ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠤᠷᠤᠰ᠎ᠤᠨ ᠶᠡᠷᠦᠩᠭᠡᠢ ᠰᠠᠢ᠌ᠳ ᠮᠸᠢᠢ᠍ᠳ᠋ᠸᠸᠢᠵᠢᠶᠠᠹ᠎ᠲᠠᠢ ᠬᠠᠮᠳᠤᠪᠠᠷ ᠳᠤᠮᠳᠠᠳᠤ ᠤᠷᠤᠰ᠎ᠤᠨ ᠶᠡᠷᠦᠩᠭᠡᠢ ᠰᠠᠢ᠌ᠳ᠎ᠤᠨ ᠬᠤᠷᠢᠨ ᠭᠤᠷᠪᠠᠳᠤᠭ᠋ᠠᠷ ᠤᠳᠠᠭ᠋ᠠᠨ᠎ᠤ ᠠᠭᠤᠯᠵᠠᠯᠳᠠ ᠵᠢ ᠠ᠋ᠷᠬᠢᠯᠡᠪᠡ
ᠨᠡᠶᠢᠲᠡᠯᠡᠭᠰᠡᠨ ᠴᠠᠭ᠄ 2018-11-15

             
     11 ᠳ᠋ᠤᠭᠡᠷ ᠰᠠᠷ᠎ᠠ ᠵᠢᠨ 7᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠤᠷᠤᠰ᠎ᠤᠨ ᠶᠡᠷᠦᠩᠭᠡᠢ ᠰᠠᠢ᠌ᠳ ᠮᠸᠢᠢ᠍ᠳ᠋ᠸᠸᠢᠵᠢᠶᠠᠹ᠎ᠲᠠᠢ ᠬᠠᠮᠳᠤᠪᠠᠷ ᠳᠤᠮᠳᠠᠳᠤ ᠤᠷᠤᠰ᠎ᠤᠨ ᠶᠡᠷᠦᠩᠭᠡᠢ ᠰᠠᠢ᠌ᠳ᠎ᠤᠨ ᠬᠤᠷᠢᠨ ᠭᠤᠷᠪᠠᠳᠤᠭ᠋ᠠᠷ ᠤᠳᠠᠭ᠋ᠠᠨ᠎ᠤ ᠠᠭᠤᠯᠵᠠᠯᠳᠠ ᠵᠢ ᠠ᠋ᠷᠬᠢᠯᠡᠪᠡ᠃
      ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ᠂ ᠳᠤᠮᠳᠠᠳᠤ ᠤᠷᠤᠰ᠎ᠤᠨ ᠪᠡᠯᠡ ᠤᠷᠤᠭᠤᠯᠤᠯᠳᠠ ᠵᠢᠨ ᠬᠠᠮᠳᠤᠷᠠᠯᠴᠠᠭ᠋ᠠᠨ᠎ᠤ ᠵᠦᠪᠯᠡᠯ᠂ ᠠ᠋ᠨ᠋ᠸᠷᠬᠢ ᠵᠢᠨ ᠬᠠᠮᠳᠤᠷᠠᠯᠴᠠᠭ᠋ᠠᠨ᠎ᠤ ᠵᠦᠪᠯᠡᠯ᠎ᠤᠨ ᠳᠤᠮᠳᠠᠳᠤ ᠵᠢᠨ ᠳᠠᠯ᠎ᠠ ᠵᠢᠨ ᠳᠡᠷᠢᠬᠦᠯᠡᠭᠴᠢ ᠬᠠᠨ ᠵᠸᠩ ᠤᠷᠤᠯᠴᠠᠪᠠ᠃
