ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠨ ᠤᠯᠤᠰ᠎ᠤᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ ᠳᠤᠮᠳᠠᠳᠤ ᠤᠯᠤᠰ᠎ᠤᠨ ᠰᠢᠯᠵᠢᠮᠡᠯ ᠲᠦᠯᠤᠯᠲᠡ ᠳᠡᠯᠡᠭᠡᠢ᠎ᠳᠤ ᠳᠦᠷᠦᠬᠦᠯᠡᠭᠰᠡᠨ ᠨᠢᠭᠤᠴᠠ ᠵᠢ ᠠᠰᠠᠭᠤᠪᠠ
ᠨᠡᠶᠢᠲᠡᠯᠡᠭᠰᠡᠨ ᠴᠠᠭ᠄ 2018-11-15

                 
     11 ᠳ᠋ᠤᠭᠡᠷ ᠰᠠᠷ᠎ᠠ ᠵᠢᠨ 6᠎ᠤ ᠠ᠋ᠳᠤᠷ᠎ᠤᠨ ᠦᠳᠡ ᠵᠢᠨ ᠬᠤᠢ᠌ᠨ᠎ᠠ ᠬᠤᠷᠠᠯᠳᠤᠭᠰᠠᠨ ᠤᠯᠠᠨ ᠤᠯᠤᠰ᠎ᠤᠨ ᠠᠵᠤ ᠠᠬᠤᠢ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ᠎ᠤ ᠭᠤᠷᠪᠠᠳᠤᠭ᠋ᠠᠷ ᠤᠳᠠᠭ᠋ᠠᠨ᠎ᠤ 《1+6》 ᠳᠤᠭᠤᠷᠠᠭ ᠰᠢᠷᠡᠭᠡᠨ᠎ᠤ ᠬᠤᠷᠠᠯ ᠳᠡᠭᠡᠷ᠎ᠠ᠂ ᠤᠯᠠᠨ ᠤᠯᠤᠰ᠎ᠤᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠨᠢᠭᠡᠨ ᠬᠠᠷᠢᠭᠤᠴᠠᠯᠭ᠋ᠠᠳᠠᠨ ᠳᠤᠮᠳᠠᠳᠤ ᠤᠯᠤᠰ᠎ᠤᠨ ᠶᠡᠷᠦᠩᠭᠡᠢ ᠰᠠᠢ᠌ᠳ ᠯᠢ ᠺᠸ ᠴᠢᠶᠠᠩ᠎ᠠᠴᠠ᠄ 《ᠰᠢᠯᠵᠢᠮᠡᠯ ᠲᠦᠯᠤᠯᠲᠡ ᠳᠤᠮᠳᠠᠳᠤ ᠤᠯᠤᠰ᠎ᠲᠤ ᠶᠡᠭᠡᠪᠡᠷ ᠬᠦᠭᠵᠢᠵᠤ᠂ ᠨᠢᠭᠡ ᠪᠦᠯᠦᠭ ᠤᠯᠤᠰ ᠤᠷᠤᠨ ᠳᠤᠮᠳᠠᠳᠤ ᠤᠯᠤᠰ᠎ᠠᠴᠠ 〈ᠨᠤᠮ ᠵᠠᠯᠠᠬᠤ〉 ᠰᠠᠨᠠᠭ᠎ᠠ᠎ᠲᠠᠢ ᠪᠤᠯᠪᠠ᠃ ᠠ᠋ᠨᠡᠬᠦ ᠬᠦᠷᠢᠶ᠎ᠡ ᠴᠠᠷᠠᠭ᠋ᠠᠨ᠎ᠳᠤ ᠳᠤᠮᠳᠠᠳᠤ ᠤᠯᠤᠰ ᠶᠡᠬᠡ ᠠᠮᠵᠢᠯᠳᠠ ᠤᠯᠤᠭᠰᠠᠨ ᠪᠠᠢ᠌ᠨ᠎ᠠ᠃ ᠠ᠋ᠭᠦᠨ᠎ᠳᠤ ᠶᠠᠮᠠᠷ ᠨᠢᠭᠤᠴᠠ ᠠᠷᠭ᠎ᠠ ᠪᠠᠢ᠌ᠨ᠎ᠠ?》 ᠭᠡᠵᠤ ᠠᠰᠠᠭᠤᠵᠠᠢ᠃
      ᠯᠢ ᠺᠸ ᠴᠢᠶᠠᠩ᠄ 《ᠰᠢᠯᠵᠢᠮᠡᠯ ᠲᠦᠯᠤᠯᠲᠡ ᠵᠢᠨ ᠮᠡᠷᠭᠡᠵᠢᠯ᠎ᠨᠢ ᠬᠦᠭᠵᠢᠭᠰᠡᠨ ᠤᠯᠤᠰ᠎ᠠᠴᠠ ᠢᠷᠡᠯᠳᠡ᠎ᠲᠠᠢ ᠪᠤᠯᠪᠠᠴᠤ ᠳᠤᠮᠳᠠᠳᠤ ᠤᠯᠤᠰ᠎ᠲᠤ ᠮᠠᠰᠢ ᠳᠦᠷᠭᠡᠨ ᠵᠶ᠋ᠡᠷ ᠬᠦᠭᠵᠢᠪᠡ᠃ ᠭᠡᠳᠤᠨ ᠵᠢᠯ᠎ᠤᠨ ᠠ᠋ᠮᠤᠨ᠎ᠡ ᠰᠢᠯᠵᠢᠮᠡᠯ ᠲᠦᠯᠤᠯᠲᠡ ᠠ᠋ᠬᠢᠯᠡᠬᠦ ᠦᠶ᠎ᠡ᠎ᠳᠤ ᠠᠳᠠᠯᠢ ᠪᠤᠰᠤ ᠦᠵᠡᠯᠳᠡ᠎ᠲᠠᠢ ᠪᠠᠢ᠌ᠵᠤ᠂ ᠳᠠᠷᠤᠢ ᠠᠶᠤᠯ ᠳᠦᠭᠰᠢᠬᠦᠷᠢ᠎ᠳᠤ ᠰᠠᠨᠠᠭ᠋ᠠᠰᠢᠷᠠᠵᠤ ᠪᠠᠢ᠌ᠭᠰᠠᠨ᠃ ᠭᠡᠬᠦ᠎ᠳᠤ ᠳᠤᠮᠳᠠᠳᠤ ᠤᠯᠤᠰ᠎ᠤᠨ ᠵᠠᠰᠠᠭ᠎ᠤᠨ ᠤᠷᠳᠤᠨ 〈ᠪᠠᠭᠳᠠᠭ᠋ᠠᠮᠵᠢᠳᠠᠢ ᠪᠤᠯᠭᠤᠮᠵᠢᠳᠠᠢ〉 ᠬᠢᠨᠠᠨ ᠬᠠᠮᠢᠶᠠᠷᠬᠤ ᠠᠷᠭ᠎ᠠ ᠠᠪᠤᠭᠰᠠᠨ ᠶᠤᠮ》 ᠭᠡᠵᠤ ᠭᠡᠯᠡᠭᠰᠡᠨ ᠪᠦᠭᠡᠳ 《〈ᠪᠠᠭᠳᠠᠭ᠋ᠠᠮᠵᠢᠳᠠᠢ ᠪᠤᠯᠭᠤᠮᠵᠢᠳᠠᠢ〉 ᠬᠢᠨᠠᠨ ᠬᠠᠮᠢᠶᠠᠷᠬᠤ ᠠᠷᠭ᠎ᠠ ᠭᠡᠳᠡᠭ᠎ᠨᠢ ᠰᠢᠨ᠎ᠠ ᠦᠢ᠍ᠯᠡᠰ ᠪᠤᠢ ᠪᠤᠯᠬᠤ᠎ᠳᠤ ᠵᠠᠰᠠᠭ᠎ᠤᠨ ᠤᠷᠳᠤᠨ 〈ᠴᠢᠩᠭ᠎ᠠ ᠬᠠᠮᠢᠶᠠᠷᠬᠤ〉 ᠴᠢᠬᠤᠯᠠ ᠦᠭᠡᠢ᠂ ᠤᠷᠢᠳᠠᠪᠠᠷ ᠳᠡᠬᠦᠨ᠎ᠢ ᠠᠵᠢᠭᠯᠠᠨ᠂ ᠬᠦᠭᠵᠢᠯᠳᠡ ᠵᠢᠨ ᠳᠤᠮᠳᠠ ᠠᠰᠠᠭᠤᠳᠠᠯ᠎ᠢ᠎ᠨᠢ ᠵᠠᠰᠠᠨ ᠵᠠᠯᠠᠷᠠᠭᠤᠯᠬᠤ ᠶᠠᠪᠤᠳᠠᠯ ᠪᠤᠯᠤᠨ᠎ᠠ》 ᠭᠡᠵᠤ ᠳᠠᠢ᠌ᠯᠪᠤᠷᠢᠯᠠᠪᠠ᠃
      ᠯᠢ ᠺᠸ ᠴᠢᠶᠠᠩ᠄ 《ᠰᠢᠯᠵᠢᠮᠡᠯ ᠲᠦᠯᠤᠯᠲᠡ ᠵᠢᠨ ᠬᠦᠭᠵᠢᠯᠳᠡ ᠵᠢᠨ ᠳᠠᠭ᠋ᠠᠤ ᠪᠤᠢ ᠪᠤᠯᠤᠭᠰᠠᠨ ᠳᠤᠤᠷ ᠰᠦᠯᠵᠢᠶ᠎ᠠ ᠳᠡᠭᠡᠷ᠎ᠡ ᠠᠷᠠᠯᠵᠢᠶᠠᠯᠠᠬᠤ ᠵᠢ ᠬᠢᠨᠠᠨ ᠬᠠᠮᠢᠶᠠᠷᠬᠤ᠎ᠨᠢ ᠪᠡᠯᠡᠨ ᠵᠤᠭᠤᠰ ᠵᠶ᠋ᠡᠷ ᠠᠷᠠᠯᠵᠢᠶᠠᠯᠠᠬᠤ ᠵᠢ ᠬᠢᠨᠠᠨ ᠬᠠᠮᠢᠶᠠᠷᠬᠤ᠎ᠠᠴᠠ ᠨᠡᠩ ᠳᠦᠬᠦᠮ ᠪᠠᠢ᠌ᠳᠠᠭ᠃ ᠤᠴᠢᠷ᠎ᠨᠢ ᠭᠠᠵᠠᠷ ᠪᠤᠯᠭ᠋ᠠᠨ᠎ᠳᠤ ᠳᠡᠮᠳᠡᠭᠯᠡᠯ᠎ᠲᠠᠢ ᠶᠤᠮ᠃ ᠤᠳᠤᠬᠠᠨ᠎ᠳᠤ ᠰᠢᠯᠵᠢᠮᠡᠯ ᠲᠦᠯᠤᠯᠲᠡ᠎ᠨᠢ ᠳᠤᠮᠳᠠᠳᠤ ᠤᠯᠤᠰ᠎ᠲᠤ ᠶᠡᠭᠡᠪᠡᠷ ᠳᠦᠭᠡᠮᠡᠯᠵᠡᠵᠤ᠂ ᠤᠯᠠᠮ ᠵᠶ᠋ᠡᠷ ᠳᠦᠬᠦᠮ ᠪᠤᠯᠵᠤ ᠪᠠᠢ᠌ᠨ᠎ᠠ》 ᠭᠡᠵᠤ ᠭᠡᠯᠡᠪᠡ᠃
      ᠯᠢ ᠺᠸ ᠴᠢᠶᠠᠩ ᠪᠠᠰᠠ᠄ 《〈ᠪᠠᠭᠳᠠᠭ᠋ᠠᠮᠵᠢᠳᠠᠢ ᠪᠤᠯᠭᠤᠮᠵᠢᠳᠠᠢ〉 ᠬᠢᠨᠠᠨ ᠬᠠᠮᠢᠶᠠᠷᠤᠯᠳᠠ᠎ᠠᠴᠠ ᠭᠠᠳᠠᠨ᠎ᠠ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠺᠠᠷᠲ᠎ᠤᠨ ᠰᠢᠰᠲᠸᠮ᠎ᠤᠨ ᠡᠵᠡᠷᠭᠡᠬᠦ ᠵᠢ ᠬᠢᠵᠠᠭ᠋ᠠᠷᠯᠠᠭᠰᠠᠨ ᠶᠤᠮ᠂ ᠠ᠋ᠨᠡ᠎ᠨᠢ ᠴᠣ᠌ ᠰᠢᠯᠵᠢᠮᠡᠯ ᠲᠦᠯᠤᠯᠲᠡ ᠵᠢᠨ ᠳᠦᠷᠭᠡᠨ ᠬᠦᠭᠵᠢᠭᠰᠡᠨ᠎ᠤ ᠴᠢᠬᠤᠯᠠ ᠰᠢᠯᠳᠠᠭ᠋ᠠᠨ ᠪᠤᠯᠤᠭᠰᠠᠨ ᠶᠤᠮ᠃ ᠰᠢᠯᠵᠢᠮᠡᠯ ᠲᠦᠯᠤᠯᠲᠡ ᠵᠢᠨ ᠤᠯᠠᠩᠬᠢ᠎ᠨᠢ ᠪᠠᠭ᠎ᠠ ᠠᠵᠤ ᠠᠬᠤᠢ᠌ᠯᠠᠯ ᠪᠤᠯᠤᠨ ᠬᠤᠪᠢ ᠬᠦᠮᠦᠨ ᠪᠠᠢ᠌ᠳᠠᠭ᠎ᠠᠴᠠ ᠮᠦᠩᠬᠦᠨ ᠬᠦᠢ᠍ᠯᠭᠡᠭᠡᠨ᠎ᠤ ᠬᠦᠭᠵᠢᠯᠳᠡ ᠪᠤᠯᠤᠨ ᠠ᠋ᠷᠭᠡ ᠳᠡᠭᠰᠢ᠎ᠪᠠᠷ ᠠᠷᠠᠯᠵᠢᠶᠠᠯᠠᠬᠤ᠎ᠳᠤ ᠠᠰᠢᠭᠳᠠᠢ》 ᠭᠡᠪᠡ᠃
      ᠰᠢᠯᠵᠢᠮᠡᠯ ᠲᠦᠯᠤᠯᠲᠡ ᠵᠢ ᠪᠠᠭᠳᠠᠭ᠋ᠠᠭᠰᠠᠨ ᠳᠤᠭ᠋ᠠᠴᠢᠯᠠᠭᠰᠠᠨ ᠠᠵᠤ ᠠᠬᠤᠢ ᠵᠢᠨ ᠳᠦᠷᠭᠡᠨ ᠬᠦᠭᠵᠢᠯᠳᠡ᠎ᠨᠢ ᠠ᠋ᠨᠡ ᠤᠳᠠᠭ᠋ᠠᠨ᠎ᠤ ᠳᠤᠭᠤᠷᠠᠭ ᠰᠢᠷᠡᠭᠡᠨ᠎ᠤ ᠬᠤᠷᠠᠯ᠎ᠳᠤ ᠤᠷᠤᠯᠴᠠᠭᠰᠠᠨ ᠤᠯᠠᠨ ᠤᠯᠤᠰ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠠᠩᠬᠠᠷᠤᠯ᠎ᠢ ᠳᠠᠳᠠᠵᠤ᠂ ᠳᠡᠯᠡᠭᠡᠢ ᠵᠢᠨ ᠪᠠᠩᠬᠢ ᠵᠢᠨ ᠳᠠᠷᠤᠭ᠎ᠠ ᠵᠢᠨ ᠶᠦᠩ ᠶᠠᠷᠢᠶᠠᠨ᠎ᠳᠤ᠎ᠪᠠᠨ᠂ 《ᠳᠤᠮᠳᠠᠳᠤ ᠤᠯᠤᠰ᠎ᠤᠨ ᠳᠤᠭ᠋ᠠᠴᠢᠯᠠᠭᠰᠠᠨ ᠠᠵᠤ ᠠᠬᠤᠢ᠎ᠨᠢ ᠰᠢᠨ᠎ᠠ᠎ᠪᠠᠷ ᠪᠤᠢ ᠪᠤᠯᠤᠭᠰᠠᠨ ᠭᠡᠪ ᠵᠠᠭᠪᠤᠷ᠎ᠢ ᠬᠠᠮᠤᠭ᠎ᠤᠨ ᠶᠠᠳᠠᠭᠤ ᠬᠦᠴᠢᠷᠳᠡᠯ᠎ᠲᠠᠢ ᠤᠷᠤᠨ᠎ᠳᠤ ᠭᠡᠷᠡᠭᠵᠢᠬᠦᠯᠦᠭᠰᠡᠨ ᠪᠠᠢ᠌ᠨ᠎ᠠ᠃ ᠠ᠋ᠯᠸᠺᠲᠷᠤᠨ ᠬᠤᠳᠠᠯᠳᠤᠭ᠎ᠠ᠎ᠨᠢ ᠬᠦᠢ᠍ᠵᠸᠤ ᠵᠢᠨ ᠬᠦᠭᠵᠢᠯᠳᠡ ᠵᠢᠴᠢ ᠳᠤᠬᠠᠢ ᠵᠢᠨ ᠭᠠᠵᠠᠷ᠎ᠤᠨ ᠶᠠᠳᠠᠭᠤ ᠬᠦᠴᠢᠷᠳᠡᠯ᠎ᠲᠠᠢ ᠭᠡᠷ ᠪᠦᠯᠢ ᠵᠢ ᠶᠠᠳᠠᠭᠤ᠎ᠠᠴᠠ ᠠᠩᠬᠢᠵᠢᠷᠠᠭᠤᠯᠬᠤ᠎ᠳᠤ ᠴᠢᠬᠤᠯᠠ ᠦᠢ᠍ᠯᠡᠳᠤᠯ ᠦᠵᠡᠬᠦᠯᠵᠡᠢ》 ᠭᠡᠪᠡ᠃ ᠳᠡᠷᠡ ᠪᠠᠰᠠ᠄ 《ᠪᠢ ᠳᠦᠷᠦᠬᠦᠤ᠎ᠪᠠᠷ ᠬᠦᠢ᠍ᠵᠸᠤ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠨᠢᠭᠡᠨ ᠡᠷ᠎ᠡ ᠡᠮ᠎ᠡ ᠬᠤᠶᠠᠷ᠎ᠲᠠᠢ ᠳᠠᠭ᠋ᠠᠷᠠᠯᠳᠤᠪᠠ᠃ ᠳᠡᠳᠡ ᠤᠤᠯ᠎ᠳᠤ᠎ᠪᠠᠨ ᠵᠡᠬᠦᠨ ᠪᠡᠶ᠎ᠡ ᠵᠢᠨ ᠤᠷᠤᠨ ᠵᠶ᠋ᠡᠷ ᠠᠵᠢᠯ ᠬᠢᠵᠤ᠂ ᠤᠷᠤᠯᠭ᠎ᠠ᠎ᠨᠢ ᠵᠠᠷᠤᠯᠭ᠎ᠠ᠎ᠳᠤ᠎ᠪᠠᠨ ᠬᠦᠷᠬᠦ ᠦᠭᠡᠢ ᠪᠡᠢ᠌ᠵᠠᠢ᠃ ᠦᠨᠦ ᠭᠡᠷ᠎ᠲᠤ᠎ᠪᠠᠨ ᠬᠠᠷᠢᠵᠤ ᠢᠷᠡᠭᠡᠳ ᠠ᠋ᠯᠸᠺᠲᠷᠤᠨ ᠬᠤᠳᠠᠯᠳᠤᠭ᠋ᠠᠨ᠎ᠤ ᠳᠠᠪᠴᠠᠩ ᠵᠶ᠋ᠡᠷ ᠳᠠᠮᠵᠢᠨ ᠦᠢ᠍ᠯᠡᠰ ᠪᠤᠰᠬᠠᠵᠤ᠂ ᠳᠤᠬᠠᠢ ᠵᠢᠨ ᠭᠠᠵᠠᠷ᠎ᠤᠨ ᠳᠠᠷᠢᠶᠠᠯᠠᠩ᠎ᠤᠨ ᠪᠦᠳᠦᠭᠡᠭᠳᠡᠬᠦᠨ᠎ᠢ ᠳᠡᠯᠡᠭᠡᠢ ᠵᠢᠨ ᠡᠯ᠎ᠡ ᠭᠠᠵᠠᠷ᠎ᠲᠤ ᠪᠤᠷᠤᠯᠠᠭᠤᠯᠤᠨ ᠰᠠᠷ᠎ᠠ ᠵᠢᠨ ᠤᠷᠤᠯᠭ᠎ᠠ᠎ᠨᠢ 3 ᠳᠦᠮᠡᠨ ᠳᠦᠬᠦᠷᠢᠭ᠎ᠢ ᠳᠠᠪᠠᠵᠤ᠂ ᠳᠤᠮᠳᠠᠳᠤ ᠵᠡᠷᠭᠡ ᠵᠢᠨ ᠠᠮᠢᠳᠤᠷᠠᠯ᠎ᠤᠨ ᠳᠦᠪᠰᠢᠨ᠎ᠳᠤ ᠬᠦᠷᠦᠭᠰᠡᠨ ᠪᠠᠢ᠌ᠨ᠎ᠠ》 ᠭᠡᠵᠤ ᠭᠡᠯᠡᠪᠡ᠃
