ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠦᠨ ᠴᠦᠨ ᠯᠠᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠺᠦᠩᠽᠢ ᠵᠢᠨ ᠰᠤᠷᠭ᠋ᠠᠭᠤᠯᠢ ᠵᠢᠨ ᠳᠦᠯᠦᠭᠡᠯᠡᠭᠴᠢ ᠵᠢᠨ ᠶᠡᠭᠡ ᠬᠤᠷᠠᠯ᠎ᠳᠤ ᠤᠷᠤᠯᠴᠠᠵᠤ ᠦᠭᠡ ᠶᠡᠷᠢᠪᠡ
ᠨᠡᠶᠢᠲᠡᠯᠡᠭᠰᠡᠨ ᠴᠠᠭ᠄ 2018-12-12

                   
      ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠺᠦᠩᠽᠢ ᠵᠢᠨ ᠰᠤᠷᠭ᠋ᠠᠭᠤᠯᠢ ᠵᠢᠨ ᠳᠦᠯᠦᠭᠡᠯᠡᠭᠴᠢ ᠵᠢᠨ ᠶᠡᠭᠡ ᠬᠤᠷᠠᠯ 12 ᠳ᠋ᠤᠭ᠋ᠠᠷ ᠰᠠᠷ᠎ᠠ ᠵᠢᠨ 4᠎ᠤ ᠠ᠋ᠳᠤᠷ ᠴᠸᠩᠳᠦ᠋᠎ᠳᠤ ᠬᠤᠷᠠᠯᠳᠤᠵᠤ᠂ 154 ᠤᠯᠤᠰ ᠪᠤᠯᠤᠨ ᠭᠠᠵᠠᠷ ᠤᠷᠤᠨ᠎ᠤ 1500 ᠭᠠᠷᠤᠢ ᠳᠦᠯᠦᠭᠡᠯᠡᠭᠴᠢ ᠬᠤᠷᠠᠯ᠎ᠳᠤ ᠤᠷᠤᠯᠴᠠᠵᠠᠢ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠺᠦᠩᠽᠢ ᠵᠢᠨ ᠰᠤᠷᠭ᠋ᠠᠭᠤᠯᠢ ᠵᠢᠨ ᠶᠡᠷᠦᠩᠭᠡᠢ ᠵᠠᠬᠢᠷᠭ᠎ᠠ ᠵᠢᠨ ᠭᠡᠷᠡᠭ ᠠ᠋ᠷᠬᠢᠯᠡᠬᠦ ᠳᠡᠷᠢᠬᠦᠯᠡᠭᠴᠢ ᠰᠦᠨ ᠴᠦᠨ ᠯᠠᠨ ᠬᠤᠷᠠᠯ᠎ᠳᠤ ᠤᠷᠤᠯᠴᠠᠭᠰᠠᠨ ᠪᠦᠭᠡᠳ ᠦᠭᠡ ᠶᠡᠷᠢᠪᠡ᠃