      ᠯᠢ ᠺᠸ ᠴᠢᠶᠠᠩ᠂ ᠳᠤᠮᠳᠠᠳᠤ ᠤᠷᠤᠰ ᠪᠤᠯ ᠬᠠᠷᠢᠯᠴᠠᠨ ᠬᠦᠷᠰᠢ ᠵᠡᠷᠭᠡᠯᠡᠳᠡᠭᠡ ᠤᠯᠤᠰ ᠪᠤᠯᠬᠤ ᠪᠦᠭᠡᠳ ᠬᠠᠷᠢᠯᠴᠠᠨ ᠬᠦᠭᠵᠢᠯᠳᠡ ᠵᠢᠨ ᠠᠵᠠ ᠳᠤᠬᠢᠶᠠᠯ ᠤᠯᠭᠤᠬᠤ ᠤᠯᠤᠰ ᠪᠤᠯᠤᠨ᠎ᠠ᠃ ᠳᠡᠷᠢᠬᠦᠯᠡᠭᠴᠢ ᠰᠢ ᠵᠢᠨ ᠫᠢᠩ ᠪᠤᠯᠤᠨ ᠶᠡᠷᠤᠩᠬᠡᠢ᠌ᠯᠡᠭᠴᠢ ᠫᠦᠲ᠋ᠢᠨ ᠤᠯᠠᠨᠳᠠ ᠠᠮᠵᠢᠯᠳᠠ᠎ᠲᠠᠢ ᠠᠭᠤᠯᠵᠠᠵᠤ ᠶᠠᠷᠢᠯᠴᠠᠭᠰᠠᠨ ᠪᠦᠭᠡᠳ ᠬᠤᠶᠠᠷ ᠤᠯᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠯᠴᠠᠭ᠎ᠠ ᠤᠷᠤᠭᠰᠢᠳᠠᠢ ᠶᠠᠪᠤᠭᠳᠠᠭᠰᠠᠭ᠋ᠠᠷ ᠢᠷᠡᠪᠡ᠂ ᠠ᠋ᠨᠡ᠎ᠨᠢ ᠬᠤᠶᠠᠷ ᠤᠯᠤᠰ ᠪᠤᠯᠤᠨ ᠬᠤᠶᠠᠷ ᠤᠯᠤᠰ᠎ᠤᠨ ᠠᠷᠠᠳ ᠳᠦᠮᠡᠨ᠎ᠤ ᠠᠰᠢᠭ ᠳᠤᠰᠠ᠎ᠳᠤ ᠨᠡᠢ᠌ᠴᠡᠬᠦ ᠮᠦᠷᠳᠡᠭᠡᠨ ᠳᠡᠯᠡᠭᠡᠢ ᠨᠡᠢ᠌ᠳᠡ ᠵᠢᠨ ᠳᠤᠭᠳᠠᠭᠤᠨ᠎ᠢ ᠠᠬᠢᠭᠤᠯᠬᠤ᠂ ᠳᠡᠯᠡᠭᠡᠢ ᠵᠢᠨ ᠠᠵᠤ ᠠᠬᠤᠢ ᠵᠢ ᠰᠡᠷᠬᠦᠭᠡᠡ ᠠᠬᠢᠭᠤᠯᠬᠤ᠎ᠳᠤ ᠠᠰᠢᠭ᠎ᠲᠠᠢ᠃ ᠠ᠋ᠨᠡ ᠤᠳᠠᠭ᠋ᠠᠨ᠎ᠤ ᠶᠡᠷᠦᠩᠭᠡᠢ ᠰᠠᠢ᠌ᠳ᠎ᠤᠨ ᠠᠭᠤᠯᠵᠠᠯᠳᠠ᠎ᠨᠢ ᠬᠤᠶᠠᠷ ᠤᠯᠤᠰ᠎ᠤᠨ ᠵᠠᠰᠠᠭ᠎ᠤᠨ ᠤᠷᠳᠤᠨ᠎ᠤ ᠬᠤᠭᠤᠴᠠᠭ᠎ᠠ ᠰᠤᠯᠢᠬᠤ ᠠᠵᠢᠯ ᠳᠠᠭᠤᠰᠬᠠᠬᠰᠠᠨ᠎ᠤ ᠳᠠᠷᠠᠭ᠋ᠠᠬᠢ ᠠᠩᠬ᠎ᠠ ᠤᠳᠠᠭ᠋ᠠᠨ᠎ᠤ ᠠᠭᠤᠯᠵᠠᠯᠳᠠ ᠪᠤᠯᠬᠤ ᠳᠤᠯᠠ ᠳᠡᠭᠡᠷᠡᠬᠢ ᠵᠢ ᠵᠠᠯᠭ᠋ᠠᠮᠵᠢᠯᠠᠨ ᠳᠤᠷᠤᠭᠰᠢ ᠤᠯᠠᠮᠵᠢᠯᠠᠬᠤ ᠴᠢᠬᠤᠯᠠ ᠶᠡᠭᠡ ᠠᠴᠢ ᠬᠤᠯᠪᠤᠭᠳᠠᠯ᠎ᠲᠠᠢ ᠠᠭᠤᠯᠵᠠᠯᠳᠠ ᠪᠤᠯᠤᠨ᠎ᠠ᠃ ᠳᠤᠮᠳᠠᠳᠤ ᠵᠢᠨ᠎ᠬᠢᠨ ᠳᠤᠷᠠᠳᠠᠶ᠎ᠠ ᠤᠷᠤᠰ᠎ᠲᠠᠢ ᠬᠠᠮᠳᠤᠪᠠᠷ ᠤᠯᠤᠰ ᠳᠦᠷᠦ ᠪᠤᠯᠤᠨ ᠪᠠᠢ᠌ᠯᠳᠤᠬᠤ ᠪᠤᠳᠤᠯᠭ᠎ᠠ ᠵᠢᠨ ᠢᠳᠡᠭᠡᠯᠴᠡᠭᠡ᠎ᠪᠠᠨ ᠦᠷᠬᠦᠯᠵᠢᠯᠡᠨ ᠴᠢᠩᠭ᠋ᠠᠳᠬᠠᠵᠤ᠂ ᠬᠠᠮᠳᠤᠷᠠᠯᠴᠠᠭ᠎ᠠ᠎ᠪᠠᠨ ᠦᠷᠭᠡᠳᠭᠡᠨ᠂ ᠳᠡᠯᠡᠭᠡᠢ ᠵᠢᠨ ᠠ᠋ᠩᠭᠡ ᠳᠠᠢ᠌ᠪᠤᠩ᠂ ᠳᠤᠭᠳᠠᠭᠤᠨ ᠬᠦᠭᠵᠢᠯᠳᠡ ᠵᠢ ᠠᠬᠢᠭᠤᠯᠬᠤ᠎ᠳᠤ ᠬᠤᠪᠢ ᠨᠡᠮᠡᠷᠢ ᠦᠵᠡᠬᠦᠯᠦᠨ᠎ᠡ ᠭᠡᠵᠤ ᠢᠯᠡᠷᠭᠡᠢ᠌ᠯᠡᠪᠡ᠃
      ᠯᠢ ᠺᠸ ᠴᠢᠶᠠᠩ ᠮᠸᠢᠢ᠍ᠳ᠋ᠸᠸᠢᠵᠢᠶᠠᠹ᠎ᠲᠠᠢ ᠬᠠᠮᠳᠤᠪᠠᠷ ᠬᠠᠨ ᠵᠸᠩ ᠪᠤᠯᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠳᠤᠮᠳᠠᠳᠤ ᠤᠷᠤᠰ᠎ᠤᠨ ᠬᠦᠮᠦᠨ ᠨᠡᠢ᠌ᠭᠡᠮ᠎ᠤᠨ ᠬᠠᠮᠳᠤᠷᠠᠯᠴᠠᠭ᠋ᠠᠨ᠎ᠤ ᠵᠦᠪᠯᠡᠯ᠎ᠤᠨ ᠳᠤᠮᠳᠠᠳᠤ ᠵᠢᠨ ᠳᠡᠷᠢᠬᠦᠯᠡᠭᠴᠢ ᠰᠦᠨ ᠴᠦᠨ ᠯᠠᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠳᠤᠮᠳᠠᠳᠤ ᠤᠷᠤᠰ᠎ᠤᠨ ᠶᠡᠷᠦᠩᠭᠡᠢ ᠰᠠᠢ᠌ᠳ᠎ᠤᠨ ᠳᠤᠭᠳᠠᠮᠠᠯ ᠬᠤᠭᠤᠴᠠᠭ᠎ᠠ᠎ᠲᠠᠢ ᠠᠭᠤᠯᠵᠠᠯᠳᠠ ᠵᠢᠨ ᠵᠦᠪᠯᠡᠯ᠂ ᠳᠤᠮᠳᠠᠳᠤ ᠤᠯᠤᠰ᠎ᠤᠨ ᠵᠡᠬᠦᠨ ᠬᠤᠢ᠌ᠳᠤ ᠤᠷᠤᠨ ᠪᠤᠯᠤᠨ ᠤᠷᠤᠰ᠎ᠤᠨ ᠠᠯᠤᠰ ᠳᠤᠷᠤᠨᠠᠳᠤ ᠵᠢᠴᠢ ᠪᠠᠢ᠌ᠭ᠋ᠠᠯ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠬᠤᠭᠤᠷᠤᠨᠳᠤᠬᠢ ᠬᠠᠮᠳᠤᠷᠠᠯᠴᠠᠭ᠋ᠠᠨ᠎ᠤ ᠵᠦᠪᠯᠡᠯ᠎ᠤᠨ ᠳᠤᠮᠳᠠᠳᠤ ᠵᠢᠨ ᠳᠡᠷᠢᠬᠦᠯᠡᠭᠴᠢ ᠬᠤ᠌ ᠴᠦᠨ ᠬᠤᠸᠠ᠂ ᠤᠷᠤᠰ᠎ᠤᠨ ᠳᠠᠯ᠎ᠠ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠂ ᠤᠷᠤᠰ᠎ᠤᠨ ᠨᠢᠭᠡᠳᠦᠭᠡᠷ ᠳᠡᠳ᠋ ᠶᠡᠷᠦᠩᠭᠡᠢ ᠰᠠᠢ᠌ᠳ ᠰᠢᠯᠦᠢ᠍ᠠᠠᠨᠦᠸᠸᠹ᠂ ᠳᠡᠳ᠋ ᠶᠠᠷᠦᠩᠭᠡᠢ ᠰᠠᠢ᠌ᠳ ᠭᠤᠯᠢᠺᠦᠸᠠ᠂ ᠳᠡᠳ᠋ ᠶᠡᠷᠦᠩᠭᠡᠢ ᠰᠠᠢ᠌ᠳ ᠠᠺᠢᠮᠤᠹ᠂ ᠳᠡᠳ᠋ ᠶᠡᠷᠦᠩᠭᠡᠢ ᠰᠠᠢ᠌ᠳ ᠲᠸᠷᠦᠢ᠍ᠲᠸᠨ᠋ᠸᠹ ᠨᠡᠷ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠪᠠ᠃
      ᠯᠢ ᠺᠸ ᠴᠢᠶᠠᠩ᠂ ᠠ᠋ᠨᠡ ᠵᠢᠯ᠎ᠠᠴᠠ ᠳᠤᠮᠳᠠᠳᠤ ᠤᠷᠤᠰ᠎ᠤᠨ ᠠᠵᠤ ᠠᠬᠤᠢ ᠠᠷᠠᠯᠵᠢᠶᠠᠨ᠎ᠤ ᠬᠠᠮᠳᠤᠷᠠᠯᠴᠠᠭ᠎ᠠ ᠦᠷᠬᠦᠯᠵᠢᠯᠡᠨ ᠬᠦᠭᠵᠢᠵᠤ᠂ ᠵᠢᠯ᠎ᠤᠨ ᠠᠷᠠᠯᠵᠢᠶᠠᠨ᠎ᠤ ᠦᠷᠳᠡᠭ 1000 ᠳ᠋ᠦᠩᠰᠢᠭᠤᠷ ᠳ᠋ᠤᠯᠯᠠᠷ᠎ᠲᠤ ᠬᠦᠷᠬᠦ ᠪᠤᠯᠤᠯᠴᠠᠭ᠎ᠠ᠎ᠲᠠᠢ ᠪᠠᠢ᠌ᠬᠤ ᠪᠦᠭᠡᠳ ᠬᠤᠵᠢᠮ᠎ᠤᠨ ᠬᠠᠮᠳᠤᠷᠠᠯᠴᠠᠭ᠋ᠠᠨ᠎ᠤ ᠳᠠᠯᠳᠠ ᠬᠦᠴᠦᠨ ᠶᠡᠭᠡ ᠪᠡᠢ᠌ᠨ᠎ᠡ᠃ ᠬᠤᠶᠠᠷ ᠳᠠᠯ᠎ᠠ᠎ᠪᠠᠷ ᠵᠶ᠋ᠡᠨ ᠠᠷᠠᠯᠵᠢᠶ᠎ᠠ᠎ᠪᠠᠨ ᠤᠯᠠᠮ ᠵᠶ᠋ᠡᠷ ᠴᠢᠩᠭ᠋ᠠᠳᠬᠠᠨ᠂ ᠬᠠᠷᠢᠯᠴᠠᠨ ᠪᠡᠯᠡ ᠤᠷᠤᠭᠤᠯᠬᠤ᠎ᠪᠠᠨ ᠨᠡᠮᠡᠭᠳᠡᠬᠦᠯᠵᠤ᠂ ᠬᠦᠳᠡᠭᠡ ᠠᠵᠤ ᠠᠬᠤᠢ ᠵᠢᠨ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠦᠨ᠂ ᠳᠤᠮᠳᠠᠳᠤ ᠤᠷᠤᠰ᠎ᠤᠨ ᠬᠢᠯᠢ ᠳᠠᠪᠠᠭᠰᠠᠨ ᠠ᠋ᠯᠸᠺᠲᠷᠤᠨ ᠬᠤᠳᠠᠯᠳᠤᠭ᠋ᠠᠨ᠎ᠤ ᠠ᠋ᠷᠡᠬᠦᠯ ᠳᠤᠭᠳᠠᠭᠤᠨ ᠬᠦᠭᠵᠢᠯᠳᠡ ᠵᠢ ᠠᠬᠢᠭᠤᠯᠵᠤ᠂ ᠰᠢᠨ᠎ᠠ ᠵᠢ ᠠ᠋ᠬᠦᠳᠬᠦ ᠬᠦᠷᠢᠶ᠎ᠡ ᠴᠠᠷᠠᠭ᠎ᠠ ᠢᠯᠠᠩᠭᠤᠶ᠎ᠠ ᠰᠢᠨᠵᠢᠯᠠᠬᠦ ᠤᠬᠠᠭ᠋ᠠᠨ ᠮᠡᠷᠭᠡᠵᠢᠯ᠎ᠤᠨ ᠭᠡᠷᠡᠭᠯᠡᠯᠳᠡ ᠪᠤᠯᠤᠨ ᠰᠠᠭᠤᠷᠢ ᠰᠤᠳᠤᠯᠭ᠋ᠠᠨ᠎ᠤ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠤ ᠪᠠᠢ᠌ᠨ᠎ᠠ᠃ ᠠ᠋ᠨᠡ ᠵᠢᠯ ᠪᠠ ᠳᠠᠷᠠᠭ᠎ᠠ ᠵᠢᠯ᠎ᠤᠨ ᠳᠤᠮᠳᠠᠳᠤ ᠤᠷᠤᠰ᠎ᠤᠨ ᠤᠷᠤᠨ ᠨᠤᠳᠤᠭ᠎ᠤᠨ ᠬᠠᠮᠳᠤᠷᠠᠯᠴᠠᠭ᠎ᠠ ᠰᠤᠯᠢᠯᠴᠠᠭ᠋ᠠᠨ᠎ᠤ ᠤᠨ ᠵᠶ᠋ᠡᠷ ᠳᠤᠬᠢᠶᠠᠯ ᠪᠤᠯᠭ᠋ᠠᠨ᠂ ᠬᠤᠶᠠᠷ ᠤᠯᠤᠰ᠎ᠤᠨ ᠡᠯ᠎ᠡ ᠭᠠᠵᠠᠷ᠎ᠤᠨ ᠬᠠᠮᠳᠤᠷᠠᠯᠴᠠᠭ᠎ᠠ ᠵᠢ ᠳᠠᠢ᠌ᠴᠢᠯᠠᠨ᠂ ᠬᠦᠮᠦᠨ ᠨᠡᠢ᠌ᠭᠡᠮ᠎ᠤᠨ ᠰᠤᠯᠢᠴᠯᠠᠭ᠎ᠠ ᠵᠢ ᠦᠷᠬᠦᠯᠵᠢᠯᠡᠨ ᠬᠦᠨᠵᠡᠭᠡᠢ᠌ᠷᠡᠬᠦᠯᠵᠤ᠂ ᠮᠡᠳᠡᠭᠡ ᠵᠠᠭᠤᠴᠢᠯᠠᠭᠤᠷ᠂ ᠵᠠᠯᠠᠭᠤᠴᠤᠳ᠂ ᠵᠤᠭ᠋ᠠᠴᠠᠯ᠂ ᠠ᠋ᠷᠡᠬᠦᠯ ᠬᠠᠮᠠᠭ᠋ᠠᠯᠠᠯ᠂ ᠪᠡᠶ᠎ᠡ ᠳᠡᠮᠢᠷ ᠵᠡᠷᠭᠡ ᠡᠯ᠎ᠡ ᠬᠦᠷᠢᠶ᠎ᠠ ᠴᠠᠷᠠᠭ᠎ᠠ ᠵᠢᠨ ᠰᠤᠯᠢᠴᠯᠠᠭ᠎ᠠ ᠵᠢ ᠴᠢᠩᠭ᠋ᠠᠳᠬᠠᠨ᠎ᠠ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠳᠤᠮᠳᠠᠳᠤ ᠵᠢᠨ᠎ᠬᠢᠨ ᠳᠤᠷᠠᠳᠠᠶ᠎ᠠ ᠤᠷᠤᠰ᠎ᠲᠠᠢ ᠬᠠᠮᠳᠤᠪᠠᠷ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢᠨ ᠦᠨᠳᠦᠰᠤᠨ ᠵᠠᠷᠴᠢᠮ ᠪᠤᠯᠤᠨ ᠵᠤᠷᠢᠭ ᠰᠠᠨᠠᠭ᠎ᠠ ᠵᠢ ᠴᠢᠷᠮᠠᠢ᠌ᠨ ᠬᠠᠮᠠᠭ᠋ᠠᠯᠠᠵᠤ᠂ ᠴᠢᠯᠦᠭᠡᠳᠤ ᠠᠷᠠᠯᠵᠢᠶ᠎ᠠ᠂ ᠤᠯᠠᠨ ᠳᠠᠯᠠᠳᠤ ᠦᠵᠡᠯ᠎ᠢ ᠬᠠᠮᠠᠭ᠋ᠠᠯᠠᠨ᠎ᠠ᠃ 《ᠨᠢᠭᠡ ᠪᠦᠰᠡ ᠨᠢᠭᠡ ᠵᠡᠮ》᠎ᠤᠨ ᠪᠦᠳᠦᠭᠡᠨ ᠪᠠᠢ᠌ᠭᠤᠯᠤᠯᠳᠠ ᠵᠢᠨ ᠰᠠᠨᠠᠭ᠋ᠠᠴᠢᠯᠠᠭ᠎ᠠ ᠵᠢ ᠠ᠋ᠸᠦᠢ᠍ᠷᠦᠫᠠ ᠠᠽᠢᠶ᠎ᠠ ᠵᠢᠨ ᠠᠵᠤ ᠠᠬᠤᠢ ᠵᠢᠨ ᠬᠤᠯᠪᠤᠭ᠎ᠠ᠎ᠲᠠᠢ ᠨᠡᠩ ᠰᠠᠢ᠌ᠨ ᠵᠶ᠋ᠡᠷ ᠠᠪᠴᠠᠯᠳᠤᠭᠤᠯᠵᠤ᠂ ᠬᠠᠮᠳᠤᠪᠠᠷ ᠵᠦᠪᠳᠡᠯᠴᠡᠨ ᠬᠠᠮᠳᠤᠪᠠᠷ ᠪᠠᠢ᠌ᠭᠤᠯᠵᠤ ᠬᠠᠮᠳᠤᠪᠠᠷ ᠠᠰᠢᠭ ᠤᠯᠤᠨ᠎ᠠ᠃ ᠮᠦᠨᠴᠤ ᠡᠯ᠎ᠡ ᠳᠠᠯ᠎ᠠ ᠵᠢᠨ᠎ᠬᠢᠨ᠎ᠤ ᠢᠳᠡᠪᠬᠢᠳᠡᠢ᠎ᠪᠠᠷ ᠤᠷᠤᠯᠴᠠᠬᠤ ᠵᠢ ᠪᠠᠶᠠᠷᠯᠠᠨ ᠤᠭᠳᠤᠨ᠎ᠠ ᠭᠡᠵᠤ ᠴᠢᠬᠤᠯᠠᠴᠢᠯᠠᠪᠠ᠃
      ᠮᠸᠢᠢ᠍ᠳ᠋ᠸᠸᠢᠵᠢᠶᠠᠹ᠂ ᠤᠷᠤᠰ ᠳᠤᠮᠳᠠᠳᠤ ᠳᠡᠭᠡᠳᠤ ᠭᠡᠮᠵᠢᠶ᠎ᠡ᠎ᠪᠠᠷ ᠬᠠᠷᠢᠯᠴᠠᠨ ᠢᠲᠡᠭᠡᠯᠴᠡᠵᠤ᠂ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠯᠴᠠᠭ᠎ᠠ᠎ᠪᠠᠨ ᠳᠠᠰᠤᠷᠠᠯᠳᠠ ᠦᠭᠡᠢ ᠬᠦᠨᠵᠡᠭᠡᠢ᠌ᠷᠡᠬᠦᠯᠪᠡ᠃ ᠬᠤᠶᠠᠷ ᠤᠯᠤᠰ᠎ᠤᠨ ᠭᠤᠤᠯ ᠤᠳᠤᠷᠢᠳᠤᠯᠭ᠎ᠠ ᠵᠢᠯ᠎ᠤᠨ ᠳᠤᠳᠤᠷ᠎ᠠ ᠤᠯᠠᠨᠳᠠ ᠠᠭᠤᠯᠵᠠᠨ ᠵᠦᠪᠳᠡᠯᠴᠡᠪᠡ᠃ ᠤᠷᠤᠰ᠎ᠤᠨ᠎ᠬᠢᠨ ᠳᠤᠷᠠᠳᠠᠶ᠎ᠠ ᠳᠤᠮᠳᠠᠳᠤ ᠵᠢᠨ᠎ᠬᠢᠨ᠎ᠲᠠᠢ ᠳᠡᠭᠡᠳᠤ ᠳᠠᠪᠬᠤᠷᠭ᠎ᠠ ᠵᠢᠴᠢ ᠡᠯ᠎ᠡ ᠳᠠᠪᠬᠤᠷᠭ᠋ᠠᠨ᠎ᠤ ᠶᠠᠪᠤᠯᠴᠠᠭ᠎ᠠ᠎ᠪᠠᠨ ᠨᠢᠬᠳᠠᠷᠠᠭᠤᠯᠵᠤ᠂ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠦᠨ᠂ ᠠᠷᠠᠯᠵᠢᠶᠠᠨ᠎ᠤ ᠭᠡᠪᠴᠢᠶ᠎ᠠ᠎ᠪᠠᠨ ᠳᠠᠰᠤᠷᠠᠯᠳᠠ ᠦᠭᠡᠢ ᠦᠷᠭᠡᠳᠭᠡᠵᠤ᠂ ᠬᠤᠶᠠᠷ ᠳᠠᠯ᠎ᠠ ᠵᠢᠨ ᠪᠡᠯᠡ ᠤᠷᠤᠭᠤᠯᠤᠯᠳᠠ᠎ᠪᠠᠨ ᠨᠡᠮᠡᠭᠳᠡᠬᠦᠯᠦᠨ᠂ ᠰᠢᠨ᠎ᠠ ᠵᠢ ᠠ᠋ᠬᠦᠳᠬᠦ᠂ ᠠ᠋ᠯᠸᠺᠲᠷᠤᠨ ᠬᠤᠳᠠᠯᠳᠤᠭ᠎ᠠ᠂ ᠬᠦᠳᠡᠭᠡ ᠠᠵᠤ ᠠᠬᠤᠢ᠂ ᠠ᠋ᠨ᠋ᠸᠷᠬᠢ᠂ ᠴᠦᠮ᠎ᠠ ᠵᠢᠨ ᠠ᠋ᠨ᠋ᠸᠷᠬᠢ᠂ ᠵᠠᠮ ᠬᠠᠷᠢᠯᠴᠠᠭ᠎ᠠ᠂ ᠳᠡᠭᠡᠭᠡᠪᠤᠷᠢ ᠵᠢᠨ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠳᠦᠷᠭᠡᠳᠭᠡᠨ᠎ᠡ᠃ ᠠ᠋ᠨᠡ ᠵᠢᠯ ᠪᠠ ᠢᠷᠡᠬᠦ ᠵᠢᠯ᠎ᠤᠨ ᠳᠤᠮᠳᠠᠳᠤ ᠤᠷᠤᠰ᠎ᠤᠨ ᠤᠷᠤᠨ ᠨᠤᠳᠤᠭ᠎ᠤᠨ ᠬᠠᠮᠳᠤᠷᠠᠯᠴᠠᠭ᠎ᠠ ᠰᠤᠯᠢᠯᠴᠠᠭ᠋ᠠᠨ᠎ᠤ ᠤᠨ᠎ᠤ ᠠᠵᠢᠯ᠎ᠢ ᠰᠠᠢ᠌ᠳᠤᠷ ᠨᠠᠢ᠌ᠳᠠᠪᠤᠷᠢᠵᠢᠭᠤᠯᠵᠤ᠂ ᠤᠷᠤᠰ᠎ᠤᠨ ᠠᠯᠤᠰ ᠳᠤᠷᠤᠨᠠᠳᠤ ᠤᠷᠤᠨ ᠪᠤᠯᠤᠨ ᠳᠤᠮᠳᠠᠳᠤ ᠵᠢᠨ ᠵᠡᠬᠦᠨ ᠬᠤᠢ᠌ᠳᠤ ᠤᠷᠤᠨ᠎ᠤ ᠬᠠᠮᠳᠤᠷᠠᠯᠴᠠᠭ᠎ᠠ ᠵᠢ ᠴᠢᠩᠭ᠋ᠠᠳᠬᠠᠨ᠎ᠠ᠃ ᠤᠯᠠᠨ ᠳᠠᠯᠠᠳᠤ ᠦᠵᠡᠯ ᠪᠤᠯᠤᠨ ᠳᠡᠯᠡᠭᠡᠢ ᠵᠢᠨ ᠠᠵᠤ ᠠᠬᠤᠢ ᠵᠢᠨ ᠵᠤᠬᠢᠶᠠᠨ ᠪᠠᠢ᠌ᠭᠤᠯᠤᠯᠳᠠ᠎ᠪᠠᠷ ᠭᠤᠤᠯ ᠪᠤᠯᠭ᠋ᠠᠭᠰᠠᠨ ᠴᠢᠯᠦᠭᠡᠳᠤ ᠠᠷᠠᠯᠵᠢᠶᠠᠨ᠎ᠤ ᠳᠤᠭᠳᠠᠴᠠ ᠵᠢ ᠬᠠᠮᠳᠤᠪᠠᠷ ᠬᠠᠮᠠᠭ᠋ᠠᠯᠠᠨ᠂ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢᠨ ᠦᠭᠡᠷᠡᠴᠢᠯᠡᠯᠳᠡ ᠵᠢᠨ ᠠᠰᠠᠭᠤᠳᠠᠯ᠎ᠢ ᠵᠦᠪᠳᠡᠯᠴᠡᠬᠦ᠎ᠪᠠᠨ ᠴᠢᠩᠭ᠋ᠠᠳᠬᠠᠵᠤ᠂ ᠭᠠᠭᠴᠠ ᠳᠠᠯᠠᠳᠤ ᠦᠵᠡᠯ ᠪᠤᠯᠤᠨ ᠬᠠᠮᠠᠭ᠋ᠠᠯᠠᠬᠤ ᠦᠵᠡᠯ᠎ᠢ ᠠ᠋ᠰᠡᠷᠬᠦᠴᠡᠨ᠎ᠠ ᠭᠡᠵᠤ ᠢᠯᠡᠷᠭᠡᠢ᠌ᠯᠡᠪᠡ᠃
      ᠬᠤᠶᠠᠷ ᠤᠯᠤᠰ᠎ᠤᠨ ᠶᠡᠷᠦᠩᠭᠡᠢ ᠰᠠᠢ᠌ᠳ ᠪᠠᠰᠠ ᠬᠠᠮᠳᠤᠪᠠᠷ ᠠᠩᠬᠠᠷᠴᠤ ᠪᠠᠢ᠌ᠭ᠎ᠠ ᠳᠡᠯᠡᠭᠡᠢ ᠪᠤᠯᠤᠨ ᠭᠠᠵᠠᠷ ᠤᠷᠤᠨ᠎ᠤ ᠠᠰᠠᠭᠤᠳᠠᠯ᠎ᠤᠨ ᠳᠤᠬᠠᠢ ᠰᠠᠨᠠᠯ ᠵᠶ᠋ᠡᠨ ᠰᠤᠯᠢᠯᠴᠠᠪᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠵᠢᠶᠠᠩᠰᠤ ᠵᠢᠨ ᠨᠠᠨ ᠲᠦᠩ᠎ᠳᠤ ᠨᠢᠰᠭᠡᠯ᠎ᠠᠴᠠ ᠪᠠᠭᠤᠮᠠᠭᠴᠠ ᠴᠦᠩ ᠴᠤᠸᠠᠨ ᠰᠠᠯᠪᠤᠷᠢ ᠪᠠᠩᠬᠢ᠎ᠳᠤ ᠬᠦᠷᠴᠡᠢ
ᠰᠦᠨ ᠴᠦᠨ ᠯᠠᠨ ᠮᠲ᠋ᠤᠲᠸᠠ᠎ᠲᠠᠢ ᠬᠠᠮᠳᠤ᠎ᠪᠠᠷ ᠳᠤᠮᠳᠠᠳᠤ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠪᠡ
ᠸᠠᠩ ᠢ᠄ ᠳᠤᠮᠳᠠᠳᠤ ᠠᠮᠸᠷᠢᠺᠠ ᠬᠠᠷᠢᠯᠴᠠᠨ ᠰᠢᠨ᠎ᠠ᠎ᠪᠠᠷ ᠪᠤᠭᠤᠮᠳᠠ ᠵᠢᠨ ᠭᠠᠢ᠌ᠯᠢ ᠨᠡᠮᠡᠵᠤ ᠳᠠᠳᠠᠪᠤᠷᠢᠯᠠᠬᠤ᠎ᠪᠠᠨ ᠵᠤᠭᠰᠤᠭ᠋ᠠᠪᠠ
ᠯᠢ ᠺᠸ ᠴᠢᠶᠠᠩ᠄ ᠳᠠᠷᠢᠶᠠᠴᠢᠨ ᠠ᠋ᠷᠤᠬᠡ ᠵᠢᠨ ᠠᠵᠢᠯᠴᠢᠨ ᠭᠡᠬᠦ ᠠ᠋ᠨᠡᠬᠦ ᠨᠡᠷᠡᠢ᠌ᠳᠤᠯ᠎ᠢ ᠪᠤᠢ ᠪᠦᠬᠦᠢ ᠳᠤᠮᠳᠠᠳᠤ ᠵᠢᠨ ᠬᠦᠮᠦᠨ ᠵᠢᠴᠢ ᠪᠦᠬᠦ ᠳᠡᠯᠡᠭᠡᠢ᠎ᠪᠠᠷ ᠵᠶ᠋ᠡᠨ ᠬᠦᠨᠳᠦᠳᠭᠡᠪᠡᠯ ᠵᠤᠬᠢᠨ᠎ᠠ
ᠯᠢ ᠺᠸ ᠴᠢᠶᠠᠩ ᠰᠤ᠌ ᠨᠢᠩ ᠪᠦᠯᠦᠭᠯᠡᠯ᠎ᠢ ᠪᠢᠴᠢᠨ ᠪᠠᠭᠰᠢ ᠮᠠᠳᠤ ᠠ᠋ᠬᠦᠯᠡ ᠮᠠᠨᠠᠨ᠎ᠢ ᠬᠦᠯᠭᠡᠯᠡᠬᠦ ᠮᠦᠷᠳᠡᠭᠡᠨ ᠭᠡᠷᠡᠭᠯᠡᠭᠴᠢᠳ᠎ᠤᠨ ᠰᠡᠳᠬᠢᠯ᠎ᠳᠤ ᠨᠡᠢ᠌ᠴᠡᠬᠦᠯᠬᠦ ᠭᠡᠷᠡᠭᠳᠡᠢ ᠭᠡᠵᠤ ᠵᠤᠷᠢᠬ᠍ᠵᠢᠭᠤᠯᠪᠠ
 
            