ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠠ᠋ᠷᠭᠡ ᠠᠰᠢᠭ᠎ᠢ ᠬᠠᠮᠠᠭ᠋ᠠᠯᠠᠬᠤ ᠳᠦᠷᠢᠮ》 2018 ᠤᠨ᠎ᠤ ᠦᠪᠦᠷ ᠮᠤᠩᠭᠤᠯ᠎ᠤᠨ ᠬᠠᠤᠯᠢ᠎ᠪᠠᠷ ᠵᠠᠰᠠᠬᠤ ᠠᠷᠪᠠᠨ ᠶᠡᠭᠡ ᠭᠡᠷᠡᠭ᠎ᠲᠤ ᠳᠡᠮᠳᠡᠭᠯᠡᠭᠳᠡᠪᠡ
ᠨᠡᠶᠢᠲᠡᠯᠡᠭᠰᠡᠨ ᠴᠠᠭ᠄ 2018-12-04

                               
      ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠯᠤᠰ ᠳᠦᠷᠦ ᠬᠠᠤᠯᠢ ᠴᠠᠭ᠋ᠠᠵᠠ ᠵᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠬᠠᠤᠯᠢ᠎ᠪᠠᠷ ᠤᠷᠤᠨ ᠵᠶ᠋ᠡᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ ᠪᠤᠯᠤᠨ ᠦᠪᠦᠷ ᠮᠤᠩᠭᠤᠯ᠎ᠤᠨ ᠷᠠᠳᠢᠤ᠋ ᠲᠸᠯᠸᠢᠰ ᠬᠤᠷᠢᠶ᠎ᠠ ᠬᠠᠮᠳᠤᠷᠠᠨ ᠶᠠᠪᠤᠭᠳᠠᠭᠤᠯᠤᠭᠰᠠᠨ 2018 ᠤᠨ᠎ᠤ 《ᠬᠠᠤᠯᠢ᠎ᠪᠠᠷ ᠵᠠᠰᠠᠬᠤ ᠠᠷᠪᠠᠨ ᠶᠡᠭᠡ ᠭᠡᠷᠡᠭ ᠠᠷᠪᠠᠨ ᠰᠢᠯᠢᠳᠡᠭ ᠬᠠᠤᠯᠢ ᠭᠡᠷᠡᠭᠵᠢᠬᠦᠯᠦᠭᠴᠢ ᠵᠢ ᠰᠢᠯᠭ᠋ᠠᠷᠠᠭᠤᠯᠬᠤ》 ᠠᠵᠢᠯᠯᠠᠭ᠎ᠠ ᠤᠢ᠌ᠷ᠎ᠡ᠎ᠳᠤ ᠦᠨᠳᠦᠷᠯᠡᠵᠡᠢ᠃ ᠳᠤᠤᠷ ᠰᠦᠯᠵᠢᠶ᠎ᠠ᠎ᠪᠠᠷ ᠤᠨᠤᠭ᠎ᠠ ᠦᠭᠬᠦ᠂ ᠬᠠᠤᠯᠢ ᠵᠢᠨ ᠤᠬᠠᠭ᠋ᠠᠳᠠᠨ ᠬᠢᠨᠠᠨ ᠵᠦᠪᠰᠢᠶᠡᠷᠡᠬᠦ ᠵᠡᠷᠭᠡ ᠭᠤᠭᠴᠤᠭ᠎ᠠ᠎ᠪᠠᠷ ᠳᠠᠮᠵᠢᠨ ᠦᠪᠦᠷ ᠮᠤᠩᠭᠤᠯ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠬᠠᠮᠳᠤᠷᠠᠨ ᠳᠡᠨᠢᠯᠴᠠᠭᠤᠯᠤᠨ ᠳᠡᠪᠰᠢᠬᠦᠯᠦᠭᠰᠡᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠠ᠋ᠷᠭᠡ ᠠᠰᠢᠭ᠎ᠢ ᠬᠠᠮᠠᠭ᠋ᠠᠯᠠᠬᠤ ᠳᠦᠷᠢᠮ》 2018 ᠤᠨ᠎ᠤ 《ᠦᠪᠦᠷ ᠮᠤᠩᠭᠤᠯ᠎ᠤᠨ ᠬᠠᠤᠯᠢ᠎ᠪᠠᠷ ᠵᠠᠰᠠᠬᠤ ᠠᠷᠪᠠᠨ ᠶᠡᠭᠡ ᠭᠡᠷᠡᠭ》᠎ᠲᠤ ᠳᠡᠮᠳᠡᠭᠯᠡᠭᠳᠡᠨ ᠤᠷᠤᠵᠠᠢ᠃
    12 ᠳ᠋ᠤᠭ᠋ᠠᠷ ᠰᠠᠷ᠎ᠠ ᠵᠢᠨ 4᠎ᠤ ᠠ᠋ᠳᠤᠷ᠂ ᠦᠪᠦᠷ ᠮᠤᠩᠭᠤᠯ᠎ᠤᠨ ᠷᠠᠳᠢᠤ᠋ ᠲᠸᠯᠸᠢᠰ ᠬᠤᠷᠢᠶ᠎ᠠ 2018 ᠤᠨ᠎ᠤ 《ᠦᠪᠦᠷ ᠮᠤᠩᠭᠤᠯ᠎ᠤᠨ ᠬᠠᠤᠯᠢ᠎ᠪᠠᠷ ᠵᠠᠰᠠᠬᠤ ᠠᠷᠪᠠᠨ ᠶᠡᠭᠡ ᠭᠡᠷᠡᠭ ᠵᠢᠴᠢ ᠠᠷᠪᠠᠨ ᠰᠢᠯᠢᠳᠡᠭ ᠬᠠᠤᠯᠢ ᠭᠡᠷᠡᠭᠵᠢᠬᠦᠯᠦᠭᠴᠢ》᠎ᠳᠤ ᠱᠠᠩᠨᠠᠯ ᠤᠯᠭᠤᠬᠤ ᠶᠤᠰᠤᠯᠠᠯ ᠶᠠᠪᠤᠭᠤᠯᠵᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠠᠷᠤᠭ᠎ᠠ ᠳ᠋ᠸᠩ ᠶᠤᠸᠠᠢ ᠯᠸᠤ ᠶᠤᠰᠤᠯᠠᠯ᠎ᠳᠤ ᠤᠷᠤᠯᠴᠠᠭᠰᠠᠨ ᠪᠦᠭᠡᠳ ᠱᠠᠩᠨᠠᠯ ᠤᠯᠤᠬᠰᠠᠳ᠎ᠲᠤ ᠱᠠᠩᠨᠠᠯ ᠬᠦᠬᠢᠬᠦᠯᠦᠯ᠎ᠤᠨ ᠦᠨᠡᠮᠯᠠᠯ ᠭᠠᠷᠳᠠᠭᠤᠯᠵᠠᠢ᠃
     《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠠ᠋ᠷᠭᠡ ᠠᠰᠢᠭ᠎ᠢ ᠬᠠᠮᠠᠭ᠋ᠠᠯᠠᠬᠤ ᠳᠦᠷᠢᠮ》᠎ᠨᠢ ᠨᠠᠰᠤᠳᠠᠢ᠌ᠴᠤᠳ᠎ᠤᠨ ᠦᠢ᠍ᠯᠡᠰ᠎ᠤᠨ ᠵᠠᠷᠤᠳᠠᠯ ