ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ ᠺᠠᠮᠪᠤᠵᠠ ᠵᠢᠨ ᠵᠠᠯᠠᠭᠤᠴᠤᠳ᠎ᠤᠨ ᠬᠤᠯᠪᠤᠭ᠋ᠠᠳᠤ ᠬᠤᠷᠠᠯ᠎ᠤᠨ ᠳᠡᠷᠢᠬᠦᠯᠡᠭᠴᠢ ᠬᠤᠩ ᠮᠠ᠎ᠨᠢ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-12-12


     12 ᠳ᠋ᠤᠭ᠋ᠠᠷ ᠰᠠᠷ᠎ᠠ ᠵᠢᠨ 6᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠺᠠᠮᠪᠤᠵᠠ ᠵᠢᠨ ᠵᠠᠯᠠᠭᠤᠴᠤᠳ᠎ᠤᠨ ᠬᠤᠯᠪᠤᠭ᠋ᠠᠳᠤ ᠬᠤᠷᠠᠯ᠎ᠤᠨ ᠳᠡᠷᠢᠬᠦᠯᠡᠭᠴᠢ ᠬᠤᠩ ᠮᠠ᠎ᠨᠢ᠎ᠲᠠᠢ ᠠᠭᠤᠯᠵᠠᠪᠠ᠃
      ᠸᠠᠩ ᠢ᠂ ᠳᠤᠮᠳᠠᠳᠤ ᠺᠠᠮᠪᠤᠵᠠ ᠬᠠᠷᠢᠯᠴᠠᠭ᠎ᠠ ᠪᠠᠢ᠌ᠭᠤᠯᠤᠭᠰᠠᠨ 60 ᠵᠢᠯ᠎ᠤᠨ ᠳᠤᠷᠰᠢ᠂ ᠬᠤᠶᠠᠷ ᠳᠠᠯ᠎ᠠ᠎ᠪᠠᠷ ᠵᠶ᠋ᠡᠨ ᠬᠠᠷᠢᠯᠴᠠᠨ ᠬᠦᠨᠳᠦᠳᠭᠡᠬᠦ᠂ ᠠ᠋ᠷᠭᠡ ᠳᠡᠭᠰᠢ᠎ᠪᠠᠷ ᠬᠠᠨᠳᠤᠬᠤ᠂ ᠬᠠᠷᠢᠯᠴᠠᠨ ᠳᠡᠮᠵᠢᠬᠦ᠂ ᠳᠡᠭᠡᠳᠤ ᠭᠡᠮᠵᠢᠶ᠎ᠡ᠎ᠪᠠᠷ ᠬᠠᠷᠢᠯᠴᠠᠨ ᠢᠳᠡᠭᠡᠬᠦ᠂ ᠬᠠᠷᠢᠯᠴᠠᠨ ᠠᠰᠢᠭᠳᠠᠢ ᠬᠠᠮᠳᠤ᠎ᠪᠠᠷ ᠠᠰᠢᠭ ᠬᠦᠷᠳᠡᠬᠦ᠂ ᠬᠠᠮᠳᠤ᠎ᠪᠠᠷ ᠬᠦᠭᠵᠢᠬᠦ ᠵᠢ ᠪᠠᠷᠢᠮᠳᠠᠯᠠᠭᠰᠠᠭ᠋ᠠᠷ ᠢᠷᠡᠪᠡ᠃ ᠳᠤᠮᠳᠠᠳᠤ ᠵᠢᠨ᠎ᠬᠢᠨ ᠺᠠᠮᠪᠤᠵᠠ ᠵᠢᠨ ᠤᠯᠤᠰ᠎ᠤᠨ ᠠ᠋ᠷᠭᠡ ᠮᠡᠳᠡᠯ ᠵᠶ᠋ᠡᠨ ᠬᠠᠮᠠᠭ᠋ᠠᠯᠠᠬᠤ᠂ ᠤᠯᠤᠰ᠎ᠤᠨ ᠵᠶ᠋ᠠᠨ ᠪᠠᠢ᠌ᠳᠠᠯ᠎ᠳᠤ ᠳᠤᠬᠢᠷᠠᠭᠰᠠᠨ ᠬᠦᠭᠵᠢᠯᠳᠡ ᠵᠢᠨ ᠵᠠᠮ ᠵᠶ᠋ᠡᠷ ᠵᠠᠮᠨᠠᠬᠤ ᠵᠢ ᠳᠡᠮᠵᠢᠵᠤ᠂ ᠺᠠᠮᠪᠤᠵᠠ ᠵᠢᠨ᠎ᠬᠢᠨ᠎ᠤ ᠳᠤᠮᠳᠠᠳᠤ ᠵᠢᠨ ᠭᠤᠤᠯ ᠪᠤᠯᠬᠤ ᠠᠰᠢᠭ ᠳᠤᠰᠠ ᠵᠢᠨ ᠠᠰᠠᠭᠤᠳᠠᠯ ᠳᠡᠭᠡᠷ᠎ᠡ ᠳᠤᠮᠳᠠᠳᠤ ᠤᠯᠤᠰ᠎ᠲᠠᠢ ᠨᠢᠭᠡ ᠵᠤᠭᠰᠤᠯᠳᠠ᠎ᠲᠠᠢ ᠪᠠᠢ᠌ᠬᠤ ᠵᠢ ᠮᠠᠭᠳᠠᠨ ᠰᠠᠢ᠌ᠰᠢᠶᠠᠨ᠎ᠠ᠃ ᠬᠤᠶᠠᠷ ᠤᠯᠤᠰ᠎ᠤᠨ ᠵᠠᠯᠠᠭᠤᠴᠤᠳ ᠳᠤᠮᠳᠠᠳᠤ ᠺᠠᠮᠪᠤᠵᠠ ᠵᠢᠨ ᠨᠦᠬᠦᠷᠯᠡᠯ᠎ᠢ ᠤᠯᠠᠮᠵᠢᠯᠠᠨ ᠵᠠᠯᠭ᠋ᠠᠮᠵᠢᠯᠠᠬᠤ ᠵᠢ ᠬᠦᠰᠡᠨ᠎ᠡ ᠭᠡᠵᠤ ᠢᠯᠡᠷᠭᠡᠢ᠌ᠯᠡᠪᠡ᠃
