12 ᠳ᠋ᠤᠭ᠋ᠠᠷ ᠰᠠᠷ᠎ᠡ ᠵᠢᠨ 4᠎ᠤ ᠠ᠋ᠳᠤᠷ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ 2018 ᠤᠨ᠎ᠤ ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠬᠠᠷᠢᠭᠤ ᠮᠡᠳᠡᠬᠦᠯᠬᠦ ᠬᠤᠷᠠᠯ ᠬᠢᠵᠤ᠂ ᠡᠯ᠎ᠡ ᠬᠤᠰᠢᠭᠤ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠤᠭᠰᠠᠨ ᠪᠦᠭᠡᠳ ᠠ᠋ᠨᠡ ᠵᠢᠯ᠎ᠠᠴᠠ ᠨᠠᠭ᠋ᠠᠰᠢᠬᠢ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠠᠮᠢᠶᠠᠲᠠᠢ ᠪᠠᠢ᠌ᠷᠢᠯᠠᠭᠤᠯᠤᠯᠳᠠ ᠵᠢ ᠳᠠᠬᠢᠨ ᠨᠠᠢ᠌ᠳᠠᠪᠤᠷᠢᠵᠢᠭᠤᠯᠵᠤ᠂ ᠳᠠᠬᠢᠨ ᠠᠬᠢᠭᠤᠯᠵᠤ᠂ ᠳᠠᠬᠢᠨ ᠳᠠᠢ᠌ᠴᠢᠯᠠᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ ᠳᠠᠭ᠋ᠠᠭ᠋ᠠᠴᠢᠯᠠᠨ ᠬᠦᠢ᠍ᠴᠡᠳᠭᠡᠵᠤ ᠪᠠᠢ᠌ᠭ᠎ᠠ ᠠᠵᠢᠯ ᠠ᠋ᠬᠦᠷᠭᠡ ᠵᠢ ᠳᠠᠬᠢᠨ ᠳᠤᠳᠤᠷᠬᠠᠢ᠌ᠯᠠᠬᠤ ᠵᠢᠨ ᠬᠠᠮᠳᠤ ᠤᠳᠤᠬᠠᠨ᠎ᠤ ᠪᠠ ᠬᠤᠢ᠌ᠰᠢᠳᠡ ᠵᠢᠨ ᠨᠢᠭᠡ ᠬᠤᠭᠤᠴᠠᠭ᠋ᠠᠨ᠎ᠤ ᠭᠤᠤᠯ ᠠᠵᠢᠯ ᠵᠶ᠋ᠠᠨ ᠪᠠᠢ᠌ᠷᠢᠯᠠᠭᠤᠯᠵᠠᠢ᠃
ᠬᠤᠷᠠᠯ ᠳᠡᠭᠡᠷ᠎ᠠ ᠡᠯ᠎ᠡ ᠬᠤᠰᠢᠭᠤ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ 2018 ᠤᠨ᠎ᠤ ᠠᠵᠢᠯ᠎ᠤᠨ ᠬᠢᠯᠡᠰ ᠴᠡᠭ᠂ ᠠᠷᠠᠳ᠎ᠤᠨ ᠶᠠᠪᠤᠳᠠᠯ᠎ᠤᠨ ᠭᠤᠤᠯᠳᠠᠯᠭ᠎ᠠ᠎ᠲᠠᠢ ᠠᠵᠢᠯ᠎ᠤᠨ ᠦᠷᠨᠢᠬᠦᠯᠦᠭᠰᠡᠨ ᠪᠠᠢ᠌ᠳᠠᠯ ᠵᠢᠴᠢ ᠤᠷᠤᠰᠢᠵᠤ ᠪᠠᠢ᠌ᠭ᠎ᠠ ᠠᠰᠠᠭᠤᠳᠠᠯ ᠪᠤᠯᠤᠨ 2019 ᠤᠨ᠎ᠤ ᠭᠤᠤᠯ ᠠᠵᠢᠯ᠎ᠤᠨ ᠰᠡᠳᠬᠢᠴᠡ᠎ᠪᠠᠨ ᠬᠠᠷᠢᠭᠤ ᠮᠡᠳᠡᠬᠦᠯᠵᠡᠢ᠃ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠡᠯ᠎ᠡ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ ᠪᠤᠯᠤᠨ ᠳᠤᠬᠠᠢ᠌ᠯᠠᠭᠰᠠᠨ ᠠᠵᠢᠯ᠎ᠤᠨ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠳᠤᠰ ᠪᠦᠷᠢ ᠵᠢᠨ ᠳᠤᠬᠠᠢ᠌ᠯᠠᠭᠰᠠᠨ ᠠᠵᠢᠯ᠎ᠤᠨ ᠳᠡᠯ᠎ᠡ᠎ᠠᠴᠠ ᠳ᠋ᠦᠩᠨᠡᠵᠤ ᠦᠨᠡᠯᠡᠪᠡ᠃
ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠤᠪᠴᠢᠶᠠᠨ᠎ᠤ ᠳᠠᠷᠤᠭ᠎ᠠ ᠹᠠᠨ ᠶᠤᠸᠠᠢ ᠳ᠋ᠦᠩᠨᠡᠯᠳᠡ ᠵᠢᠨ ᠶᠠᠷᠢᠶ᠎ᠠ ᠳᠠᠯᠪᠢᠵᠤ᠂ ᠠᠷᠠᠳ᠎ᠤᠨ ᠶᠠᠪᠤᠳᠠᠯ᠎ᠤᠨ ᠠᠵᠢᠯ᠎ᠢ ᠰᠠᠢ᠌ᠳᠤᠷ ᠬᠢᠬᠦ ᠳᠤᠬᠠᠢ ᠪᠤᠳᠠᠳᠠᠢ ᠱᠠᠭ᠋ᠠᠷᠳᠠᠯᠭ᠎ᠠ ᠳᠤᠷᠠᠳᠪᠠ᠃
ᠡᠯ᠎ᠡ ᠬᠤᠰᠢᠭᠤ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠠᠷᠤᠭ᠎ᠠ᠂ ᠠᠯᠪᠠᠨ ᠭᠡᠷ᠎ᠤᠨ ᠠ᠋ᠷᠬᠢᠯᠡᠭᠴᠢ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠳᠤᠪᠴᠢᠶᠠᠨ᠎ᠤ ᠰᠢᠭᠤᠳ ᠬᠠᠷᠢᠶ᠎ᠠ ᠡᠯ᠎ᠡ ᠨᠢᠭᠡᠴᠢ ᠵᠢᠨ ᠬᠠᠷᠢᠭᠤᠴᠠᠯᠭ᠋ᠠᠳᠠᠨ ᠵᠢᠴᠢ ᠡᠯ᠎ᠡ ᠰᠠᠯᠠᠭ᠎ᠠ᠂ ᠠᠯᠪᠠᠨ ᠭᠡᠷ᠎ᠤᠨ ᠬᠠᠷᠢᠭᠤᠴᠠᠯᠭ᠋ᠠᠳᠠᠨ ᠬᠤᠷᠠᠯ᠎ᠳᠤ ᠤᠷᠤᠯᠴᠠᠪᠠ᠃