ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ ᠳᠤᠭᠤᠷᠢᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠠ
ᠨᠡᠶᠢᠲᠡᠯᠡᠭᠰᠡᠨ ᠴᠠᠭ᠄ 2018-12-13

                               
     12 ᠳ᠋ᠤᠭ᠋ᠠᠷ ᠰᠠᠷ᠎ᠡ ᠵᠢᠨ 11᠎ᠤ ᠠ᠋ᠳᠤᠷ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠳᠤᠭᠤᠷᠢᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠵᠤ᠂ ᠳᠤᠭᠤᠷᠢᠨ ᠪᠠᠢ᠌ᠴᠠᠭ᠋ᠠᠬᠤ ᠳᠤᠮᠳᠠ ᠢᠯᠡᠷᠡᠭᠰᠡᠨ ᠨᠠᠮ᠎ᠤᠨ ᠤᠯᠤᠰ ᠳᠦᠷᠦ ᠵᠢᠨ ᠪᠠᠢ᠌ᠭᠤᠯᠤᠯᠳᠠ᠂ ᠦᠵᠡᠯ ᠰᠠᠨᠠᠭ᠋ᠠᠨ᠎ᠤ ᠪᠠᠢ᠌ᠭᠤᠯᠤᠯᠳᠠ᠂ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ ᠵᠡᠷᠭᠡ 7 ᠳᠠᠯ᠎ᠠ ᠵᠢᠨ ᠠᠰᠠᠭᠤᠳᠠᠯ᠎ᠢ ᠦᠵᠡᠯ ᠰᠠᠨᠠᠭ᠎ᠠ ᠪᠤᠯᠤᠨ ᠪᠤᠳᠠᠳᠤ ᠠᠵᠢᠯ᠎ᠲᠠᠢ᠎ᠪᠠᠨ ᠤᠶᠠᠯᠳᠤᠭᠤᠯᠤᠨ ᠶᠠᠷᠢᠯᠴᠠᠵᠤ᠂ ᠰᠢᠯᠳᠠᠭ᠋ᠠᠨ᠎ᠢ᠎ᠨᠢ ᠵᠠᠳᠠᠯᠤᠨ᠂ ᠰᠢᠬᠦᠮᠵᠢᠯᠡᠯ ᠪᠠ ᠦᠪᠡᠷ᠎ᠤᠨ ᠰᠢᠬᠦᠮᠵᠢᠯᠡᠯ ᠦᠷᠨᠢᠬᠦᠯᠵᠤ᠂ ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ᠎ᠢ ᠴᠢᠩᠳᠠᠯᠠᠨ᠂ ᠨᠠᠮ᠎ᠤᠨ ᠳᠤᠳᠤᠭ᠋ᠠᠳᠤ ᠵᠢᠨ ᠬᠢᠨᠠᠯᠳᠠ ᠳᠠᠯᠪᠢᠬᠤ ᠵᠢ ᠴᠢᠩᠭ᠋ᠠᠳᠬᠠᠵᠤ᠂ ᠦᠪᠡᠷ᠎ᠤᠨ ᠪᠡᠶ᠎ᠡ ᠳᠡᠭᠡᠷ᠎ᠡ ᠤᠷᠤᠰᠢᠵᠤ ᠪᠠᠢ᠌ᠭ᠎ᠠ ᠠᠰᠠᠭᠤᠳᠠᠯ ᠵᠶ᠋ᠡᠨ ᠰᠢᠢ᠍ᠳᠪᠤᠷᠢᠯᠡᠬᠦ ᠴᠢᠳᠠᠪᠤᠷᠢ ᠵᠢ ᠳᠡᠭᠡᠭᠰᠢᠯᠡᠬᠦᠯᠦᠨ᠂ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠤᠰ ᠪᠡᠶ᠎ᠡ ᠵᠢᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠵᠠᠢ᠃
      ᠬᠤᠳᠠ ᠵᠢᠨ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠬᠤᠳᠠ ᠵᠢᠨ ᠶᠠᠳᠠᠭᠤ ᠵᠢ ᠳᠡᠳᠬᠦᠬᠦ ᠠᠯᠪᠠᠨ ᠭᠡᠷ᠎ᠲᠤ ᠰᠠᠭᠤᠭ᠎ᠠ ᠰᠠᠬᠢᠯᠭ᠎ᠠ ᠪᠠᠳᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠸᠠᠩ ᠴᠦᠩ ᠸᠸᠢ ᠬᠤᠷᠠᠯ᠎ᠳᠤ ᠰᠠᠭ᠋ᠠᠳᠠᠨ ᠵᠢᠭ᠋ᠠᠨ ᠵᠢᠯᠤᠭᠤᠳᠴᠤ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠠᠨ ᠶᠤᠸᠠᠢ ᠬᠤᠷᠠᠯ ᠠ᠋ᠷᠬᠢᠯᠡᠭᠰᠡᠨ ᠪᠦᠭᠡᠳ ᠳ᠋ᠦᠩᠨᠡᠯᠳᠡ ᠬᠢᠪᠡ᠃
      ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠠ᠋ᠨᠡ ᠤᠳᠠᠭ᠋ᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠳᠦᠢ᠍ᠯ ᠵᠶ᠋ᠡᠷ ᠴᠢᠬᠤᠯᠠᠴᠢᠯᠠᠵᠤ᠂ ᠬᠦᠢ᠍ᠴᠡᠳ ᠪᠡᠯᠡᠳᠭᠡᠯ ᠬᠢᠵᠡᠢ᠃ ᠬᠤᠷᠠᠯ᠎ᠠᠴᠠ ᠠ᠋ᠮᠤᠨ᠎ᠠ᠂ ᠨᠠᠮ᠎ᠤᠨ ᠤᠳᠣᠷᠢᠳᠬᠤ ᠳᠤᠭᠤᠢ᠌ᠯᠠᠩ᠎ᠤᠨ ᠦᠷᠭᠡᠳᠭᠡᠭᠰᠡᠨ ᠬᠤᠷᠠᠯ᠎ᠢ ᠬᠤᠶᠠᠷ ᠤᠳᠠᠭ᠎ᠠ ᠬᠢᠵᠤ᠂ ᠬᠤᠳᠠ ᠵᠢᠨ ᠨᠠᠮ᠎ᠤᠨ ᠬᠤᠷᠢᠶᠠᠨ᠎ᠤ ᠬᠤᠶᠠᠳᠤᠭ᠋ᠠᠷ ᠳᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠳᠤᠰᠬᠠᠬᠰᠠᠨ ᠰᠠᠨᠠᠯ᠎ᠢ ᠤᠯᠠᠮᠵᠢᠯᠠᠨ᠂ ᠳᠤᠭᠤᠷᠢᠨ ᠪᠠᠢ᠌ᠴᠠᠭ᠋ᠠᠬᠤ ᠠᠯᠪᠠᠨ ᠭᠡᠷ᠎ᠤᠨ ᠣᠳᠤᠷᠢᠳᠤᠯᠭ᠎ᠠ ᠵᠢᠨ ᠬᠠᠷᠢᠭᠤ ᠳᠤᠰᠬᠠᠬᠰᠠᠨ ᠰᠠᠨᠠᠯ᠎ᠤᠨ ᠴᠡᠭᠴᠡᠯᠠᠨ ᠵᠠᠰᠠᠬᠤ ᠬᠤᠷᠠᠯ ᠳᠡᠭᠡᠷᠡᠬᠢ ᠶᠠᠷᠢᠶᠠᠨ᠎ᠤ ᠵᠤᠷᠢᠭ ᠰᠠᠨᠠᠭ᠎ᠠ ᠵᠢ ᠰᠤᠷᠤᠯᠴᠠᠵᠠᠢ᠃ ᠨᠠᠷᠢᠨ ᠬᠢᠨᠠᠮᠠᠭ᠋ᠠᠢ ᠰᠤᠷᠤᠯᠴᠠᠬᠤ᠎ᠪᠠᠷ ᠳᠠᠮᠵᠢᠨ ᠤᠯᠤᠰ ᠳᠦᠷᠦ ᠵᠢᠨ ᠵᠤᠬᠰᠤᠯᠳᠠ᠎ᠪᠠᠨ ᠪᠠᠳᠤᠳᠬᠠᠵᠤ᠂ ᠦᠵᠡᠯ ᠰᠠᠨᠠᠭ᠋ᠠᠨ᠎ᠤ ᠳᠠᠨᠢᠯᠳᠠ᠎ᠪᠠᠨ ᠬᠦᠨᠵᠡᠭᠡᠢ᠌ᠷᠡᠬᠦᠯᠦᠨ᠂ ᠦᠵᠡᠯ ᠰᠠᠨᠠᠭ᠎ᠠ ᠪᠤᠯᠤᠨ ᠦᠢ᠍ᠯᠡ ᠠᠵᠢᠯᠯᠠᠭ᠎ᠠ᠎ᠪᠠᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ ᠳᠡᠭᠡᠷ᠎ᠠ ᠳᠦᠪᠯᠡᠷᠡᠬᠦᠯᠵᠤ᠂ ᠠ᠋ᠨᠡ ᠤᠳᠠᠭ᠋ᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢ᠌ᠳᠤᠷ ᠬᠢᠬᠦ᠎ᠳᠤ ᠦᠵᠡᠯ ᠰᠠᠨᠠᠭ᠋ᠠᠨ᠎ᠤ ᠰᠠᠭᠤᠷᠢ ᠳᠠᠯᠪᠢᠵᠠᠢ᠃ ᠠ᠋ᠬᠦᠨ᠎ᠤ ᠰᠠᠭᠤᠷᠢᠨ ᠳᠡᠭᠡᠷ᠎ᠠ ᠹᠠᠨ ᠶᠤᠸᠠᠢ ᠨᠦᠬᠦᠷ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠷᠢᠴᠠᠭᠤᠯᠤᠨ ᠪᠠᠢ᠌ᠴᠠᠭ᠋ᠠᠬᠤ ᠮᠠᠲᠸᠷᠢᠶᠠᠯ᠎ᠢ ᠠ᠋ᠷᠬᠢᠯᠡᠨ ᠨᠤᠤᠷᠠᠭᠯᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠡᠯ᠎ᠡ ᠪᠦᠷᠢᠯᠳᠦᠬᠦᠨ ᠨᠦᠬᠦᠳ ᠦᠪᠡᠷ ᠦᠪᠡᠷ᠎ᠤᠨ ᠬᠠᠷᠢᠴᠠᠭᠤᠯᠤᠨ ᠪᠠᠢ᠌ᠴᠠᠭ᠋ᠠᠬᠤ ᠮᠠᠲᠸᠷᠢᠶᠠᠯ ᠵᠶ᠋ᠡᠨ ᠪᠡᠯᠡᠳᠭᠡᠵᠡᠢ᠃
      ᠬᠤᠷᠠᠯ ᠳᠡᠭᠡᠷ᠎ᠠ᠂ ᠹᠠᠨ ᠶᠤᠸᠠᠢ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠢ ᠳᠦᠯᠦᠭᠡᠯᠡᠨ ᠬᠠᠷᠢᠴᠠᠭᠤᠯᠤᠭᠰᠠᠨ ᠪᠠᠢ᠌ᠴᠠᠭ᠋ᠠᠯᠳᠠ ᠬᠢᠵᠤ᠂ ᠤᠪᠤᠷ ᠵᠶ᠋ᠡᠨ ᠢᠯᠡᠳᠭᠡᠨ᠂ ᠦᠪᠡᠷ᠎ᠤᠨ ᠰᠢᠬᠦᠮᠵᠢᠯᠠᠯ ᠬᠢᠭᠰᠡᠨ ᠮᠦᠷᠳᠡᠭᠡᠨ ᠤᠯᠠᠨ᠎ᠤ ᠰᠠᠨᠠᠯ ᠰᠢᠬᠦᠮᠵᠢᠯᠡᠯ᠎ᠢ ᠰᠤᠨᠤᠰᠴᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠤᠰᠤᠳ ᠪᠦᠷᠢᠯᠳᠦᠬᠦᠨ ᠬᠤᠪᠢ ᠬᠦᠮᠦᠨ᠎ᠤ ᠬᠠᠷᠢᠴᠠᠭᠤᠯᠤᠭᠰᠠᠨ ᠪᠠᠢ᠌ᠴᠠᠭ᠋ᠠᠯᠳᠠ ᠬᠢᠭᠰᠡᠨ ᠪᠦᠭᠡᠳ ᠬᠠᠷᠢᠯᠴᠠᠨ ᠰᠠᠨᠠᠯ ᠵᠦᠪᠯᠡᠯᠭᠡ ᠦᠭᠬᠦᠨ ᠰᠢᠬᠦᠮᠵᠢᠯᠠᠯ ᠦᠷᠨᠢᠬᠦᠯᠵᠡᠢ᠃ ᠤᠯᠠᠨ ᠵᠶ᠋ᠡᠷ ᠵᠶ᠋ᠡᠨ ᠭᠤᠤᠯ ᠰᠡᠳᠤᠪ᠎ᠢ ᠠᠳᠬᠤᠨ᠂ ᠦᠨᠡᠨ ᠰᠡᠳᠬᠢᠯ᠎ᠠᠴᠠ᠎ᠪᠠᠨ ᠦᠨᠠᠨ ᠦᠭᠡ ᠭᠡᠯᠡᠵᠤ᠂ ᠬᠠᠷᠢᠯᠴᠠᠨ ᠬᠦᠮᠦᠵᠢᠬᠦᠯᠵᠤ ᠬᠠᠷᠢᠯᠴᠠᠨ ᠰᠡᠷᠡᠮᠵᠢᠯᠡᠬᠦᠯᠦᠨ᠂ 《ᠪᠦᠯᠬᠦᠮᠳᠡᠬᠦ — ᠰᠢᠬᠦᠮᠵᠢᠯᠡᠬᠦ — ᠪᠦᠯᠬᠦᠮᠳᠡᠬᠦ》 ᠵᠤᠷᠢᠯᠭ᠎ᠠ᠎ᠳᠤ ᠬᠦᠷᠴᠤ ᠴᠢᠳᠠᠵᠠᠢ᠃
      ᠹᠠᠨ ᠶᠤᠸᠠᠢ ᠱᠦᠵᠢ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠨᠡᠷ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ ᠤᠳᠤᠬᠠᠨ᠎ᠤ ᠴᠢᠬᠤᠯᠠ ᠶᠡᠭᠡ ᠤᠯᠤᠰ ᠳᠦᠷᠦ ᠵᠢᠨ ᠠ᠋ᠬᠦᠷᠭᠡ ᠪᠤᠯᠭ᠋ᠠᠵᠤ᠂ ᠳᠤᠪᠤᠢ᠌ᠮ᠎ᠠ ᠠᠰᠠᠭᠤᠳᠠᠯ᠎ᠢ ᠠᠳᠬᠤᠨ᠂ ᠠᠵᠢᠯ᠎ᠤᠨ ᠠ᠋ᠭᠡ ᠳᠠᠩᠰᠠ ᠪᠠᠢ᠌ᠭᠤᠯᠵᠤ᠂ ᠠ᠋ᠬᠦᠷᠭᠡ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠠᠵᠢᠯ᠎ᠤᠨ ᠠᠷᠭ᠎ᠠ ᠵᠢ ᠠ᠋ᠷᠴᠢᠮᠵᠢᠬᠦᠯᠵᠤ᠂ ᠨᠠᠢ᠌ᠳᠠᠪᠤᠷᠢᠵᠢᠭᠤᠯᠤᠯᠳᠠ ᠵᠢ ᠰᠠᠢ᠌ᠳᠤᠷ ᠠᠳᠬᠤᠬᠤ ᠭᠡᠷᠡᠭᠳᠡᠢ ᠭᠡᠵᠤ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠠᠯ᠎ᠢ ᠠᠬᠢᠭᠤᠯᠬᠤ ᠬᠤᠷᠠᠯ ᠬᠢᠪᠡ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠠᠷᠠᠳ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠪᠠᠢ᠌ᠴᠠᠭ᠋ᠠᠨ ᠰᠤᠳᠤᠯᠤᠯᠳᠠ ᠬᠢᠪᠡ
ᠳᠦᠩᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠷ᠎ᠡ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠡᠯ᠎ᠢ ᠠᠬᠢᠭᠤᠯᠬᠤ ᠬᠤᠷᠠᠯ ᠬᠢᠪᠠ
ᠬᠦᠯᠦᠨ ᠪᠤᠢ᠌ᠷ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ 《ᠳᠠᠪᠤ ᠵᠢ ᠤᠶᠠᠯᠳᠤᠭᠤᠯᠬᠤ》 ᠵᠢ ᠴᠢᠩᠭ᠎ᠠ ᠠᠳᠬᠤᠨ ᠬᠠᠷ᠎ᠡ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠡᠯ᠎ᠢ ᠬᠦᠨᠵᠡᠭᠡᠢ᠌ᠷᠡᠬᠦᠯᠵᠤ ᠪᠤᠢ
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠵᠢᠴᠢ ᠳᠤᠰᠬᠤᠨ᠎ᠤ ᠶᠠᠪᠤᠳᠠᠯ᠎ᠢ ᠢᠯᠡ ᠪᠤᠯᠭ᠋ᠠᠬᠤ ᠵᠢ ᠠᠬᠢᠭᠤᠯᠬᠤ ᠬᠤᠷᠠᠯ ᠬᠢᠪᠡ
 
            