      ᠬᠤᠩ ᠮᠠ᠎ᠨᠢ᠂ ᠵᠠᠯᠠᠭᠤ ᠨᠢᠭᠡ ᠦᠶ᠎ᠡ ᠪᠤᠯᠤᠭᠰᠠᠨ᠎ᠤ ᠬᠤᠪᠢ᠎ᠳᠤ᠂ ᠳᠤᠷᠠᠳᠠᠶ᠎ᠠ ᠺᠠᠮᠪᠤᠵᠠ ᠳᠤᠮᠳᠠᠳᠤ ᠵᠢᠨ ᠨᠦᠬᠦᠷᠯᠡᠯ᠎ᠢ ᠤᠯᠠᠮᠵᠢᠯᠠᠨ ᠵᠠᠯᠭ᠋ᠠᠮᠵᠢᠯᠠᠵᠤ᠂ ᠬᠤᠶᠠᠷ ᠤᠯᠤᠰ᠎ᠤᠨ ᠵᠠᠯᠠᠭᠤᠴᠤᠳ᠎ᠤᠨ ᠬᠤᠭᠤᠷᠤᠨᠳᠤᠬᠢ ᠶᠠᠪᠤᠯᠴᠠᠭ᠎ᠠ ᠬᠠᠮᠳᠤᠷᠠᠯᠴᠠᠭ᠎ᠠ ᠵᠢ ᠴᠢᠩᠭ᠋ᠠᠳᠬᠠᠨ᠎ᠠ ᠭᠡᠵᠤ ᠢᠯᠡᠷᠭᠡᠢ᠌ᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ᠎ᠳᠤ ᠵᠦᠪᠭᠡᠨ ᠵᠠᠰᠠᠭ᠎ᠤᠨ ᠤᠷᠳᠤᠨ᠎ᠳᠤ ᠳᠦᠰᠢᠭᠯᠡᠭᠡᠳ ᠪᠤᠯᠬᠤ ᠦᠭᠡᠢ ᠭᠡᠪᠡ
ᠰᠦᠨ ᠴᠦᠨ ᠯᠠᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠺᠦᠩᠽᠢ ᠵᠢᠨ ᠰᠤᠷᠭ᠋ᠠᠭᠤᠯᠢ ᠵᠢᠨ ᠳᠦᠯᠦᠭᠡᠯᠡᠭᠴᠢ ᠵᠢᠨ ᠶᠡᠭᠡ ᠬᠤᠷᠠᠯ᠎ᠳᠤ ᠤᠷᠤᠯᠴᠠᠵᠤ ᠦᠭᠡ ᠶᠡᠷᠢᠪᠡ
ᠯᠢ ᠺᠸ ᠴᠢᠶᠠᠩ᠄ ᠰᠢᠨᠵᠢᠯᠡᠬᠦ ᠤᠬᠠᠭ᠋ᠠᠨ᠎ᠤ ᠦᠨᠳᠦᠷ ᠤᠷᠬᠢᠯ᠎ᠳᠤ ᠭᠠᠷᠬᠤ 《ᠳᠦᠳᠡ ᠵᠠᠮ》 ᠪᠠᠢ᠌ᠬᠤ ᠦᠭᠡᠢ ᠭᠡᠪᠡ
ᠯᠢ ᠺᠸ ᠴᠢᠶᠠᠩ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠵᠢᠨ ᠵᠠᠩᠬᠢᠯᠠᠭ᠎ᠠ ᠵᠢᠨ ᠬᠦᠷᠢᠶᠡᠨ᠎ᠤ ᠵᠦᠷᠢᠶ᠎ᠡ᠎ᠪᠠᠨ ᠵᠦᠪ ᠳᠠᠨᠢᠵᠤ ᠪᠡᠶ᠎ᠡ᠎ᠪᠠᠨ ᠮᠡᠳᠡᠬᠦ ᠦᠭᠡᠢ ᠪᠠᠷᠳᠠᠮᠨᠠᠵᠤ ᠪᠤᠯᠬᠤ ᠦᠭᠡᠢ ᠭᠡᠪᠡ
ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ 2018 ᠤᠨ᠎ᠤ ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠬᠠᠷᠢᠭᠤ ᠮᠡᠳᠡᠬᠦᠯᠬᠦ ᠬᠤᠷᠠᠯ ᠬᠢᠪᠡ
 
            