ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠠᠷᠠᠳ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠪᠠᠢ᠌ᠴᠠᠭ᠋ᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄ 2018-12-19

           
      ᠣᠢ᠌ᠷ᠎ᠡ᠎ᠳᠤ᠂ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠠᠷᠤᠭ᠎ᠠ ᠶᠦᠨ ᠭᠠᠩ᠂ ᠳᠡᠳ᠋ ᠳᠠᠷᠤᠭ᠎ᠠ ᠸᠠᠩ ᠯᠢ ᠫᠢᠩ ᠵᠢᠴᠢ ᠬᠤᠯᠪᠤᠭᠳᠠᠯ ᠪᠦᠬᠦᠢ ᠰᠠᠯᠠᠭ᠎ᠠ ᠠᠯᠪᠠᠨ ᠭᠡᠷ᠎ᠤᠨ ᠬᠠᠷᠢᠭᠤᠴᠠᠯᠭ᠋ᠠᠳᠠᠨ ᠵᠶ᠋ᠡᠷ ᠪᠦᠷᠢᠯᠳᠦᠭᠰᠡᠨ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠷᠢᠳ ᠬᠤᠵᠢᠳ ᠬᠦᠨᠳᠡᠯᠡᠨ ᠳᠤᠭᠤᠷᠢᠭ᠎ᠤᠨ ᠰᠢᠶᠠᠩ ᠠ᠋ᠾᠸ ᠨᠠᠰᠤᠲᠠᠳ᠎ᠢ ᠠᠰᠠᠷᠠᠬᠤ ᠬᠦᠷᠢᠶᠡᠯᠡᠩ᠂ ᠬᠤᠢ ᠳ᠋ᠸ ᠨᠠᠰᠤᠲᠠᠳ᠎ᠢ ᠨᠠᠢ᠌ᠳᠠᠨ ᠠᠰᠠᠷᠠᠭᠤᠯᠬᠤ ᠳᠦᠪ᠂ ᠴᠢᠩᠱ᠌ᠠᠨ ᠳᠤᠭᠤᠷᠢᠭ᠎ᠤᠨ ᠠᠢ ᠰᠢᠨ ᠬᠤᠷᠢᠶᠠᠯᠠᠯ᠎ᠤᠨ ᠨᠠᠰᠤᠳᠠᠢ᠌ᠴᠤᠳ᠎ᠤᠨ ᠨᠡᠢ᠌ᠳᠡ ᠵᠢᠨ ᠪᠠᠢ᠌ᠷᠢ᠂ ᠬᠤᠢ ᠳ᠋ᠸ ᠨᠠᠰᠤᠳᠠᠢ᠌ᠴᠤᠳ᠎ᠤᠨ ᠨᠡᠢ᠌ᠳᠡ ᠵᠢᠨ ᠪᠠᠢ᠌ᠷᠢ᠂ ᠳ᠋ᠦᠩ ᠠ᠋ᠾᠸ ᠳᠤᠭᠤᠷᠢᠭ᠎ᠤᠨ ᠹᠦ᠋ ᠠᠨ ᠨᠠᠰᠤᠳᠠᠢ᠌ᠴᠤᠳ᠎ᠤᠨ ᠨᠡᠢ᠌ᠳᠡ ᠵᠢᠨ ᠪᠠᠢ᠌ᠷᠢ᠂ ᠬᠤᠸᠠᠨ ᠰᠢ ᠨᠠᠰᠤᠳᠠᠢ᠌ᠴᠤᠳ᠎ᠤᠨ ᠨᠡᠢ᠌ᠳᠡ ᠵᠢᠨ ᠪᠠᠢ᠌ᠷᠢ ᠪᠤᠯᠤᠨ ᠪᠢᠨ ᠠ᠋ᠾᠸ ᠨᠠᠰᠤᠳᠠᠢ᠌ᠴᠤᠳ᠎ᠤᠨ ᠨᠡᠢ᠌ᠳᠡ ᠵᠢᠨ ᠪᠠᠢ᠌ᠷᠢ᠎ᠪᠠᠷ ᠬᠦᠷᠴᠤ᠂ ᠠᠷᠠᠳ᠎ᠠᠴᠠ ᠠ᠋ᠷᠬᠢᠯᠡᠭᠰᠡᠨ ᠨᠠᠰᠤᠳᠠᠨ᠎ᠢ ᠠᠰᠠᠷᠠᠬᠤ ᠪᠠᠢ᠌ᠭᠤᠯᠤᠮᠵᠢ ᠵᠢᠨ ᠪᠦᠳᠦᠭᠡᠨ ᠪᠠᠢ᠌ᠭᠤᠯᠤᠯᠳᠠ᠂ ᠬᠠᠮᠢᠶᠠᠷᠤᠯᠳᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠠᠢ᠃
