪᠠᠶᠠᠷᠯᠠᠨ ᠤᠭᠳᠤᠵᠤ ᠪᠠᠢ᠌ᠨ᠎ᠠ᠃ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ ᠵᠢᠨ ᠬᠠᠮᠳᠤᠷᠠᠯᠴᠠᠭ᠎ᠠ᠎ᠨᠢ ᠭᠠᠵᠠᠷ ᠤᠷᠤᠨ᠎ᠤ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ᠎ᠳᠤ ᠬᠤᠪᠢ ᠨᠡᠮᠡᠷᠢ ᠦᠵᠡᠬᠦᠯᠬᠦ ᠪᠤᠯᠤᠨ᠎ᠠ ᠭᠡᠵᠤ ᠢᠯᠡᠷᠭᠡᠢ᠌ᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠠᠨ ᠵᠸᠩ ᠪᠡᠭᠡᠵᠢᠩ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠤᠨ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠪᠠ
ᠸᠠᠩ ᠢ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
ᠯᠢᠦ ᠠ᠋ᠾᠸ ᠦᠺᠷᠡᠢ᠌ᠨ᠎ᠤ ᠨᠢᠭᠡᠳᠦᠭᠡᠷ ᠳᠡᠳ᠋ ᠶᠡᠷᠦᠩᠭᠡᠢ ᠰᠠᠢ᠌ᠳ ᠪᠦᠭᠡᠳ ᠠᠵᠤ ᠠᠬᠤᠢ ᠠᠷᠠᠯᠵᠢᠶᠠᠨ᠎ᠤ ᠶᠠᠮᠤᠨ᠎ᠤ ᠰᠠᠢ᠌ᠳ ᠺᠦᠪᠢᠹ᠎ᠲᠠᠢ ᠠᠭᠤᠯᠵᠠᠪᠠ
ᠤᠯᠠᠨ ᠤᠯᠤᠰ᠎ᠤᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ ᠳᠤᠮᠳᠠᠳᠤ ᠤᠯᠤᠰ᠎ᠤᠨ ᠰᠢᠯᠵᠢᠮᠡᠯ ᠲᠦᠯᠤᠯᠲᠡ ᠳᠡᠯᠡᠭᠡᠢ᠎ᠳᠤ ᠳᠦᠷᠦᠬᠦᠯᠡᠭᠰᠡᠨ ᠨᠢᠭᠤᠴᠠ ᠵᠢ ᠠᠰᠠᠭᠤᠪᠠ
ᠯᠢ ᠺᠸ ᠴᠢᠶᠠᠩ ᠤᠷᠤᠰ᠎ᠤᠨ ᠶᠡᠷᠦᠩᠭᠡᠢ ᠰᠠᠢ᠌ᠳ ᠮᠸᠢᠢ᠍ᠳ᠋ᠸᠸᠢᠵᠢᠶᠠᠹ᠎ᠲᠠᠢ ᠬᠠᠮᠳᠤᠪᠠᠷ ᠳᠤᠮᠳᠠᠳᠤ ᠤᠷᠤᠰ᠎ᠤᠨ ᠶᠡᠷᠦᠩᠭᠡᠢ ᠰᠠᠢ᠌ᠳ᠎ᠤᠨ ᠬᠤᠷᠢᠨ ᠭᠤᠷᠪᠠᠳᠤᠭ᠋ᠠᠷ ᠤᠳᠠᠭ᠋ᠠᠨ᠎ᠤ ᠠᠭᠤᠯᠵᠠᠯᠳᠠ ᠵᠢ ᠠ᠋ᠷᠬᠢᠯᠡᠪᠡ
 
            