ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠦᠨ ᠴᠦᠨ ᠯᠠᠨ ᠮᠲ᠋ᠤᠲᠸᠠ᠎ᠲᠠᠢ ᠬᠠᠮᠳᠤ᠎ᠪᠠᠷ ᠳᠤᠮᠳᠠᠳᠤ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠪᠡ
ᠨᠡᠶᠢᠲᠡᠯᠡᠭᠰᠡᠨ ᠴᠠᠭ᠄ 2018-12-07

               
     12 ᠳ᠋ᠤᠭ᠋ᠠᠷ ᠰᠠᠷ᠎ᠠ ᠵᠢᠨ 3᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠳᠤᠮᠳᠠᠳᠤ ᠵᠢᠨ᠎ᠬᠢᠨ᠎ᠤ ᠳᠡᠷᠢᠬᠦᠯᠡᠭᠴᠢ ᠰᠦᠨ ᠴᠦᠨ ᠯᠡᠨ ᠪᠡᠭᠡᠵᠢᠩ᠎ᠳᠤ ᠠ᠋ᠮᠤᠨᠡᠳᠤ ᠠᠹᠷᠢᠺᠠ ᠵᠢᠨ ᠤᠷᠠᠯᠢᠭ ᠬᠢᠭᠡᠳ ᠰᠤᠶᠤᠯ᠎ᠤᠨ ᠶᠠᠮᠤᠨ᠎ᠤ ᠰᠠᠢ᠌ᠳ᠂ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠠ᠋ᠮᠤᠨᠡᠳᠤ ᠠᠹᠷᠢᠺᠠ ᠵᠢᠨ᠎ᠬᠢᠨ᠎ᠤ ᠳᠡᠷᠢᠬᠦᠯᠡᠭᠴᠢ ᠮᠲ᠋ᠣᠲᠸᠨ᠎ᠲᠠᠢ ᠬᠠᠮᠳᠤ᠎ᠪᠠᠷ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢᠨ ᠬᠤᠶᠠᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠤᠷᠠᠯᠳᠤᠭᠤᠯᠪᠠ᠃
      ᠰᠦᠨ ᠴᠦᠨ ᠯᠠᠨ᠂ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠪᠤᠯ ᠰᠠᠢ᠌ᠨ ᠨᠠᠢ᠌ᠵᠠ᠂ ᠰᠠᠢ᠌ᠨ ᠠᠬ᠎ᠠ ᠳᠡᠬᠦᠤ᠂ ᠰᠠᠢ᠌ᠨ ᠬᠠᠨᠢᠳᠠᠨ ᠶᠤᠮ᠃ ᠳᠡᠷᠢᠬᠦᠯᠡᠭᠴᠢ ᠰᠢ ᠵᠢᠨ ᠫᠢᠩ ᠪᠤᠯᠤᠨ ᠶᠡᠷᠦᠩᠭᠡᠢ᠌ᠯᠡᠭᠴᠢ ᠯᠠᠮᠠᠹᠦᠢ᠍ᠰᠠ ᠬᠦᠮᠦᠨ ᠨᠡᠢ᠌ᠭᠡᠮ᠎ᠤᠨ ᠶᠠᠪᠤᠯᠴᠠᠭ᠎ᠠ ᠰᠤᠯᠢᠯᠴᠠᠭ᠎ᠠ᠎ᠨᠢ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠨᠦᠬᠦᠷᠯᠡᠯ᠎ᠢ ᠤᠯᠠᠮᠵᠢᠯᠠᠨ ᠪᠠᠳᠠᠷᠠᠭᠤᠯᠬᠤ᠎ᠳᠤ ᠴᠢᠬᠤᠯᠠ ᠦᠢ᠍ᠯᠡᠳᠤᠯ ᠦᠵᠡᠬᠦᠯᠬᠦ ᠵᠢ ᠳᠦᠢ᠍ᠯ ᠵᠶ᠋ᠡᠷ ᠴᠢᠬᠤᠯᠠᠴᠢᠯᠠᠵᠤ᠂ ᠡᠯ᠎ᠡ ᠳᠠᠪᠬᠤᠷᠭ᠋ᠠᠨ᠎ᠤ ᠶᠠᠪᠤᠯᠴᠠᠭ᠎ᠠ ᠰᠤᠯᠢᠯᠴᠠᠭ᠎ᠠ ᠵᠢ ᠪᠡᠶ᠎ᠡ᠎ᠪᠠᠷ ᠵᠶ᠋ᠡᠨ ᠠᠬᠢᠭᠤᠯᠪᠠ᠃ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠳᠡᠭᠡᠳᠤ ᠳᠡᠰ᠎ᠤᠨ ᠬᠦᠮᠦᠨ ᠨᠡᠢ᠌ᠭᠡᠮ᠎ᠤᠨ ᠰᠤᠯᠢᠯᠴᠠᠭ᠋ᠠᠨ᠎ᠤ ᠳᠤᠭᠳᠠᠴᠠ ᠵᠢ ᠭᠡᠷᠡᠭᠵᠢᠬᠦᠯᠦᠭᠰᠡᠨ ᠨᠢᠭᠡ ᠵᠢᠯ ᠭᠠᠷᠤᠢ ᠵᠢᠨ ᠳᠤᠷᠰᠢᠳᠠ᠂ ᠬᠤᠶᠠᠷ ᠳᠠᠯ᠎ᠠ᠎ᠪᠠᠷ ᠵᠶ᠋ᠡᠨ ᠬᠤᠶᠠᠷ ᠤᠯᠤᠰ᠎ᠤᠨ ᠬᠠᠷᠢᠯᠴᠠᠭ᠎ᠠ ᠪᠠᠢ᠌ᠭᠤᠯᠤᠭᠰᠠᠨ 20 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠳᠤᠭᠤᠷᠢᠨ᠎ᠳᠤ ᠡᠯ᠎ᠡ ᠬᠦᠷᠢᠶ᠎ᠡ ᠴᠠᠷᠠᠭ᠎ᠠ᠎ᠳᠤ ᠪᠦᠳᠦᠮᠵᠢᠳᠡᠢ ᠬᠠᠮᠳᠤᠷᠠᠯᠴᠠᠨ ᠠ᠋ᠯᠪᠡᠭ ᠠᠮᠵᠢᠯᠳᠠ ᠤᠯᠵᠤ᠂ ᠦᠯᠵᠡᠢ ᠪᠡᠯᠭᠡ᠎ᠲᠠᠢ᠎ᠪᠠᠷ ᠬᠤᠶᠠᠷ ᠤᠯᠤᠰ᠎ᠤᠨ ᠬᠠᠷᠢᠯᠴᠠᠭ᠋ᠠᠨ᠎ᠤ ᠬᠦᠭᠵᠢᠯᠳᠡ᠎ᠳᠤ ᠢᠳᠡᠪᠬᠢ ᠬᠦᠴᠦᠨ ᠨᠡᠮᠡᠷᠢᠯᠡᠵᠡᠢ ᠭᠡᠵᠤ ᠭᠡᠯᠡᠪᠡ᠃