      ᠳᠡᠳᠡ ᠬᠠᠮᠢᠭ᠎ᠠ ᠬᠦᠷᠪᠡᠯ ᠳᠡᠨᠳᠡᠬᠢ ᠵᠢᠨ ᠨᠠᠰᠤᠳᠠᠢ᠌ᠴᠤᠳ᠎ᠤᠨ ᠠᠮᠢᠳᠤᠷᠠᠯ᠎ᠤᠨ ᠪᠠᠢ᠌ᠳᠠᠯ᠎ᠢ ᠠᠰᠠᠭᠤᠨ ᠤᠢ᠌ᠯᠠᠭ᠋ᠠᠬᠤ ᠵᠢᠨ ᠬᠠᠮᠳᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠭᠠᠯ ᠰᠡᠷᠭᠡᠢ᠌ᠡᠯᠵᠤ ᠭᠠᠯ ᠤᠨᠳᠠᠷᠠᠭ᠋ᠠᠬᠤ᠂ ᠢᠳᠡᠭᠡᠨ᠎ᠤ ᠠ᠋ᠷᠡᠬᠦᠯ ᠬᠠᠮᠠᠭ᠋ᠠᠯᠠᠯ ᠵᠡᠷᠭᠡ ᠳᠤᠨᠤᠭ ᠳᠦᠬᠦᠭᠡᠷᠦᠮᠵᠢ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠤ᠂ ᠠᠰᠠᠷᠠᠭᠴᠢ᠂ ᠵᠢᠵᠢᠬᠦᠷᠯᠡᠭᠴᠢ ᠵᠢᠨ ᠳᠤᠬᠢᠷᠠᠭᠤᠯᠤᠯᠳᠠ ᠵᠡᠷᠭᠡ ᠦᠢ᠍ᠯᠡᠴᠢᠯᠡᠭᠡ ᠬᠠᠮᠢᠶᠠᠷᠤᠯᠳᠠ ᠵᠢᠨ ᠪᠠᠢ᠌ᠳᠠᠯ᠎ᠢ ᠤᠢ᠌ᠯᠠᠭ᠋ᠠᠵᠠᠢ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠠᠢ᠌ᠴᠠᠭ᠋ᠠᠨ ᠰᠤᠳᠤᠯᠬᠤ ᠶᠠᠪᠤᠴᠠ᠎ᠳᠤ᠎ᠪᠠᠨ ᠨᠢᠭᠡ ᠪᠦᠯᠦᠭ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ᠎ᠲᠠᠢ ᠶᠠᠷᠢᠯᠴᠠᠬᠤ ᠬᠤᠷᠠᠯ ᠬᠢᠵᠤ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠤᠷᠤᠰᠢᠵᠤ ᠪᠠᠢ᠌ᠭ᠎ᠠ ᠬᠦᠴᠢᠷᠳᠡᠯ᠎ᠢ ᠰᠤᠨᠤᠰᠤᠨ᠂ ᠰᠢᠢ᠍ᠳᠪᠤᠷᠢᠯᠡᠬᠦ ᠠᠷᠭ᠎ᠠ ᠭᠡᠮᠵᠢᠶ᠎ᠡ ᠳᠤᠷᠠᠳᠴᠤ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠦᠢ᠍ᠯᠡᠴᠢᠯᠡᠭᠡ ᠬᠠᠮᠢᠶᠠᠷᠤᠯᠳᠠ ᠵᠢᠨ ᠠᠷᠭ᠎ᠠ ᠭᠡᠮᠵᠢᠶ᠎ᠡ᠎ᠪᠠᠨ ᠳ᠋ᠦᠩᠨᠡᠨ ᠳᠤᠷᠰᠢᠯᠭ᠎ᠠ ᠰᠣᠯᠢᠯᠴᠠᠵᠠᠢ᠃
      ᠬᠦᠨᠳᠡᠯᠡᠨ ᠳᠤᠭᠤᠷᠢᠭ᠂ ᠴᠢᠩᠱ᠌ᠠᠨ ᠳᠤᠭᠤᠷᠢᠭ᠂ ᠳ᠋ᠦᠩ ᠠ᠋ᠾᠸ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠭᠤᠤᠯ ᠤᠳᠤᠷᠢᠳᠤᠯᠭ᠎ᠠ ᠪᠤᠯᠤᠨ ᠬᠤᠪᠢᠳᠠᠨ ᠬᠠᠷᠢᠭᠤᠴᠠᠵᠤ ᠪᠠᠢ᠌ᠭ᠎ᠠ ᠤᠳᠤᠷᠢᠳᠤᠯᠭ᠎ᠠ ᠪᠠᠢ᠌ᠴᠠᠭ᠋ᠠᠨ ᠰᠤᠳᠤᠯᠬᠤ᠎ᠳᠤ ᠤᠷᠤᠯᠴᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠳᠦᠩᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠷ᠎ᠡ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠡᠯ᠎ᠢ ᠠᠬᠢᠭᠤᠯᠬᠤ ᠬᠤᠷᠠᠯ ᠬᠢᠪᠠ
ᠬᠦᠯᠦᠨ ᠪᠤᠢ᠌ᠷ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ 《ᠳᠠᠪᠤ ᠵᠢ ᠤᠶᠠᠯᠳᠤᠭᠤᠯᠬᠤ》 ᠵᠢ ᠴᠢᠩᠭ᠎ᠠ ᠠᠳᠬᠤᠨ ᠬᠠᠷ᠎ᠡ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠡᠯ᠎ᠢ ᠬᠦᠨᠵᠡᠭᠡᠢ᠌ᠷᠡᠬᠦᠯᠵᠤ ᠪᠤᠢ
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠵᠢᠴᠢ ᠳᠤᠰᠬᠤᠨ᠎ᠤ ᠶᠠᠪᠤᠳᠠᠯ᠎ᠢ ᠢᠯᠡ ᠪᠤᠯᠭ᠋ᠠᠬᠤ ᠵᠢ ᠠᠬᠢᠭᠤᠯᠬᠤ ᠬᠤᠷᠠᠯ ᠬᠢᠪᠡ
ᠪᠦ᠋ ᠰᠢᠶᠤᠤ ᠯᠢᠨ᠄ ᠰᠡᠳᠬᠢᠯ ᠵᠢᠷᠦᠭᠡᠨ᠎ᠳᠤ ᠤᠶᠠᠩᠭ᠋ᠠᠷᠠᠭᠰᠠᠨ ᠳᠠᠯ᠎ᠠ ᠨᠤᠳᠤᠭ᠎ᠤᠨ ᠳᠠᠭᠤᠤ
ᠬᠦᠯᠦᠨ ᠪᠤᠢ᠌ᠷ ᠬᠤᠳᠠ ᠵᠢᠨ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠬᠤᠳᠤᠭᠤᠳᠤ ᠭᠡᠳᠡᠰᠤᠨ᠎ᠤ ᠡᠪᠡᠳᠴᠢᠨ᠎ᠢ ᠦᠨ᠎ᠡ ᠳᠦᠯᠦᠪᠤᠷᠢ ᠦᠭᠡᠢ᠎ᠪᠠᠷ ᠵᠠᠰᠠᠬᠤ ᠨᠠᠢ᠌ᠳᠠ ᠵᠢᠨ ᠠᠰᠠᠷᠠᠮᠵᠢ ᠵᠢᠨ ᠠᠵᠢᠯᠯᠠᠭ᠎ᠠ ᠠ᠋ᠬᠢᠯᠡᠪᠡ
 
            