      ᠳᠡᠯᠡᠭᠡᠢ ᠵᠢᠨ ᠪᠠᠩᠬᠢ ᠵᠢᠨ ᠳᠠᠷᠤᠭ᠎ᠠ ᠵᠢᠨ ᠶᠦᠩ ᠪᠠᠰᠠ᠄ 《ᠬᠦᠷᠦᠩᠭᠡ ᠵᠢᠨ ᠵᠠᠬ᠎ᠠ ᠳᠡᠯᠭᠡᠬᠦᠷ᠎ᠨᠢ ᠠ᠋ᠯᠸᠺᠲᠷᠤᠨ ᠬᠤᠳᠠᠯᠳᠤᠭ᠎ᠠ ᠵᠡᠷᠭᠡ ᠠᠷᠭ᠎ᠠ ᠵᠠᠮ ᠵᠶ᠋ᠡᠷ ᠳᠤᠬᠠᠢ ᠵᠢᠨ ᠭᠠᠵᠠᠷ᠎ᠤᠨ ᠠᠷᠠᠳ ᠤᠯᠠᠨ᠎ᠳᠤ ᠨᠡᠩ ᠠᠷᠪᠢᠨ ᠬᠦᠷᠦᠩᠭᠡ ᠤᠯᠬᠤ ᠪᠠ ᠵᠠᠬ᠎ᠠ ᠳᠡᠯᠭᠡᠬᠦᠷ᠎ᠲᠤ ᠤᠷᠤᠬᠤ ᠵᠠᠪᠰᠢᠶᠠᠨ ᠤᠯᠭᠤᠵᠤ᠂ ᠳᠤᠬᠠᠢ ᠵᠢᠨ ᠭᠠᠵᠠᠷ᠎ᠤᠨ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠢ ᠶᠠᠳᠠᠭᠤ᠎ᠠᠴᠠ ᠠᠩᠬᠢᠵᠢᠷᠠᠭᠤᠯᠬᠤ ᠵᠢ ᠠᠬᠢᠭᠤᠯᠤᠨ᠂ ᠴᠢᠯᠦᠭᠡᠳᠤ ᠠᠷᠠᠯᠵᠢᠶᠠᠨ᠎ᠤ ᠰᠠᠢ᠌ᠨ ᠳᠠᠯ᠎ᠠ ᠵᠢ ᠬᠦᠢ᠍ᠴᠡᠳ ᠢᠯᠡᠷᠡᠬᠦᠯᠵᠡᠢ᠃ ᠳᠤᠮᠳᠠᠳᠤ ᠤᠯᠤᠰ᠎ᠤᠨ ᠠᠵᠤ ᠠᠬᠤᠢ ᠵᠢᠨ ᠳᠦᠷᠭᠡᠨ ᠬᠦᠭᠵᠢᠯᠳᠡ᠎ᠨᠢ ᠳᠠᠯᠡᠭᠡᠢ ᠳ᠋ᠠᠬᠢᠨ᠎ᠤ ᠠᠩᠬᠠᠷᠤᠯ᠎ᠢ ᠳᠠᠳᠠᠪᠠ᠂ ᠨᠠᠩ ᠭᠠᠢ᠌ᠬᠠᠭᠤᠰᠢᠳᠠᠢ᠎ᠨᠢ ᠳᠤᠮᠳᠠᠳᠤ ᠤᠯᠤᠰ᠎ᠤᠨ᠎ᠬᠢᠨ ᠬᠦᠭᠵᠢᠯᠳᠡ ᠵᠢᠨ ᠠᠰᠢᠭ᠎ᠢ ᠠᠷᠠᠳ ᠤᠯᠠᠨ᠎ᠳᠤ ᠬᠦᠷᠳᠡᠭᠡᠬᠦ ᠵᠢ ᠢᠮᠠᠭᠳᠠ ᠪᠠᠷᠢᠮᠳᠠᠯᠠᠭᠰᠠᠭ᠋ᠠᠷ ᠢᠷᠡᠵᠡᠢ᠃ ᠳᠡᠯᠡᠭᠡᠢ ᠵᠢᠨ ᠪᠠᠩᠬᠢ ᠳᠤᠮᠳᠠᠳᠤ ᠤᠯᠤᠰ᠎ᠯᠤᠭ᠎ᠠ ᠵᠢᠨ ᠬᠠᠮᠳᠤᠷᠠᠯᠴᠠᠭ᠎ᠠ᠎ᠪᠠᠨ ᠦᠷᠬᠦᠯᠵᠢᠯᠡᠨ ᠬᠦᠭᠵᠢᠬᠦᠯᠵᠤ᠂ ᠳᠤᠮᠳᠠᠳᠤ ᠤᠯᠤᠰ᠎ᠤᠨ ᠠ᠋ᠳᠡᠭᠡᠷ ᠪᠦᠳᠦᠮᠵᠢᠳᠡᠢ ᠳᠤᠷᠰᠢᠯᠭ᠎ᠠ ᠵᠢ ᠪᠦᠬᠦ ᠪᠦᠮᠪᠦᠷᠴᠡᠭ᠎ᠲᠤ ᠳᠡᠯᠭᠡᠷᠡᠬᠦᠯᠤᠨ᠎ᠠ》 ᠭᠡᠪᠡ᠃
