ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠠᠵᠤ ᠠᠬᠤᠢ ᠵᠢᠨ ᠪᠠᠢ᠌ᠳᠠᠯ᠎ᠤᠨ ᠳᠤᠬᠠᠢ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠳᠠᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠭᠡᠪᠡ
ᠨᠡᠶᠢᠲᠡᠯᠡᠭᠰᠡᠨ ᠴᠠᠭ᠄ 2018-11-15

                   
     11 ᠳ᠋ᠤᠭᠡᠷ ᠰᠠᠷ᠎ᠠ ᠵᠢᠨ 8᠎ᠤ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠠᠵᠤ ᠠᠬᠤᠢ ᠵᠢᠨ ᠪᠠᠢ᠌ᠳᠠᠯ᠎ᠤᠨ ᠳᠤᠬᠠᠢ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠳᠠᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠬᠢᠵᠤ᠂ ᠤᠳᠤᠬᠠᠨ᠎ᠤ ᠠᠵᠤ ᠠᠬᠤᠢ ᠵᠢᠨ ᠪᠠᠢ᠌ᠳᠠᠯ᠂ ᠢᠷᠡᠬᠦ ᠵᠢᠯ᠎ᠤᠨ ᠬᠦᠭᠵᠢᠯᠳᠡ ᠵᠢᠨ ᠳᠦᠯᠦᠪᠵᠢᠬᠦᠯᠭᠡ ᠵᠢᠨ ᠳᠤᠬᠠᠢ ᠰᠠᠨᠠᠯ ᠰᠠᠨᠠᠭᠤᠯᠭ᠎ᠠ ᠵᠢ ᠰᠤᠨᠤᠰᠴᠠᠢ᠃
      ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠠᠨ ᠵᠸᠩ ᠬᠤᠷᠠᠯ᠎ᠳᠤ ᠤᠷᠤᠯᠴᠠᠪᠠ᠃
      ᠬᠤᠷᠠᠯ ᠳᠡᠭᠡᠷ᠎ᠠ᠂ ᠬᠤᠸᠠᠩ ᠢ ᠫᠢᠩ᠂ ᠠ᠋ᠾᠸ ᠳ᠋ᠸ ᠰᠢᠦᠢ᠂ ᠸᠸᠢ ᠱᠠᠩ ᠵᠢᠨ ᠵᠡᠷᠭᠡ ᠠ᠋ᠷᠳᠡᠮᠳᠡᠨ ᠪᠤᠯᠤᠨ ᠵᠸᠵᠢᠶᠠᠩ᠎ᠤᠨ ᠷᠦᠩ ᠱᠸᠩ ᠪᠦᠯᠦᠭᠯᠡᠯ᠂ ᠽᠢ ᠭᠤᠸᠠᠩ ᠪᠦᠯᠦᠭᠯᠡᠯ ᠵᠡᠷᠭᠡ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ ᠬᠤᠷᠸ᠎ᠠ ᠠᠵᠤ ᠠᠬᠤᠢ ᠵᠢᠨ ᠠᠵᠢᠯᠯᠠᠭ᠋ᠠᠨ ᠪᠤᠯᠤᠨ ᠳᠦᠷᠦ ᠵᠢᠨ ᠪᠤᠳᠤᠯᠭ᠎ᠠ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠦᠭᠵᠢᠯᠳᠡ᠂ ᠮᠡᠷᠭᠡᠵᠢᠯ᠎ᠤᠨ ᠰᠢᠨᠡᠴᠢᠯᠡᠯᠲᠡ᠂ ᠠᠵᠢᠯ ᠤᠯᠭᠤᠬᠤ ᠵᠠᠬ᠎ᠠ ᠳᠡᠯᠭᠡᠬᠦᠷ᠎ᠤᠨ ᠳᠤᠭᠤᠷᠢᠨ᠎ᠳᠤ ᠶᠠᠷᠢᠯᠴᠠᠭ᠋ᠠᠨ ᠦᠷᠨᠢᠬᠦᠯᠵᠤ ᠪᠤᠳᠤᠯ ᠰᠠᠨᠠᠯ ᠵᠶ᠋ᠡᠨ ᠳᠤᠰᠬᠠᠵᠠᠢ᠃ ᠯᠢ ᠺᠸ ᠴᠢᠶᠠᠩ ᠤᠯᠠᠨ᠎ᠲᠠᠢ ᠬᠦᠨᠵᠡᠭᠡᠢ ᠶᠠᠷᠢᠯᠴᠨᠨ᠂ ᠦᠷᠭᠡᠨ ᠤᠯᠠᠨ ᠠ᠋ᠷᠳᠡᠮᠳᠡᠨ ᠪᠤᠯᠤᠨ ᠠᠵᠤ ᠠᠬᠤᠢ᠌ᠯᠠᠯᠳᠠᠨ᠎ᠢ ᠮᠠᠨ᠎ᠤ ᠤᠯᠤᠰ᠎ᠤᠨ ᠠᠵᠤ ᠠᠬᠤᠢ ᠵᠢ ᠳᠤᠭᠳᠠᠭᠤᠨ ᠠ᠋ᠷᠡᠬᠦᠯ ᠵᠶ᠋ᠡᠷ ᠬᠦᠭᠵᠢᠬᠦᠯᠬᠦ ᠵᠢ ᠠᠬᠢᠭᠤᠯᠬᠤ᠂ ᠤᠳᠤᠬᠠᠨ᠎ᠤ ᠳᠤᠪᠤᠢ᠌ᠮ᠎ᠠ ᠠᠰᠠᠭᠤᠳᠠᠯ᠎ᠢ ᠳᠤᠬᠢᠳᠠᠢ ᠰᠢᠢ᠍ᠳᠪᠤᠷᠢᠯᠡᠬᠦ᠎ᠳᠤ ᠰᠠᠢ᠌ᠨ ᠠᠷᠭ᠎ᠠ ᠪᠤᠳᠤᠯᠭ᠎ᠠ ᠬᠠᠩᠭ᠋ᠠᠬᠤ ᠵᠢ ᠬᠦᠰᠡᠵᠡᠢ᠃
      ᠯᠢ ᠺᠸ ᠴᠢᠶᠠᠩ᠂ ᠳᠤᠭᠳᠠᠭᠤᠨ ᠵᠶ᠋ᠠᠷ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠨ᠂ ᠰᠢᠨ᠎ᠠ ᠬᠦᠭᠵᠢᠯᠳᠡ ᠵᠢᠨ ᠤᠢ᠌ᠯᠠᠭ᠋ᠠᠬᠳᠠᠭᠤᠨ᠎ᠢ ᠳᠤᠤᠱᠯᠠᠭᠤᠯᠵᠤ᠂ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠪᠠᠢ᠌ᠳᠠᠯ᠎ᠤᠨ ᠬᠤᠪᠢᠷᠠᠯᠳᠠ ᠵᠢ ᠨᠢᠬᠳᠠ ᠠᠵᠢᠭᠯᠠᠨ᠂ ᠬᠤᠷᠸ᠎ᠠ ᠳᠦᠷᠦ ᠵᠢᠨ ᠪᠤᠳᠤᠯᠭ᠎ᠠ ᠵᠢᠨ ᠦᠷᠬᠦᠯᠵᠢᠯᠡᠬᠦ ᠴᠢᠨᠠᠷ ᠪᠤᠯᠤᠨ ᠳᠤᠭᠳᠠᠭᠤᠨ ᠴᠢᠨᠠᠷ᠎ᠢ ᠪᠠᠳᠤᠯᠠᠵᠤ᠂ ᠳᠦᠷᠦ ᠵᠢᠨ ᠪᠤᠳᠤᠯᠭ᠎ᠠ ᠵᠢᠨ ᠵᠤᠬᠢᠴᠠᠭᠤᠯᠬᠤ ᠴᠢᠨᠠᠷ᠎ᠢ ᠳᠡᠭᠡᠭᠰᠢᠯᠡᠬᠦᠯᠦᠨ᠂ ᠵᠦᠪ ᠤᠨᠤᠪᠴᠢᠳᠠᠢ᠎ᠪᠠᠷ ᠭᠡᠷᠡᠭᠵᠢᠬᠦᠯᠬᠦ ᠭᠡᠷᠡᠭᠳᠡᠢ; ᠬᠠᠩᠭ᠋ᠠᠯᠭ᠎ᠠ ᠵᠢᠨ ᠳᠠᠯ᠎ᠠ ᠵᠢᠨ ᠪᠦᠳᠦᠴᠠ ᠵᠢᠨ ᠴᠢᠨᠠᠷ᠎ᠲᠠᠢ ᠦᠭᠡᠷᠡᠴᠢᠯᠡᠯᠳᠡ ᠵᠢ ᠤᠯᠠᠮ ᠵᠶ᠋ᠡᠷ ᠬᠦᠨᠵᠡᠭᠡᠢ᠌ᠷᠡᠬᠦᠯᠵᠤ᠂ ᠳᠤᠳᠠᠭᠤᠳᠠᠯ ᠵᠶ᠋ᠡᠨ ᠢᠳᠡᠪᠬᠢᠳᠡᠢ᠎ᠪᠠᠷ ᠨᠦᠬᠦᠪᠤᠷᠢᠯᠡᠵᠤ ᠳᠡᠰ ᠳᠡᠪᠰᠢᠬᠦᠯᠦᠨ᠂ ᠭᠠᠢ᠌ᠯᠢ ᠵᠢ ᠬᠠᠰᠤᠨ ᠵᠠᠷᠤᠳᠠᠯ᠎ᠢ ᠪᠠᠭᠤᠷᠠᠭᠤᠯᠬᠤ ᠬᠦᠴᠦᠨ ᠵᠶ᠋ᠡᠨ ᠤᠯᠠᠮ ᠵᠶ᠋ᠡᠷ ᠨᠡᠮᠡᠭᠳᠡᠬᠦᠯᠵᠤ᠂ ᠪᠦᠳᠦᠮᠵᠢᠳᠡᠢ ᠠᠷᠭ᠎ᠠ ᠭᠡᠮᠵᠢᠶ᠎ᠡ ᠠᠪᠴᠤ ᠪᠠᠢ᠌ᠭ᠋ᠠᠳ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠂ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠴᠤᠭᠯᠠᠭᠤᠯᠬᠤ᠎ᠳᠤ ᠬᠦᠴᠢᠷ᠎ᠲᠠᠢ ᠪᠠᠢ᠌ᠳᠠᠯ᠎ᠢ ᠬᠤᠪᠢᠷᠠᠭᠤᠯᠬᠤ ᠭᠡᠷᠡᠭᠳᠡᠢ; ᠠᠵᠢᠯ ᠤᠯᠭᠤᠬᠤ ᠵᠢ ᠬᠤᠷᠸ᠎ᠠ ᠳᠦᠷᠦ ᠵᠢᠨ ᠪᠤᠳᠤᠯᠭ᠎ᠠ ᠵᠢᠨ ᠳᠡᠷᠢᠬᠦᠨ ᠪᠠᠢ᠌ᠷᠢᠨ᠎ᠳᠤ ᠳᠠᠯᠪᠢᠵᠤ᠂ ᠠᠵᠢᠯ ᠤᠯᠭᠤᠬᠤ ᠦᠢ᠍ᠯᠡᠴᠢᠯᠡᠭᠡ᠎ᠪᠠᠨ ᠴᠢᠩᠭ᠋ᠠᠳᠬᠠᠨ᠂ ᠤᠯᠠᠨ ᠵᠦᠢ᠍ᠯ᠎ᠤᠨ ᠠᠷᠭ᠎ᠠ ᠭᠡᠯᠪᠡᠷᠢ᠎ᠪᠠᠷ ᠠᠵᠢᠯ ᠤᠯᠭᠤᠬᠤ ᠵᠠᠮ᠎ᠢ ᠦᠷᠭᠡᠳᠭᠡᠵᠤ᠂ ᠢᠳᠡᠪᠬᠢᠳᠡᠢ᠎ᠪᠠᠷ ᠠᠵᠢᠯ ᠤᠯᠭᠤᠨ᠂ ᠨᠡᠩ ᠠᠷᠪᠢᠨ ᠨᠡᠢ᠌ᠭᠡᠮ᠎ᠤᠨ ᠠ᠋ᠳ᠋ ᠬᠦᠷᠦᠩᠭᠡ ᠵᠢ ᠠ᠋ᠬᠦᠳᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠯᠢ ᠺᠸ ᠴᠢᠶᠠᠩ᠂ ᠬᠦᠭᠵᠢᠯᠳᠡ ᠵᠢ ᠠᠬᠢᠭᠤᠯᠬᠤ ᠵᠢᠨ ᠵᠠᠩᠬᠢᠯᠠᠭ᠎ᠠ ᠵᠢᠨ ᠭᠤᠭᠴᠤᠭ᠎ᠠ᠎ᠨᠢ ᠠᠵᠤ ᠠᠬᠤᠢ᠌ᠯᠠᠯ᠎ᠳᠤ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠰᠠᠢ᠌ᠨ ᠰᠠᠢ᠌ᠬᠠᠨ ᠤᠷᠴᠢᠨ ᠳᠤᠭᠤᠷᠢᠨ ᠬᠠᠩᠭ᠋ᠠᠵᠤ᠂ ᠠᠵᠤ ᠠᠬᠤᠢ᠌ᠯᠠᠯ᠎ᠤᠨ ᠭᠡᠷᠡᠭᠴᠡᠭᠡ ᠱᠠᠭ᠋ᠠᠷᠳᠠᠯᠭ᠎ᠠ ᠵᠢᠨ ᠳᠤᠭᠤᠷᠢᠨ᠎ᠳᠤ ᠳᠦᠷᠦ ᠵᠢᠨ ᠪᠤᠳᠤᠯᠭ᠎ᠠ᠎ᠪᠠᠨ ᠳᠡᠬᠦᠯᠳᠡᠷᠵᠢᠬᠦᠯᠤᠨ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠂ ᠪᠠᠭ᠎ᠠ ᠵᠢᠵᠢᠭ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠤᠷᠢᠯᠠᠬᠦ᠎ᠳᠤ ᠪᠠᠢ᠌ᠳᠠᠭ᠃ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠳᠡᠭᠡᠷ᠎ᠠ ᠬᠦᠴᠦ ᠳᠠᠯᠪᠢᠨ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ ᠪᠤᠯᠤᠨ ᠨᠡᠢ᠌ᠭᠡᠮ᠎ᠤᠨ ᠪᠦᠳᠦᠭᠡᠯᠴᠢ ᠴᠢᠳᠠᠪᠤᠷᠢ ᠵᠢ ᠶᠡᠭᠡᠪᠡᠷ ᠬᠦᠭᠵᠢᠭᠡᠬᠦ ᠭᠡᠷᠡᠭᠳᠡᠢ᠃ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠦᠷᠬᠦᠯᠵᠢᠯᠡᠨ ᠠᠬᠢᠭᠤᠯᠵᠤ᠂ ᠬᠢᠨᠠᠨ ᠵᠦᠪᠰᠢᠶᠡᠷᠡᠬᠦ ᠬᠦᠢ᠍ᠴᠡᠳᠭᠡᠯ᠎ᠢ ᠤᠯᠠᠮ ᠵᠶ᠋ᠡᠷ ᠰᠢᠯᠢᠳᠡᠭᠵᠢᠬᠦᠯᠦᠨ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠵᠠᠬ᠎ᠠ ᠳᠡᠯᠭᠡᠬᠦᠷ᠎ᠲᠤ ᠤᠷᠤᠬᠤ᠎ᠳᠤ ᠵᠠᠮ ᠳᠠᠯᠪᠢᠬᠤ ᠭᠡᠷᠡᠭᠳᠡᠢ᠃ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠂ ᠭᠠᠳᠠᠭ᠋ᠠᠳᠤ ᠪᠠᠯᠠ ᠵᠢᠨ ᠠᠵᠤ ᠠᠬᠤᠢ᠌ᠯᠠᠯ ᠵᠡᠷᠭᠡ ᠡᠯ᠎ᠡ ᠳᠦᠷᠦᠯ᠎ᠤᠨ ᠠᠵᠤ ᠠᠬᠤᠢ᠌ᠯᠠᠯ᠎ᠳᠤ ᠠᠳᠠᠯᠢ ᠳᠡᠭᠰᠢ᠎ᠪᠠᠷ ᠬᠠᠨᠳᠤᠵᠤ᠂ ᠳᠡᠳᠡᠨ᠎ᠤ ᠪᠡᠯᠡ ᠤᠷᠤᠭᠤᠯᠤᠨ ᠦᠢ᠍ᠯᠡᠰ ᠵᠶ᠋ᠡᠨ ᠬᠦᠭᠵᠢᠬᠦᠯᠬᠦ᠎ᠳᠤ ᠳᠦᠬᠦᠮ ᠦᠵᠡᠬᠦᠯᠦᠨ᠂ ᠳᠡᠳᠡᠨ᠎ᠤ ᠬᠠᠤᠯᠢ ᠶᠤᠰᠤᠨ᠎ᠤ ᠠ᠋ᠷᠭᠡ ᠠᠰᠢᠭ᠎ᠢ ᠬᠠᠮᠠᠭ᠋ᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃
      ᠰᠦᠨ ᠴᠦᠨ ᠯᠠᠨ᠂ ᠬᠤ᠌ ᠴᠦᠨ ᠬᠤᠸᠠ᠂ ᠸᠠᠩ ᠶᠦᠩ᠂ ᠰᠢᠶᠤᠤ ᠵᠢᠶᠸ ᠨᠠᠷ ᠰᠠᠭᠤᠨ ᠶᠠᠷᠢᠯᠴᠠᠬᠤ ᠬᠤᠷᠠᠯ᠎ᠳᠤ ᠤᠷᠤᠯᠴᠠᠪᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠸᠠᠩ ᠢ ᠪᠸᠩᠭ᠋ᠠᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠨᠠᠷᠢᠨ ᠪᠢᠴᠢᠭᠡᠴᠢ ᠬᠠᠺᠸ᠎ᠲᠠᠢ ᠠᠭᠤᠯᠵᠠᠪᠠ
ᠯᠢ ᠺᠸ ᠴᠢᠶᠠᠩ᠄ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ᠎ᠤ ᠢᠳᠡᠪᠬᠢᠳᠡᠢ᠎ᠪᠠᠷ ᠤᠷᠤᠯᠴᠠᠬᠤ ᠵᠢ ᠵᠤᠷᠢᠭᠵᠢᠭᠤᠯᠤᠨ᠎ᠠ ᠭᠡᠪᠡ
ᠯᠢ ᠺᠸ ᠴᠢᠶᠠᠩ ᠺᠦᠪᠠ ᠵᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠪᠦᠭᠡᠳ ᠰᠠᠢ᠌ᠳ ᠨᠠᠷ᠎ᠤᠨ ᠵᠦᠪᠯᠡᠯ᠎ᠤᠨ ᠳᠡᠷᠢᠬᠦᠯᠡᠭᠴᠢ ᠳ᠋ᠢᠶᠡᠰ — ᠺᠠᠨ᠋ᠸᠢᠢ᠍ᠷ᠎ᠲᠠᠢ ᠠᠭᠤᠯᠵᠠᠪᠠ
ᠸᠠᠩ ᠢ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠫᠸᠡᠸᠨ᠎ᠲᠠᠢ ᠠᠭᠤᠯᠵᠠᠪᠠ
ᠬᠠᠨ ᠵᠸᠩ ᠪᠡᠭᠡᠵᠢᠩ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠳᠦᠷᠢᠮ᠎ᠤᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ᠎ᠤᠨ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠪᠠ
 
            