ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ᠂ 12 ᠳ᠋ᠤᠭ᠋ᠠᠷ ᠰᠠᠷ᠎ᠠ ᠵᠢᠨ 6᠎ᠤ ᠠ᠋ᠳᠤᠷ᠎ᠤᠨ ᠬᠤᠷᠠᠯᠳᠤᠭᠰᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠳᠤᠷᠢᠳᠬᠤ ᠳᠤᠭᠤᠢ᠌ᠯᠠᠩ᠎ᠤᠨ ᠠᠩᠬᠠᠳᠤᠭ᠋ᠠᠷ ᠤᠳᠠᠭ᠎ᠠ ᠵᠢᠨ ᠬᠤᠷᠠᠯ ᠳᠡᠭᠡᠷ᠎ᠡ᠂ ᠰᠠᠭᠤᠷᠢ ᠰᠤᠳᠤᠯᠭ᠋ᠠᠨ᠎ᠤ ᠳᠡᠭᠡᠳᠤ ᠭᠡᠮᠵᠢᠶ᠎ᠡ ᠪᠤᠯᠤᠨ ᠬᠦᠨᠴᠠ ᠵᠢᠨ ᠭᠡᠮᠵᠢᠶ᠎ᠡ᠎ᠨᠢ ᠨᠢᠭᠡ ᠤᠯᠤᠰ᠎ᠤᠨ ᠰᠢᠨᠵᠢᠯᠠᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠵᠢᠨ ᠬᠦᠨᠴᠡ ᠪᠤᠯᠤᠨ ᠦᠷᠭᠡᠴᠡ ᠵᠢ ᠳᠤᠭᠳᠠᠭ᠋ᠠᠨ᠎ᠠ᠃ ᠮᠠᠨ᠎ᠤ ᠤᠯᠤᠰ᠎ᠤᠨ ᠰᠠᠭᠤᠷᠢ ᠰᠤᠳᠤᠯᠭ᠋ᠠᠨ᠎ᠢ ᠬᠦᠭᠵᠢᠬᠦᠯᠬᠦ ᠵᠠᠷᠤᠳᠠᠯ᠎ᠤᠨ ᠬᠠᠷᠢᠴᠠᠯ᠎ᠢ ᠬᠦᠭᠵᠢᠭᠰᠡᠨ ᠤᠯᠤᠰᠤᠨᠬᠢᠲᠠᠢ ᠠᠳᠠᠯᠢᠳᠬᠠᠪᠠᠯ ᠶᠡᠭᠡ ᠵᠦᠷᠢᠶ᠎ᠡ᠎ᠲᠠᠢ ᠪᠠᠢ᠌ᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ᠎ᠳᠤ᠂ ᠢᠯᠠᠩᠭᠤᠶ᠎ᠠ ᠰᠠᠭᠤᠷᠢ ᠰᠤᠳᠤᠯᠭ᠋ᠠᠨ᠎ᠳᠤ ᠦᠨᠡᠨᠬᠦ ᠶᠡᠭᠡᠭᠡᠨ ᠪᠡᠯᠡ ᠤᠷᠤᠭᠤᠯᠬᠤ ᠭᠡᠷᠡᠭᠳᠡᠢ᠂ ᠭᠡᠬᠦ᠎ᠳᠤ ᠵᠦᠪᠭᠡᠨ ᠵᠠᠰᠠᠭ᠎ᠤᠨ ᠤᠷᠳᠤᠨ᠎ᠳᠤ ᠳᠦᠰᠢᠭᠯᠡᠭᠡᠳ ᠪᠤᠯᠬᠤ ᠦᠭᠡᠢ᠃ ᠤᠴᠢᠷ᠎ᠨᠢ ᠮᠠᠰᠢ ᠠᠷᠪᠢᠨ ᠰᠢᠨᠡᠴᠢᠯᠡᠯᠲᠡ ᠵᠢ ᠵᠠᠰᠠᠭ᠎ᠤᠨ ᠤᠷᠳᠤᠨ 