ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠨᠳᠡᠯᠡᠨ ᠳᠤᠭᠤᠷᠢᠭ᠎ᠤᠨ᠎ᠬᠢᠨ ᠨᠡᠢ᠌ᠭᠡᠮ ᠳᠤᠭᠤᠷᠢᠭ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠨᠡᠢ᠌ᠭᠡᠮ᠎ᠤᠨ ᠠᠵᠢᠯ᠎ᠤᠨ ᠴᠢᠳᠠᠪᠤᠷᠢᠳᠠᠨ ᠬᠠᠮᠳᠤᠪᠠᠷ ᠬᠦᠳᠡᠯᠦᠯᠴᠡᠬᠦ ᠳᠤᠷᠰᠢᠯᠳᠠ ᠵᠢ ᠠ᠋ᠬᠢᠯᠡᠬᠦᠯᠬᠦ ᠠᠵᠢᠯᠯᠠᠭ᠎ᠠ ᠵᠢᠴᠢ 《ᠮᠡᠷᠭᠡᠨ ᠠᠷᠭ᠎ᠠ》 ᠵᠢᠨ ᠤᠷᠤᠯᠳᠤᠭ᠋ᠠᠨ᠎ᠤ ᠱᠠᠩᠨᠠᠯ ᠤᠯᠭᠤᠬᠤ ᠶᠤᠰᠤᠯᠠᠯ ᠬᠢᠪᠡ
ᠨᠡᠶᠢᠲᠡᠯᠡᠭᠰᠡᠨ ᠴᠠᠭ᠄ 2018-12-27

         
     2018 ᠤᠨ᠎ᠤ 12 ᠳ᠋ᠤᠭ᠋ᠠᠷ ᠰᠠᠷ᠎ᠠ ᠵᠢᠨ 11᠎ᠤ ᠠ᠋ᠳᠤᠷ᠂ ᠪᠤᠭᠤᠳᠤ ᠬᠤᠳᠠ ᠵᠢᠨ ᠬᠦᠨᠳᠡᠯᠡᠨ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠨᠡᠢ᠌ᠭᠡᠮ ᠳᠤᠭᠤᠷᠢᠭ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ᠎ᠤᠨ ᠠᠵᠢᠯᠲᠠᠨ ᠬᠠᠮᠳᠤᠪᠠᠷ ᠬᠦᠳᠡᠯᠦᠯᠴᠡᠬᠦ ᠳᠤᠷᠰᠢᠯᠳᠠ ᠵᠢᠨ ᠠᠵᠢᠯᠯᠠᠭ᠎ᠠ ᠵᠢᠴᠢ 《ᠮᠡᠷᠭᠡᠨ ᠠᠷᠭ᠎ᠠ ᠤᠬᠠᠭ᠋ᠠᠨ》᠎ᠤ ᠤᠷᠤᠯᠳᠤᠭ᠋ᠠᠨ᠎ᠤ ᠱᠠᠩᠨᠠᠯ ᠤᠯᠭᠤᠬᠤ ᠶᠤᠰᠤᠯᠠᠯ ᠶᠠᠪᠤᠭᠤᠯᠪᠠ᠃
      ᠠ᠋ᠨᠡ ᠤᠳᠠᠭ᠋ᠠᠨ᠎ᠤ ᠠᠵᠢᠯᠯᠠᠭ᠎ᠠ᠎ᠨᠢ ᠬᠦᠨᠳᠡᠯᠡᠨ ᠳᠤᠭᠤᠷᠢᠭ᠎ᠤᠨ ᠨᠡᠢ᠌ᠭᠡᠮ᠎ᠤᠨ ᠵᠠᠰᠠᠯᠳᠠ ᠵᠢᠨ ᠰᠢᠨ᠎ᠠ ᠵᠢ ᠠ᠋ᠬᠦᠳᠬᠦ ᠠᠵᠢᠯ ᠰᠢᠨ᠎ᠠ ᠱᠠᠳᠤᠨ᠎ᠳᠤ ᠠᠬᠢᠭᠰᠠᠨ᠎ᠢ ᠬᠠᠷᠠᠭᠤᠯᠵᠤ᠂ ᠨᠡᠢ᠌ᠭᠡᠮ᠎ᠤᠨ ᠵᠠᠰᠠᠯᠳᠠ ᠵᠢᠨ ᠦᠭᠡᠷᠡᠴᠢᠯᠡᠯᠳᠡ ᠵᠢ ᠠᠬᠢᠠᠭᠤᠯᠤᠨ᠂ ᠨᠡᠢ᠌ᠭᠡᠮ ᠳᠤᠭᠤᠷᠢᠭ᠎ᠤᠨ ᠵᠠᠰᠠᠯᠳᠠ ᠵᠢᠨ ᠰᠢᠨ᠎ᠠ ᠵᠢ ᠠ᠋ᠬᠦᠳᠴᠤ᠂ ᠪᠦᠬᠦ ᠨᠡᠢ᠌ᠭᠡᠮ ᠵᠶ᠋ᠡᠷ ᠵᠶ᠋ᠡᠨ ᠨᠡᠢ᠌ᠭᠡᠮ ᠳᠤᠭᠤᠷᠢᠭ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ᠎ᠤᠨ ᠠᠵᠢᠯᠲᠠᠨ ᠬᠠᠮᠳᠤᠪᠠᠷ ᠬᠦᠳᠡᠯᠤᠯᠴᠡᠨ ᠠᠵᠢᠯᠯᠠᠭ᠎ᠠ᠎ᠳᠤ ᠤᠷᠤᠯᠴᠠᠬᠤ ᠵᠢ ᠤᠷᠮᠠᠰᠢᠭᠤᠯᠤᠨ ᠵᠤᠷᠢᠭᠵᠢᠭᠤᠯᠪᠠ᠃ ᠬᠦᠨᠳᠡᠯᠡᠨ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠠᠷᠤᠭ᠎ᠠ ᠯᠢᠦ ᠸᠸᠢ ᠦᠭᠡ ᠶᠡᠷᠢᠵᠤ᠂ ᠳᠤᠷᠰᠢᠯᠳᠠ ᠵᠢᠨ ᠭᠠᠵᠠᠷ ᠤᠷᠤᠨ᠎ᠤ᠎ᠬᠢᠨ ᠬᠠᠷᠠᠯᠳᠠ᠎ᠲᠠᠢ᠎ᠪᠠᠨ ᠤᠶᠠᠯᠳᠤᠭᠤᠯᠤᠨ᠂ ᠨᠡᠢ᠌ᠭᠡᠮ ᠳᠤᠭᠤᠷᠢᠭ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ᠎ᠤᠨ ᠠᠵᠢᠯᠲᠠᠨ ᠬᠠᠮᠳᠤᠪᠠᠷ ᠬᠦᠳᠡᠯᠤᠯᠴᠡᠨ ᠠᠵᠢᠯᠯᠠᠭ᠎ᠠ ᠵᠢᠨ ᠠ᠋ᠬᠦᠷᠭᠡ᠂ ᠭᠤᠤᠯᠳᠠᠯᠭ᠎ᠠ᠎ᠲᠠᠢ ᠠᠵᠢᠯ᠎ᠢ ᠨᠠᠷᠢᠨ ᠨᠢᠮᠪᠡᠢ ᠨᠠᠢ᠌ᠳᠠᠪᠤᠷᠢᠵᠢᠭᠤᠯᠵᠤ᠂ ᠨᠡᠢ᠌ᠭᠡᠮ ᠳᠤᠭᠤᠷᠢᠭ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ᠎ᠤᠨ ᠠᠵᠢᠯᠲᠠᠨ ᠬᠠᠮᠳᠤᠪᠠᠷ ᠬᠦᠳᠡᠯᠦᠯᠴᠡᠬᠦ ᠠᠵᠢᠯᠯᠠᠭ᠎ᠠ ᠵᠢᠨ ᠳᠤᠭᠳᠠᠴᠠ᠎ᠪᠠᠨ ᠳᠡᠬᠦᠯᠳᠡᠷᠵᠢᠬᠦᠯᠦᠨ᠂ ᠨᠡᠢ᠌ᠭᠡᠮ᠎ᠤᠨ ᠠᠵᠢᠯᠲᠠᠨ᠎ᠤ ᠠ᠋ᠩᠨᠡᠭᠡ ᠵᠢ ᠳᠠᠰᠤᠷᠠᠯᠳᠠ ᠦᠭᠡᠢ ᠪᠤᠵᠠᠭ᠋ᠠᠢ᠌ᠷᠠᠭᠤᠯᠵᠤ᠂ ᠤᠯᠠᠨ ᠠ᠋ᠰᠢᠵᠢᠭ᠌ᠰᠡᠨ ᠭᠡᠯᠪᠡᠷᠢ ᠵᠢᠨ ᠨᠠᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠬᠦᠮᠦᠵᠢᠬᠦᠯᠦᠨ ᠭᠠᠷᠭ᠋ᠠᠵᠤ᠂ ᠠᠰᠠᠭᠤᠳᠠᠯ᠎ᠢ ᠢᠯᠡᠷᠡᠬᠦᠯᠵᠤ ᠰᠢᠢ᠍ᠳᠪᠤᠷᠢᠯᠡᠨ᠂ ᠳᠤᠷᠰᠢᠯᠭ᠎ᠠ ᠰᠤᠷᠭ᠋ᠠᠮᠵᠢ ᠬᠤᠷᠠᠮᠳᠤᠭᠤᠯᠵᠤ᠂ ᠳᠠᠷᠠᠭ᠋ᠠᠴᠢ ᠵᠢᠨ ᠨᠡᠢ᠌ᠭᠡᠮ ᠳᠤᠭᠤᠷᠢᠭ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ᠎ᠤᠨ ᠠᠵᠢᠯᠲᠠᠨ ᠬᠠᠮᠳᠤᠪᠠᠷ ᠬᠦᠳᠡᠯᠦᠯᠴᠡᠬᠦ ᠠᠵᠢᠯᠯᠠᠭ᠎ᠠ᠎ᠳᠤ ᠰᠠᠢ᠌ᠨ ᠰᠠᠭᠤᠷᠢ ᠳᠠᠯᠪᠢᠬᠤ ᠭᠡᠷᠡᠭᠳᠡᠢ ᠭᠡᠵᠤ ᠱᠠᠭ᠋ᠠᠷᠳᠠᠵᠠᠢ᠃ ᠪᠤᠭᠤᠳᠤ ᠬᠤᠳᠠ ᠵᠢᠨ ᠨᠠᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠮᠢᠶᠠᠷᠤᠯᠳᠠ ᠵᠢᠨ ᠳᠤᠪᠴᠢᠶᠠᠨ᠎ᠤ ᠳᠠᠷᠤᠭ᠎ᠠ ᠠ᠋ᠸᠤ ᠶᠠᠨ ᠲᠢᠶᠸ ᠶᠤᠰᠤᠯᠠᠯ᠎ᠳᠤ ᠤᠷᠤᠯᠴᠠᠭᠰᠠᠨ ᠪᠦᠭᠡᠳ ᠳ᠋ᠦᠩᠨᠡᠯᠳᠡ ᠵᠢᠨ ᠶᠠᠷᠢᠶ᠎ᠠ ᠳᠠᠯᠪᠢᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠲᠤ ᠰᠢᠨ᠎ᠠ᠎ᠪᠠᠷ 11 ᠤᠨᠴᠠᠭ᠋ᠠᠢ ᠠᠷᠠᠳ ᠨᠡᠮᠡᠭᠳᠡᠪᠡ
ᠬᠦᠯᠦᠨ ᠪᠤᠢ᠌ᠷ ᠬᠤᠳᠠ ᠨᠠᠰᠤᠳᠠᠢ᠌ᠴᠤᠳ᠎ᠢ ᠠ᠋ᠨᠳᠡᠭᠳᠡᠯ᠎ᠤᠨ ᠳᠠᠭ᠋ᠠᠳᠬᠠᠯ᠎ᠳᠤ ᠤᠷᠤᠭᠤᠯᠬᠤ ᠵᠢ ᠢᠳᠡᠪᠬᠢᠳᠡᠢ ᠠᠬᠢᠭᠤᠯᠵᠤ ᠪᠠᠢ᠌ᠨ᠎ᠠ
ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ ᠳᠤᠭᠤᠷᠢᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠠ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠠᠯ᠎ᠢ ᠠᠬᠢᠭᠤᠯᠬᠤ ᠬᠤᠷᠠᠯ ᠬᠢᠪᠡ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠠᠷᠠᠳ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠪᠠᠢ᠌ᠴᠠᠭ᠋ᠠᠨ ᠰᠤᠳᠤᠯᠤᠯᠳᠠ ᠬᠢᠪᠡ
 
            