11 ᠳ᠋ᠤᠭᠡᠷ ᠰᠠᠷ᠎ᠠ ᠵᠢᠨ 8᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠯᠢᠦ ᠠ᠋ᠾᠸ ᠪᠡᠭᠡᠵᠢᠩ᠎ᠳᠤ ᠦᠺᠷᠡᠢ᠌ᠨ᠎ᠤ ᠨᠢᠭᠡᠳᠦᠭᠡᠷ ᠳᠡᠳ᠋ ᠶᠡᠷᠦᠩᠭᠡᠢ ᠰᠠᠢ᠌ᠳ ᠪᠦᠭᠡᠳ ᠠᠵᠤ ᠠᠬᠤᠢ ᠠᠷᠠᠯᠵᠢᠶᠠᠨ᠎ᠤ ᠶᠠᠮᠤᠨ᠎ᠤ ᠰᠠᠢ᠌ᠳ ᠺᠦᠪᠢᠹ᠎ᠲᠠᠢ ᠠᠭᠤᠯᠵᠠᠪᠠ᠃
ᠯᠢᠦ ᠠ᠋ᠾᠸ᠂ ᠤᠢ᠌ᠷ᠎ᠠ ᠵᠢᠨ ᠵᠢᠯ᠎ᠠᠴᠠ ᠳᠤᠮᠳᠠᠳᠤ ᠦᠺᠷᠡᠢ᠌ᠨ᠎ᠤ ᠬᠠᠷᠢᠯᠴᠠᠭ᠎ᠠ ᠰᠢᠯᠤᠭᠤᠨ ᠰᠠᠢ᠌ᠨ ᠬᠦᠭᠵᠢᠯᠳᠡ᠎ᠲᠠᠢ ᠪᠤᠯᠪᠠ᠃ ᠬᠤᠶᠠᠷ ᠳᠠᠯ᠎ᠠ᠎ᠪᠠᠷ ᠵᠶ᠋ᠡᠨ ᠳᠡᠷᠢᠬᠦᠯᠡᠭᠴᠢ ᠰᠢ ᠵᠢᠨ ᠫᠢᠩ ᠪᠤᠯᠤᠨ ᠶᠡᠷᠦᠩᠭᠡᠢ᠌ᠯᠡᠭᠴᠢ ᠪᠤᠷᠤᠱᠸᠨᠺᠸᠤᠨ ᠨᠢᠳᠤᠨᠤᠨ ᠵᠢᠯ ᠰᠸᠢᠰ᠎ᠤᠨ ᠳ᠋ᠠᠸᠡᠰᠳᠤ ᠠᠭᠤᠯᠵᠠᠬᠤ᠎ᠳᠤ᠎ᠪᠠᠨ ᠬᠡᠯᠡᠯᠴᠡᠵᠤ ᠳᠤᠬᠢᠷᠠᠭᠰᠠᠨ ᠴᠢᠬᠤᠯᠠ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ᠎ᠪᠠᠷ ᠠᠵᠠ ᠳᠤᠬᠢᠶᠠᠯ ᠪᠤᠯᠭ᠋ᠠᠨ᠂ ᠳᠤᠮᠳᠠᠳᠤ ᠦᠺᠷᠡᠢ᠌ᠨ᠎ᠤ ᠡᠯ᠎ᠡ ᠬᠦᠷᠢᠶ᠎ᠡ ᠴᠠᠷᠠᠭ᠎ᠠ ᠵᠢᠨ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ ᠵᠢ ᠰᠢᠨ᠎ᠠ ᠳᠡᠭᠳᠡᠷ᠎ᠲᠤ ᠠᠬᠢᠭᠤᠯᠵᠤ᠂ ᠬᠤᠶᠠᠷ ᠤᠯᠤᠰ᠎ᠤᠨ ᠠᠷᠠᠳ ᠳᠦᠮᠡᠨ᠎ᠳᠤ ᠵᠤᠯ ᠵᠢᠷᠭ᠋ᠠᠯ ᠤᠯᠭᠤᠨ᠎ᠠ ᠭᠡᠵᠤ ᠢᠯᠡᠷᠭᠡᠢ᠌ᠯᠡᠪᠡ᠃
ᠺᠦᠪᠢᠹ᠂ ᠦᠺᠷᠡᠢ᠌ᠨ᠎ᠤ᠎ᠬᠢᠨ ᠳᠤᠮᠳᠠᠳᠤ᠎ᠯᠤᠭ᠎ᠠ ᠵᠢᠨ ᠬᠠᠷᠢᠯᠴᠠᠭ᠎ᠠ᠎ᠪᠠᠨ ᠬᠦᠭᠵᠢᠬᠦᠯᠬᠦ ᠵᠢ ᠳᠡᠭᠡᠳᠤ ᠭᠡᠮᠵᠢᠶ᠎ᠡ᠎ᠪᠠᠷ ᠴᠢᠬᠤᠯᠠᠴᠢᠯᠠᠳᠠᠭ᠃ ᠪᠢᠳᠠ ᠳᠤᠷᠠᠳᠠᠶ᠎ᠠ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ᠎ᠳᠤ ᠢᠳᠡᠪᠬᠢᠳᠡᠢ ᠤᠷᠤᠯᠴᠠᠬᠤ ᠪᠦᠭᠡᠳ ᠳᠤᠮᠳᠠᠳᠤ ᠵᠢᠨ ᠠᠵᠤ ᠠᠬᠤᠢ᠌ᠯᠠᠯ᠎ᠤᠨ ᠦᠺᠷᠡᠢ᠌ᠨᠳᠤ ᠪᠡᠯᠡ ᠤᠷᠤᠭᠤᠯᠬᠤ ᠵᠢ ᠪᠠᠶᠠᠷᠯᠠᠨ ᠤᠭᠳᠤᠨ᠎ᠠ᠃ ᠬᠤᠶᠠᠷ ᠳᠠᠯ᠎ᠠ ᠵᠢᠨ ᠠᠵᠤ ᠠᠬᠤᠢ ᠠᠷᠠᠯᠵᠢᠶ᠎ᠠ᠂ ᠳᠠᠷᠢᠶᠠᠯᠠᠩ᠂ ᠰᠠᠭᠤᠷᠢ ᠳᠦᠬᠦᠭᠡᠷᠦᠮᠵᠢ᠂ ᠬᠦᠮᠦᠨ ᠨᠡᠢ᠌ᠭᠡᠮ ᠵᠡᠷᠭᠡ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠳᠠᠰᠤᠷᠠᠯᠳᠠ ᠦᠭᠡᠢ ᠴᠢᠩᠭ᠋ᠠᠳᠬᠠᠨ᠎ᠠ ᠭᠡᠵᠤ ᠢᠯᠡᠷᠭᠡᠢ᠌ᠯᠡᠪᠡ᠃