      ᠰᠦᠨ ᠴᠦᠨ ᠯᠠᠨ᠂ ᠤᠳᠤᠬᠠᠨ᠎ᠳᠤ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠬᠠᠷᠢᠯᠴᠠᠭ᠎ᠠ ᠰᠢᠨ᠎ᠠ ᠳᠡᠤᠭᠡᠨ ᠭᠠᠷᠤᠭ᠎ᠠ ᠳᠡᠭᠡᠷ᠎ᠠ ᠪᠤᠢ᠃ ᠬᠤᠶᠠᠷ ᠳᠠᠯ᠎ᠠ᠎ᠪᠠᠷ ᠵᠶ᠋ᠡᠨ ᠬᠤᠶᠠᠷ ᠤᠯᠤᠰ᠎ᠤᠨ ᠳᠦᠷᠦᠬᠦᠴᠦᠳ᠎ᠤᠨ ᠬᠠᠷᠢᠯᠴᠠᠨ ᠠᠢ᠌ᠯᠴᠢᠯᠠᠭᠰᠠᠨ ᠴᠢᠬᠤᠯᠠ ᠦᠷ᠎ᠡ ᠪᠦᠳᠦᠮᠵᠢ ᠵᠢ ᠨᠠᠢ᠌ᠳᠠᠪᠤᠷᠢᠵᠢᠭᠤᠯᠵᠤ᠂ ᠬᠦᠮᠦᠨ ᠨᠡᠢ᠌ᠭᠡᠮ᠎ᠤᠨ ᠶᠠᠪᠤᠯᠴᠠᠭ᠎ᠠ ᠰᠤᠯᠢᠯᠴᠠᠭ᠋ᠠᠨ᠎ᠤ ᠬᠤᠯᠪᠤᠭ᠋ᠠᠰᠤ ᠵᠢ ᠴᠢᠩᠭ᠋ᠠᠳᠬᠠᠨ᠂ ᠠᠷᠠᠳ ᠳᠦᠮᠡᠨ ᠵᠶ᠋ᠡᠷ ᠭᠤᠤᠯ ᠪᠤᠯᠭ᠋ᠠᠬᠤ ᠵᠢ ᠪᠠᠷᠢᠮᠳᠠᠯᠠᠵᠤ᠂ ᠭᠠᠳᠠᠭ᠋ᠠᠳᠤ᠎ᠳᠤ ᠰᠤᠷᠤᠯᠴᠠᠬᠤ ᠰᠤᠷᠤᠭᠴᠢ ᠵᠢᠨ ᠰᠣᠯᠢᠯᠴᠠᠭ᠋ᠠᠨ ᠪᠠ ᠦᠭᠡ ᠭᠡᠯᠡ ᠨᠡᠪᠳᠡᠷᠡᠬᠦ ᠵᠢ ᠠᠬᠢᠭᠤᠯᠤᠨ᠂ ᠠᠭᠤᠷᠬᠠᠢ ᠵᠢᠨ ᠭᠠᠷᠤᠯᠳᠠ᠂ ᠣᠢ ᠰᠢᠭᠤᠢ ᠵᠡᠷᠭᠡ ᠵᠢ ᠬᠤᠯᠪᠤᠭ᠋ᠠᠯᠠᠨ ᠰᠤᠳᠤᠯᠬᠤ ᠳᠦᠪ᠎ᠤᠨ ᠪᠠᠢ᠌ᠭᠤᠯᠤᠯᠳᠠ ᠵᠢ ᠳᠦᠷᠭᠡᠳᠭᠡᠵᠤ᠂ ᠰᠤᠶᠤᠯ᠎ᠤᠨ ᠠ᠋ᠬᠦᠳᠦᠯᠳᠡ ᠵᠢᠨ ᠠᠵᠤ ᠦᠢ᠍ᠯᠡᠰ ᠪᠤᠯᠤᠨ ᠰᠤᠶᠤᠯ᠎ᠤᠨ ᠦᠪ᠎ᠢ ᠬᠤᠷᠰᠢᠨ ᠬᠠᠮᠠᠭ᠋ᠠᠯᠠᠬᠤ ᠵᠢ ᠴᠢᠩᠭ᠋ᠠᠷᠠᠭᠤᠯᠤᠨ᠂ ᠤᠯᠠᠮᠵᠢᠯᠠᠯᠳᠤ ᠡᠮ ᠠ᠋ᠮᠨᠡᠯᠭᠡ᠂ ᠤᠯᠠᠨ ᠨᠡᠢ᠌ᠳᠡ ᠵᠢᠨ ᠠ᠋ᠷᠡᠬᠦᠯ ᠬᠠᠮᠠᠭ᠋ᠠᠯᠠᠯ᠂ ᠠ᠋ᠷᠡᠬᠦᠯᠵᠢᠯ᠎ᠤᠨ ᠬᠠᠮᠢᠶᠠᠷᠤᠯᠳᠠ ᠵᠡᠷᠭᠡ ᠵᠢᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠦᠨ᠂ ᠮᠡᠳᠡᠭᠡ ᠵᠠᠭᠤᠴᠢᠯᠠᠭᠤᠷ᠂ ᠪᠡᠶ᠎ᠡ ᠳᠠᠮᠢᠷ᠂ ᠵᠤᠭ᠋ᠠᠴᠠᠯ᠂ ᠵᠠᠯᠠᠭᠤᠴᠤᠳ᠂ ᠠ᠋ᠮᠡᠭᠳᠡᠢ᠌ᠴᠤᠳ᠂ ᠤᠶᠤᠨ᠎ᠤ ᠬᠦᠮᠦᠷᠭᠡ᠂ ᠤᠷᠤᠨ ᠨᠤᠳᠤᠭ᠂ ᠳᠠᠩᠰᠠ ᠡᠪᠭᠡᠮᠡᠯ ᠵᠡᠷᠭᠡ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠎ᠠ ᠵᠢ ᠳᠠᠰᠤᠷᠠᠯᠳᠠ ᠦᠭᠡᠢ ᠬᠦᠨᠵᠡᠭᠡᠢ᠌ᠷᠡᠬᠦᠯᠬᠦ ᠵᠢ ᠠᠬᠢᠭᠤᠯᠵᠤ᠂ ᠬᠦᠮᠦᠨ ᠨᠡᠢ᠌ᠭᠡᠮ᠎ᠤᠨ ᠶᠠᠪᠤᠯᠴᠠᠭ᠎ᠠ ᠰᠤᠯᠢᠯᠴᠠᠭ᠋ᠠᠨ᠎ᠤ ᠦᠷ᠎ᠡ ᠪᠦᠳᠦᠮᠵᠢ᠎ᠪᠠᠷ ᠠᠷᠠᠳ ᠤᠯᠠᠨ᠎ᠳᠤ ᠠᠰᠢᠭ ᠬᠦᠷᠳᠡᠭᠡᠨ᠂ ᠭᠠᠷ ᠬᠤᠯᠪᠤᠨ ᠴᠢᠷᠮᠠᠢ᠌ᠵᠤ ᠪᠠᠢ᠌ᠭ᠋ᠠᠳ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠨᠦᠬᠦᠷᠯᠡᠯ᠎ᠤᠨ ᠰᠢᠨ᠎ᠠ ᠴᠠᠭ ᠦᠶ᠎ᠡ ᠵᠢ ᠨᠡᠭᠡᠭᠡᠵᠡᠭᠡᠶ᠎ᠡ ᠭᠡᠵᠤ ᠴᠢᠬᠤᠯᠠᠴᠢᠯᠠᠪᠠ᠃
      ᠮᠲ᠋ᠤᠲᠸᠠ᠂ ᠤᠢ᠌ᠷ᠎ᠡ ᠵᠢᠨ ᠵᠢᠯ᠎ᠠᠴᠠ ᠳᠤᠮᠳᠠᠳᠤ ᠤᠯᠤᠰ ᠪᠤᠯᠤᠨ ᠠ᠋ᠮᠤᠨᠡᠳᠤ ᠠᠹᠷᠢᠺᠠ ᠵᠢᠨ ᠬᠠᠷᠢᠯᠴᠠᠭ᠎ᠠ ᠳᠠᠰᠤᠷᠠᠯᠳᠠ ᠦᠭᠡᠢ ᠬᠦᠭᠵᠢᠨ ᠪᠡᠬᠢᠵᠢᠵᠤ᠂ ᠨᠢᠭᠡᠨᠳᠡ ᠬᠤᠶᠠᠷ ᠳᠠᠯ᠎ᠠ ᠵᠢᠨ ᠬᠠᠷᠢᠯᠴᠠᠭ᠋ᠠᠨ᠎ᠤ ᠠᠢ᠎ᠠᠴᠠ ᠳᠠᠪᠠᠭᠰᠠᠨ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠬᠦᠮᠦᠨ ᠨᠡᠢ᠌ᠭᠡᠮ᠎ᠤᠨ ᠶᠠᠪᠤᠯᠴᠠᠭ᠎ᠠ ᠰᠤᠯᠢᠯᠴᠠᠭ᠋ᠠᠨ᠎ᠤ ᠳᠤᠭᠳᠠᠴᠠ ᠵᠢᠨ ᠦᠢ᠍ᠯᠡᠳᠤᠯ᠎ᠢ ᠪᠠᠳᠠᠷᠠᠭᠤᠯᠤᠨ᠂ ᠡᠯ᠎ᠡ ᠬᠦᠷᠢᠶ᠎ᠡ ᠴᠠᠷᠠᠭ᠎ᠠ ᠵᠢᠨ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠵᠤ᠂ ᠬᠤᠶᠠᠷ ᠤᠯᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠯᠴᠠᠭ᠎ᠠ ᠵᠢ ᠬᠦᠨᠵᠡᠭᠡᠢ᠌ᠷᠡᠬᠦᠯᠬᠦ᠎ᠳᠤ ᠨᠡᠢ᠌ᠭᠡᠮ᠎ᠤᠨ ᠰᠠᠭᠤᠷᠢ ᠳᠠᠯᠪᠢᠪᠠᠯ ᠵᠤᠬᠢᠨ᠎ᠠ ᠭᠡᠵᠤ ᠭᠡᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠸᠠᠩ ᠢ᠄ ᠳᠤᠮᠳᠠᠳᠤ ᠠᠮᠸᠷᠢᠺᠠ ᠬᠠᠷᠢᠯᠴᠠᠨ ᠰᠢᠨ᠎ᠠ᠎ᠪᠠᠷ ᠪᠤᠭᠤᠮᠳᠠ ᠵᠢᠨ ᠭᠠᠢ᠌ᠯᠢ ᠨᠡᠮᠡᠵᠤ ᠳᠠᠳᠠᠪᠤᠷᠢᠯᠠᠬᠤ᠎ᠪᠠᠨ ᠵᠤᠭᠰᠤᠭ᠋ᠠᠪᠠ
ᠯᠢ ᠺᠸ ᠴᠢᠶᠠᠩ᠄ ᠳᠠᠷᠢᠶᠠᠴᠢᠨ ᠠ᠋ᠷᠤᠬᠡ ᠵᠢᠨ ᠠᠵᠢᠯᠴᠢᠨ ᠭᠡᠬᠦ ᠠ᠋ᠨᠡᠬᠦ ᠨᠡᠷᠡᠢ᠌ᠳᠤᠯ᠎ᠢ ᠪᠤᠢ ᠪᠦᠬᠦᠢ ᠳᠤᠮᠳᠠᠳᠤ ᠵᠢᠨ ᠬᠦᠮᠦᠨ ᠵᠢᠴᠢ ᠪᠦᠬᠦ ᠳᠡᠯᠡᠭᠡᠢ᠎ᠪᠠᠷ ᠵᠶ᠋ᠡᠨ ᠬᠦᠨᠳᠦᠳᠭᠡᠪᠡᠯ ᠵᠤᠬᠢᠨ᠎ᠠ
ᠯᠢ ᠺᠸ ᠴᠢᠶᠠᠩ ᠰᠤ᠌ ᠨᠢᠩ ᠪᠦᠯᠦᠭᠯᠡᠯ᠎ᠢ ᠪᠢᠴᠢᠨ ᠪᠠᠭᠰᠢ ᠮᠠᠳᠤ ᠠ᠋ᠬᠦᠯᠡ ᠮᠠᠨᠠᠨ᠎ᠢ ᠬᠦᠯᠭᠡᠯᠡᠬᠦ ᠮᠦᠷᠳᠡᠭᠡᠨ ᠭᠡᠷᠡᠭᠯᠡᠭᠴᠢᠳ᠎ᠤᠨ ᠰᠡᠳᠬᠢᠯ᠎ᠳᠤ ᠨᠡᠢ᠌ᠴᠡᠬᠦᠯᠬᠦ ᠭᠡᠷᠡᠭᠳᠡᠢ ᠭᠡᠵᠤ ᠵᠤᠷᠢᠬ᠍ᠵᠢᠭᠤᠯᠪᠠ
ᠯᠢ ᠺᠸ ᠴᠢᠶᠠᠩ᠄ 《ᠨᠢᠭᠤᠷᠳᠠᠨ ᠵᠤᠯᠭ᠋ᠠᠬᠤ ᠦᠭᠡᠢ᠎ᠪᠠᠷ ᠬᠢᠨᠠᠨ ᠵᠦᠪᠰᠢᠶᠡᠷᠡᠬᠦ》᠎ᠨᠢ ᠵᠢᠶᠠᠩᠰᠤ ᠵᠢᠨ ᠰᠢᠨ᠎ᠠ ᠭᠡᠪ ᠵᠠᠭᠪᠤᠷ ᠪᠤᠯᠪᠠ
ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠳᠤᠮᠳᠠᠳᠤ ᠭᠠᠳᠠᠭ᠋ᠠᠳᠤ ᠵᠢᠨ ᠵᠠᠭᠤᠴᠢᠯᠠᠭᠤᠷ᠎ᠤᠨ᠎ᠬᠢᠨ᠎ᠳᠤ ᠳᠤᠮᠳᠠᠳᠤ ᠠᠮᠸᠷᠢᠺᠠ ᠵᠢᠨ ᠳᠡᠷᠢᠬᠦᠨ᠎ᠤ ᠠᠭᠤᠯᠵᠠᠯᠳᠠ ᠵᠢᠨ ᠪᠠᠢ᠌ᠳᠠᠯ᠎ᠢ ᠳᠠᠨᠢᠯᠴᠠᠭᠤᠯᠪᠠ
 
            