      ᠰᠦᠨ ᠴᠦᠨ ᠯᠠᠨ᠂ ᠳᠤᠮᠳᠠᠳᠤ ᠤᠯᠤᠰ᠎ᠤᠨ ᠵᠠᠰᠠᠭ᠎ᠤᠨ ᠤᠷᠳᠤᠨ ᠰᠤᠶᠤᠯ ᠠᠯᠤᠰᠯᠠᠭᠰᠠᠨ ᠰᠤᠯᠢᠯᠴᠠᠭ᠎ᠠ ᠬᠢᠬᠦ ᠵᠢ ᠵᠤᠷᠢᠭᠵᠢᠭᠤᠯᠵᠤ᠂ ᠳᠤᠮᠳᠠᠳᠤ ᠭᠠᠳᠠᠭ᠋ᠠᠳᠤ ᠬᠤᠶᠠᠷ ᠳᠠᠯ᠎ᠠ᠎ᠪᠠᠷ ᠵᠶ᠋ᠡᠨ ᠬᠠᠮᠳᠤᠷᠠᠯᠴᠠᠵᠤ ᠺᠦᠩᠽᠢ ᠵᠢᠨ ᠰᠤᠷᠭ᠋ᠠᠭᠤᠯᠢ ᠵᠢ ᠰᠠᠢ᠌ᠳᠤᠷ ᠠ᠋ᠷᠬᠢᠯᠡᠬᠦ ᠵᠢ ᠳᠡᠮᠵᠢᠭᠰᠡᠭᠡᠷ ᠢᠷᠡᠪᠡ᠃ ᠳᠡᠷᠢᠬᠦᠯᠡᠭᠴᠢ ᠰᠢ ᠵᠢᠨ ᠫᠢᠩ᠂ ᠳᠤᠮᠳᠠᠳᠤ ᠭᠠᠳᠠᠭ᠋ᠠᠳᠤ ᠵᠢᠨ ᠦᠭᠡ ᠭᠡᠯᠡ ᠦᠰᠦᠭ ᠪᠢᠴᠢᠭ᠎ᠤᠨ ᠰᠤᠯᠢᠯᠴᠠᠭ᠋ᠠᠨ᠎ᠤ ᠴᠤᠩᠬᠤ ᠪᠠ ᠬᠦᠬᠦᠷᠭᠡ ᠪᠤᠯᠤᠭᠰᠠᠨ ᠺᠦᠩᠽᠢ ᠵᠢᠨ ᠰᠤᠷᠭ᠋ᠠᠭᠤᠯᠢ᠎ᠨᠢ ᠳᠤᠮᠳᠠᠳᠤ ᠵᠢᠨ᠎ᠬᠢ ᠪᠤᠯᠬᠤ ᠮᠦᠷᠳᠡᠭᠡᠨ ᠳᠡᠯᠡᠭᠡᠢ ᠵᠢᠨ᠎ᠬᠢ ᠪᠤᠯᠤᠨ᠎ᠠ ᠭᠡᠵᠤ ᠤᠯᠠᠨᠳᠠ ᠴᠢᠬᠤᠯᠠᠴᠢᠯᠠᠭᠰᠠᠨ ᠶᠤᠮ᠃ ᠳᠤᠮᠳᠠᠳᠤ ᠭᠠᠳᠠᠭ᠋ᠠᠳᠤ ᠵᠢᠨ ᠬᠤᠶᠠᠷ ᠳᠠᠯ᠎ᠠ ᠵᠢᠨ ᠴᠢᠷᠮᠠᠢ᠌ᠯᠭ᠎ᠠ᠎ᠪᠠᠷ ᠺᠦᠩᠽᠢ ᠵᠢᠨ ᠰᠤᠷᠭ᠋ᠠᠭᠤᠯᠢ ᠵᠢᠨ ᠵᠢᠭ᠋ᠠᠨ ᠰᠤᠷᠭ᠋ᠠᠯᠳᠠ ᠵᠢᠨ ᠴᠢᠨᠠᠷ ᠳᠤᠭᠳᠠᠭᠤᠨ ᠵᠶ᠋ᠡᠷ ᠳᠡᠭᠡᠭᠰᠢᠯᠡᠵᠤ᠂ ᠰᠤᠶᠤᠯ᠎ᠤᠨ ᠰᠤᠯᠢᠯᠴᠠᠭ᠋ᠠᠨ ᠠ᠋ᠳᠤᠷ ᠢᠷᠡᠬᠦᠶ᠎ᠡ ᠬᠦᠭᠵᠢᠭᠡᠨ᠎ᠲᠠᠢ ᠪᠤᠯᠵᠤ᠂ ᠦᠢ᠍ᠯᠡᠴᠢᠯᠡᠬᠦ ᠴᠢᠳᠠᠪᠤᠷᠢ ᠳᠠᠰᠤᠷᠠᠯᠳᠠ ᠦᠭᠡᠢ ᠨᠡᠮᠡᠭᠳᠡᠨ᠂ ᠡᠯ᠎ᠡ ᠤᠯᠤᠰ᠎ᠤᠨ ᠠᠷᠠᠳ ᠤᠯᠠᠨ᠎ᠤ ᠬᠢᠳᠡᠳ ᠭᠡᠯᠡ ᠰᠤᠷᠬᠤ ᠭᠡᠷᠡᠭᠴᠡᠭᠡ᠎ᠢ ᠬᠠᠩᠭ᠋ᠠᠬᠤ᠂ ᠠᠵᠤ ᠠᠬᠤᠢ ᠠᠷᠠᠯᠵᠢᠶ᠎ᠠ᠎ᠳᠤ ᠦᠢ᠍ᠯᠡᠴᠢᠯᠡᠬᠦ ᠵᠡᠷᠭᠡ ᠬᠠᠮᠳᠤᠷᠠᠯᠴᠠᠭ᠎ᠠ᠎ᠳᠤ ᠢᠳᠡᠪᠬᠢᠳᠡᠢ ᠦᠢ᠍ᠯᠡᠳᠤᠯ ᠦᠵᠡᠬᠦᠯᠪᠡ ᠭᠡᠵᠤ ᠵᠢᠭ᠋ᠠᠵᠤ ᠭᠠᠷᠭ᠋ᠠᠪᠠ᠃