      ᠯᠢ ᠺᠸ ᠴᠢᠶᠠᠩ᠂ ᠰᠢᠨ᠎ᠠ ᠵᠢ ᠠ᠋ᠬᠦᠳᠬᠦ ᠵᠢ ᠵᠠᠬ᠎ᠠ ᠳᠡᠯᠭᠡᠬᠦᠷ᠎ᠲᠠᠢ ᠤᠶᠠᠯᠳᠤᠭᠤᠯᠬᠤ ᠦᠭᠡᠢ ᠪᠤᠯ ᠦᠷ᠎ᠡ ᠠᠰᠢᠭ ᠤᠯᠵᠤ ᠴᠢᠳᠠᠬᠤ ᠦᠭᠡᠢ᠃ ᠰᠢᠯᠵᠢᠮᠡᠯ ᠲᠦᠯᠣᠯᠲᠡ ᠵᠢᠨ ᠮᠡᠷᠭᠡᠵᠢᠯ᠎ᠢ ᠦᠷᠭᠡᠨ ᠵᠶ᠋ᠡᠷ ᠠᠰᠢᠭᠯᠠᠬᠤ᠎ᠳᠤ ᠯᠤᠳᠤ ᠶᠡᠭᠡ ᠵᠠᠬ᠎ᠠ ᠳᠡᠯᠭᠡᠬᠦᠷ ᠭᠡᠷᠡᠭᠴᠡᠭᠡ᠎ᠲᠠᠢ ᠪᠠᠢ᠌ᠳᠠᠭ᠃ ᠴᠢᠪ ᠭᠡᠮᠡᠨ ᠳᠤᠮᠳᠠᠳᠤ ᠤᠯᠤᠰ ᠪᠤᠯ ᠪᠦᠬᠦ ᠳᠡᠯᠡᠭᠡᠢ ᠳᠡᠭᠡᠷᠡᠬᠢ ᠬᠠᠮᠤᠭ᠎ᠤᠨ ᠶᠡᠭᠡ ᠵᠠᠬ᠎ᠠ ᠳᠡᠯᠭᠡᠬᠦᠷ ᠪᠤᠯᠬᠤ ᠶᠤᠮ᠃ ᠯᠤᠳᠤ ᠶᠡᠭᠡ ᠵᠠᠬ᠎ᠠ ᠳᠡᠯᠭᠡᠬᠦᠷ᠎ᠲᠤ ᠠᠷᠠᠯᠵᠢᠶ᠎ᠠ ᠬᠤᠳᠠᠯᠳᠤᠭ᠋ᠠᠨ᠎ᠤ ᠳᠤᠮᠤ ᠶᠡᠭᠡ ᠠᠵᠠ ᠳᠤᠬᠢᠶᠠᠯ᠎ᠲᠠᠢ ᠪᠠᠢ᠌ᠳᠠᠭ ᠮᠦᠷᠳᠡᠭᠡᠨ ᠲᠡᠷᠡ᠎ᠨᠢ ᠮᠡᠷᠭᠡᠵᠢᠯ᠎ᠤᠨ ᠰᠤᠳᠤᠯᠤᠯ ᠪᠤᠯᠤᠨ ᠳᠡᠰ ᠳᠡᠪᠰᠢᠯᠳᠠ ᠵᠢ ᠲᠦᠯᠬᠢᠨ ᠠᠬᠢᠭᠤᠯᠳᠠᠭ ᠭᠡᠵᠤ ᠭᠡᠯᠡᠪᠡ᠃
      ᠯᠢ ᠺᠸ ᠴᠢᠶᠠᠩ᠂ ᠳᠤᠮᠳᠠᠳᠤ ᠤᠯᠤᠰ ᠳᠤᠷᠠᠳᠠᠶ᠎ᠠ ᠬᠦᠭᠵᠢᠭᠰᠡᠨ ᠤᠯᠤᠰ᠎ᠲᠠᠢ ᠮᠦᠩᠬᠦᠨ ᠬᠦᠢ᠍ᠯᠭᠡᠭᠡᠨ᠎ᠤ ᠰᠢᠨᠵᠢᠯᠡᠬᠦ ᠤᠬᠠᠭ᠋ᠠᠨ ᠮᠠᠷᠭᠡᠵᠢᠯ᠎ᠤᠨ ᠰᠢᠨ᠎ᠠ ᠵᠢ ᠠ᠋ᠬᠦᠳᠬᠦ ᠬᠠᠮᠳᠤᠷᠠᠯᠴᠠᠭ᠎ᠠ᠎ᠪᠠᠨ ᠴᠢᠩᠭ᠋ᠠᠳᠬᠠᠬᠤ ᠵᠢᠨ ᠳᠠᠭ᠋ᠠᠤ ᠮᠡᠳᠡᠯᠭᠡ ᠵᠢᠨ ᠦᠮᠴᠢᠯᠠᠯ᠎ᠤᠨ ᠠ᠋ᠷᠭᠡ ᠵᠢ ᠴᠢᠩᠭ᠎ᠠ ᠬᠠᠮᠠᠭ᠋ᠠᠯᠠᠵᠤ᠂ ᠰᠢᠨ᠎ᠠ ᠵᠢ ᠠ᠋ᠬᠦᠳᠬᠦ ᠬᠠᠮᠳᠤᠷᠠᠯᠴᠠᠭ᠋ᠠᠨ᠎ᠤ ᠰᠠᠢ᠌ᠨ ᠰᠠᠢ᠌ᠬᠠᠨ ᠤᠷᠴᠢᠨ ᠳᠤᠭᠤᠷᠢᠨ᠎ᠢ ᠪᠤᠢ ᠪᠤᠯᠭ᠋ᠠᠨ᠎ᠠ ᠭᠡᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠤᠷᠤᠰ᠎ᠤᠨ ᠶᠡᠷᠦᠩᠭᠡᠢ ᠰᠠᠢ᠌ᠳ ᠮᠸᠢᠢ᠍ᠳ᠋ᠸᠸᠢᠵᠢᠶᠠᠹ᠎ᠲᠠᠢ ᠬᠠᠮᠳᠤᠪᠠᠷ ᠳᠤᠮᠳᠠᠳᠤ ᠤᠷᠤᠰ᠎ᠤᠨ ᠶᠡᠷᠦᠩᠭᠡᠢ ᠰᠠᠢ᠌ᠳ᠎ᠤᠨ ᠬᠤᠷᠢᠨ ᠭᠤᠷᠪᠠᠳᠤᠭ᠋ᠠᠷ ᠤᠳᠠᠭ᠋ᠠᠨ᠎ᠤ ᠠᠭᠤᠯᠵᠠᠯᠳᠠ ᠵᠢ ᠠ᠋ᠷᠬᠢᠯᠡᠪᠡ
ᠯᠢ ᠺᠸ ᠴᠢᠶᠠᠩ ᠵᠢᠶᠠᠩᠰᠤ ᠵᠢᠨ ᠨᠠᠨ ᠲᠦᠩ᠎ᠳᠤ ᠨᠢᠰᠭᠡᠯ᠎ᠠᠴᠠ ᠪᠠᠭᠤᠮᠠᠭᠴᠠ ᠴᠦᠩ ᠴᠤᠸᠠᠨ ᠰᠠᠯᠪᠤᠷᠢ ᠪᠠᠩᠬᠢ᠎ᠳᠤ ᠬᠦᠷᠴᠡᠢ
ᠰᠦᠨ ᠴᠦᠨ ᠯᠠᠨ ᠮᠲ᠋ᠤᠲᠸᠠ᠎ᠲᠠᠢ ᠬᠠᠮᠳᠤ᠎ᠪᠠᠷ ᠳᠤᠮᠳᠠᠳᠤ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠪᠡ
ᠸᠠᠩ ᠢ᠄ ᠳᠤᠮᠳᠠᠳᠤ ᠠᠮᠸᠷᠢᠺᠠ ᠬᠠᠷᠢᠯᠴᠠᠨ ᠰᠢᠨ᠎ᠠ᠎ᠪᠠᠷ ᠪᠤᠭᠤᠮᠳᠠ ᠵᠢᠨ ᠭᠠᠢ᠌ᠯᠢ ᠨᠡᠮᠡᠵᠤ ᠳᠠᠳᠠᠪᠤᠷᠢᠯᠠᠬᠤ᠎ᠪᠠᠨ ᠵᠤᠭᠰᠤᠭ᠋ᠠᠪᠠ
ᠯᠢ ᠺᠸ ᠴᠢᠶᠠᠩ᠄ ᠳᠠᠷᠢᠶᠠᠴᠢᠨ ᠠ᠋ᠷᠤᠬᠡ ᠵᠢᠨ ᠠᠵᠢᠯᠴᠢᠨ ᠭᠡᠬᠦ ᠠ᠋ᠨᠡᠬᠦ ᠨᠡᠷᠡᠢ᠌ᠳᠤᠯ᠎ᠢ ᠪᠤᠢ ᠪᠦᠬᠦᠢ ᠳᠤᠮᠳᠠᠳᠤ ᠵᠢᠨ ᠬᠦᠮᠦᠨ ᠵᠢᠴᠢ ᠪᠦᠬᠦ ᠳᠡᠯᠡᠭᠡᠢ᠎ᠪᠠᠷ ᠵᠶ᠋ᠡᠨ ᠬᠦᠨᠳᠦᠳᠭᠡᠪᠡᠯ ᠵᠤᠬᠢᠨ᠎ᠠ
 
            