《ᠳᠦᠯᠦᠪᠯᠡᠵᠤ》 ᠭᠠᠷᠭ᠋ᠠᠭᠰᠠᠨ ᠪᠢᠰᠢ᠂ ᠬᠠᠷᠢᠨ ᠠᠵᠤ ᠠᠬᠤᠢ᠌ᠯᠠᠯ᠎ᠨᠢ ᠵᠠᠬ᠎ᠠ ᠳᠡᠯᠭᠡᠬᠦᠷ᠎ᠤᠨ ᠦᠷᠢᠰᠦᠯᠳᠦᠭᠡᠨ᠎ᠳᠤ ᠵᠤᠬᠢᠴᠠᠭᠤᠯᠵᠤ ᠪᠠᠢ᠌ᠭ᠋ᠠᠳ ᠠ᠋ᠭᠦᠳᠤᠭ᠌ᠰᠡᠨ ᠶᠤᠮ᠃ ᠪᠢᠳᠠ ᠵᠠᠬ᠎ᠠ ᠳᠡᠯᠭᠡᠬᠦᠷᠤᠨᠬᠢᠨᠤ ᠠ᠋ᠭᠡ ᠪᠠᠶᠠᠯᠢᠭ᠎ᠢ ᠵᠤᠬᠢᠴᠠᠭᠤᠯᠬᠤ ᠳᠤᠮᠳᠠᠬᠢ ᠰᠢᠢ᠍ᠳᠪᠤᠷᠢᠯᠡᠬᠦ ᠴᠢᠨᠠᠷᠲᠠᠢ ᠦᠢ᠍ᠯᠡᠳᠤᠯ᠎ᠢ ᠪᠠᠳᠠᠷᠠᠭᠤᠯᠬᠤ ᠵᠢᠨ ᠬᠠᠮᠳᠤ ᠵᠠᠰᠠᠭ᠎ᠤᠨ ᠤᠷᠳᠤᠨ᠎ᠤ ᠦᠢ᠍ᠯᠡᠳᠤᠯ᠎ᠢ ᠨᠡᠩ ᠰᠠᠢ᠌ᠨ ᠵᠶ᠋ᠡᠷ ᠪᠠᠳᠠᠷᠠᠭᠤᠯᠬᠤ ᠭᠡᠷᠡᠭᠳᠡᠢ᠃ ᠠ᠋ᠨᠡᠬᠦ ᠠ᠋ᠭᠡ ᠪᠠᠶᠠᠯᠢᠭ᠎ᠲᠤ ᠰᠢᠨᠵᠢᠯᠠᠬᠦ ᠤᠬᠠᠭ᠋ᠠᠨ ᠮᠡᠷᠭᠡᠵᠢᠯ᠎ᠤᠨ ᠠ᠋ᠬᠢ ᠪᠠᠶᠠᠯᠢᠭ ᠪᠠᠭᠳᠠᠵᠤ ᠪᠤᠢ᠃ ᠵᠠᠰᠠᠭ᠎ᠤᠨ ᠤᠷᠳᠤᠨ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠳᠤᠮᠳᠠ ᠭᠤᠤᠯᠳᠠᠭᠤ ᠵᠢᠯᠤᠭᠤᠳᠤᠨ ᠳᠠᠭ᠋ᠠᠭᠤᠯᠬᠤ ᠦᠢ᠍ᠯᠡᠳᠤᠯ ᠦᠵᠡᠬᠦᠯᠵᠤ᠂ ᠳᠦᠷᠦ ᠵᠢᠨ ᠪᠤᠳᠤᠯᠭ᠎ᠠ ᠳᠤᠭᠳᠠᠭ᠋ᠠᠬᠤ᠎ᠳᠤ᠎ᠪᠠᠨ ᠵᠠᠬ᠎ᠠ ᠳᠡᠯᠭᠡᠬᠦᠷ᠎ᠤᠨ ᠭᠤᠤᠯ ᠴᠤᠭᠴᠠ ᠪᠤᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠤᠤᠯ ᠴᠤᠭᠴᠠ ᠵᠢ ᠪᠤᠳᠤᠯᠬᠢᠯᠠᠵᠤ᠂ ᠠ᠋ᠷᠭᠡ ᠵᠢ ᠳᠠᠯᠪᠢᠨ᠂ ᠳᠡᠳᠡᠨ᠎ᠤ ᠠ᠋ᠬᠦᠳᠤᠨ ᠪᠦᠳᠦᠭᠡᠬᠦ ᠬᠦᠴᠦᠨ᠎ᠢ ᠨᠡᠩ ᠶᠡᠭᠡ᠎ᠪᠠᠷ ᠳᠠᠢ᠌ᠴᠢᠯᠠᠬᠤ ᠭᠡᠷᠡᠭᠳᠡᠢ ᠭᠡᠵᠤ ᠭᠡᠯᠡᠪᠡ᠃