      ᠰᠦᠨ ᠴᠦᠨ ᠯᠠᠨ᠂ ᠺᠦᠩᠽᠢ ᠵᠢᠨ ᠰᠤᠷᠭ᠋ᠠᠭᠤᠯᠢ᠎ᠨᠢ ᠵᠢᠭ᠋ᠠᠨ ᠰᠤᠷᠭ᠋ᠠᠯᠳᠠ ᠵᠢᠨ ᠰᠢᠨ᠎ᠠ ᠵᠢ ᠠ᠋ᠬᠦᠳᠴᠤ᠂ ᠪᠠᠭᠰᠢ ᠵᠢᠨ ᠠ᠋ᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠨ᠂ ᠴᠢᠨᠠᠷ᠎ᠢ ᠦᠨᠡᠯᠡᠬᠦ ᠰᠢᠰᠲᠸᠮ᠎ᠢ ᠪᠠᠢ᠌ᠭᠤᠯᠤᠨ ᠳᠡᠬᠦᠯᠳᠡᠷᠵᠢᠬᠦᠯᠵᠤ᠂ ᠬᠢᠳᠡᠳ ᠭᠡᠯᠡᠨ᠎ᠤ ᠵᠢᠭ᠋ᠠᠨ ᠰᠤᠷᠭ᠋ᠠᠯᠳᠠ ᠵᠢᠨ ᠠ᠋ᠷᠭᠡ ᠰᠦᠷᠳᠤ ᠳᠠᠪᠴᠠᠩ᠎ᠢ ᠪᠠᠢ᠌ᠭᠤᠯᠬᠤ ᠭᠡᠷᠡᠭᠳᠡᠢ; ᠠ᠋ᠯᠪᠡᠭ ᠪᠠᠶᠠᠯᠢᠭ ᠠᠭᠤᠯᠭ᠎ᠠ ᠪᠦᠬᠦᠢ ᠰᠤᠶᠤᠯ᠎ᠤᠨ ᠠᠵᠢᠯᠯᠠᠭ᠎ᠠ ᠦᠷᠨᠢᠬᠦᠯᠵᠤ᠂ ᠬᠢᠳᠡᠳ᠎ᠤᠨ ᠰᠤᠳᠤᠯᠤᠯ᠎ᠤᠨ ᠠ᠋ᠷᠳᠡᠮᠳᠡᠨ᠎ᠤ ᠰᠤᠶᠤᠯ᠎ᠤᠨ ᠠ᠋ᠯᠴᠢ ᠵᠢᠨ ᠦᠢ᠍ᠯᠡᠳᠤᠯ᠎ᠢ ᠪᠠᠳᠠᠷᠭᠤᠯᠤᠨ᠂ ᠬᠦᠮᠦᠨ ᠨᠡᠢ᠌ᠭᠡᠮ᠎ᠤᠨ ᠰᠤᠶᠤᠯ᠎ᠤᠨ ᠰᠤᠯᠢᠯᠴᠠᠭ᠋ᠠᠨ᠎ᠤ ᠳᠠᠪᠴᠠᠩ ᠪᠠᠢ᠌ᠭᠤᠯᠬᠤ ᠭᠡᠷᠡᠭᠳᠡᠢ; 《ᠬᠢᠳᠡᠳ ᠭᠡᠯᠡ +》 ᠳᠦᠷᠦᠯ ᠵᠦᠢ᠍ᠯ᠎ᠢ ᠭᠡᠷᠡᠭᠵᠬᠦᠯᠵᠤ᠂ ᠳᠤᠬᠠᠢ ᠵᠢᠨ ᠭᠠᠵᠠᠷ᠎ᠤᠨ ᠪᠤᠳᠠᠳᠤ ᠪᠠᠢ᠌ᠳᠠᠯ᠎ᠳᠤ᠎ᠪᠠᠨ ᠵᠤᠬᠢᠴᠠᠭᠤᠯᠤᠨ ᠮᠡᠷᠭᠡᠵᠢᠯ ᠴᠢᠳᠠᠪᠤᠷᠢ᠂ ᠬᠤᠳᠠᠯᠳᠤᠭ᠋ᠠᠨ᠎ᠤ ᠶᠠᠪᠤᠳᠠᠯ᠂ ᠬᠢᠳᠡᠳ ᠠ᠋ᠮᠨᠡᠯᠭᠡ ᠵᠡᠷᠭᠡ ᠤᠨᠴᠠᠯᠢᠭᠳᠤ ᠬᠢᠴᠢᠶᠠᠯ ᠳᠤᠬᠢᠷᠠᠭᠤᠯᠤᠨ᠂ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ ᠵᠢ ᠳᠤᠯᠭ᠋ᠠᠭᠤᠷᠢᠯᠠᠬᠤ ᠳᠠᠪᠴᠠᠩ ᠪᠠᠢ᠌ᠭᠤᠯᠬᠤ ᠭᠡᠷᠡᠭᠳᠡᠢ; ᠠ᠋ᠬᠦᠳᠡ᠎ᠪᠠᠨ ᠨᠡᠭᠡᠭᠡᠨ ᠰᠤᠷᠭ᠋ᠠᠭᠤᠯᠢ ᠠ᠋ᠷᠬᠢᠯᠡᠬᠦ ᠵᠢ ᠪᠠᠷᠢᠮᠳᠠᠯᠠᠵᠤ᠂ ᠬᠤᠶᠠᠷ ᠳᠠᠯ᠎ᠠ ᠵᠢᠨ ᠰᠤᠷᠭ᠋ᠠᠭᠤᠯᠢ ᠠ᠋ᠷᠬᠢᠯᠡᠬᠦ ᠳᠠᠪᠠᠭᠤᠯᠢᠭ᠎ᠢ ᠪᠠᠳᠠᠷᠠᠭᠤᠯᠤᠨ᠂ ᠨᠦᠭᠦᠭᠡ ᠠ᠋ᠲᠡᠭᠡᠳ᠎ᠤᠨ ᠵᠶ᠋ᠠᠨ ᠤᠯᠤᠰ᠎ᠢ ᠦᠢ᠍ᠯᠠᠭ᠋ᠠᠬᠤ ᠰᠢᠯᠢᠳᠡᠭ ᠴᠢᠳᠠᠪᠤᠷᠢᠳᠠᠨ᠎ᠢ ᠨᠡᠩ ᠤᠯᠠᠨ ᠬᠦᠮᠦᠵᠢᠬᠦᠯᠦᠨ ᠭᠠᠷᠭ᠋ᠠᠵᠤ᠂ ᠤᠯᠤᠰ᠎ᠤᠨ ᠬᠤᠭᠤᠷᠤᠨᠳᠤᠬᠢ ᠨᠦᠬᠦᠷᠯᠡᠯ᠎ᠤᠨ ᠳᠠᠪᠴᠠᠩ᠎ᠢ ᠪᠠᠢ᠌ᠭᠤᠯᠤᠨ᠂ ᠳᠤᠮᠳᠠᠳᠤ ᠭᠠᠳᠠᠭ᠋ᠠᠳᠤ ᠵᠢᠨ ᠨᠦᠬᠦᠷᠯᠡᠯ᠎ᠢ ᠬᠦᠨᠵᠡᠭᠡᠢ᠌ᠷᠡᠬᠦᠯᠵᠤ᠂ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠌ᠭᠤᠯᠬᠤ᠎ᠳᠤ ᠬᠤᠪᠢ ᠨᠡᠮᠡᠷᠢ ᠦᠵᠡᠬᠦᠯᠰᠦᠭᠡᠢ ᠭᠡᠵᠤ ᠭᠡᠯᠡᠪᠡ᠃
      ᠬᠤᠷᠠᠯ ᠠ᠋ᠬᠢᠯᠡᠬᠦ᠎ᠠᠴᠠ ᠠ᠋ᠮᠤᠨ᠎ᠠ᠂ ᠰᠦᠨ ᠴᠦᠨ ᠯᠠᠨ ᠶᠡᠷᠦᠩᠭᠡᠢ ᠵᠠᠬᠢᠷᠭ᠎ᠠ ᠵᠢᠨ ᠭᠡᠷᠡᠭ ᠠ᠋ᠷᠬᠢᠯᠡᠬᠦ ᠬᠤᠷᠠᠯ᠎ᠳᠤ ᠤᠷᠤᠯᠴᠠᠵᠤ᠂ ᠺᠦᠩᠽᠢ ᠵᠢᠨ ᠰᠤᠷᠭ᠋ᠠᠭᠤᠯᠢ ᠵᠢᠨ ᠠᠵᠢᠯ᠎ᠢ ᠰᠤᠳᠤᠯᠤᠨ ᠪᠠᠢ᠌ᠷᠢᠯᠠᠭᠤᠯᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠰᠢᠨᠵᠢᠯᠡᠬᠦ ᠤᠬᠠᠭ᠋ᠠᠨ᠎ᠤ ᠦᠨᠳᠦᠷ ᠤᠷᠬᠢᠯ᠎ᠳᠤ ᠭᠠᠷᠬᠤ 《ᠳᠦᠳᠡ ᠵᠠᠮ》 ᠪᠠᠢ᠌ᠬᠤ ᠦᠭᠡᠢ ᠭᠡᠪᠡ
ᠯᠢ ᠺᠸ ᠴᠢᠶᠠᠩ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠵᠢᠨ ᠵᠠᠩᠬᠢᠯᠠᠭ᠎ᠠ ᠵᠢᠨ ᠬᠦᠷᠢᠶᠡᠨ᠎ᠤ ᠵᠦᠷᠢᠶ᠎ᠡ᠎ᠪᠠᠨ ᠵᠦᠪ ᠳᠠᠨᠢᠵᠤ ᠪᠡᠶ᠎ᠡ᠎ᠪᠠᠨ ᠮᠡᠳᠡᠬᠦ ᠦᠭᠡᠢ ᠪᠠᠷᠳᠠᠮᠨᠠᠵᠤ ᠪᠤᠯᠬᠤ ᠦᠭᠡᠢ ᠭᠡᠪᠡ
ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ 2018 ᠤᠨ᠎ᠤ ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠬᠠᠷᠢᠭᠤ ᠮᠡᠳᠡᠬᠦᠯᠬᠦ ᠬᠤᠷᠠᠯ ᠬᠢᠪᠡ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠠ᠋ᠷᠭᠡ ᠠᠰᠢᠭ᠎ᠢ ᠬᠠᠮᠠᠭ᠋ᠠᠯᠠᠬᠤ ᠳᠦᠷᠢᠮ》 2018 ᠤᠨ᠎ᠤ ᠦᠪᠦᠷ ᠮᠤᠩᠭᠤᠯ᠎ᠤᠨ ᠬᠠᠤᠯᠢ᠎ᠪᠠᠷ ᠵᠠᠰᠠᠬᠤ ᠠᠷᠪᠠᠨ ᠶᠡᠭᠡ ᠭᠡᠷᠡᠭ᠎ᠲᠤ ᠳᠡᠮᠳᠡᠭᠯᠡᠭᠳᠡᠪᠡ
ᠦᠨᠳᠦᠰᠤᠨ ᠱᠠᠳᠤᠨ᠎ᠤ ᠵᠠᠰᠠᠭ᠎ᠤᠨ ᠠ᠋ᠷᠭᠡ ᠪᠤᠯᠤᠨ ᠨᠡᠢ᠌ᠭᠡᠮ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠤᠨ᠎ᠬᠢᠨ ᠨᠡᠢ᠌ᠭᠡᠮ ᠳᠤᠭᠤᠷᠢᠭ᠎ᠤᠨ ᠠᠵᠢᠯ᠎ᠢ ᠪᠠᠢ᠌ᠴᠠᠭ᠋ᠠᠨ ᠵᠢᠯᠤᠭᠤᠳᠪᠠ
 
            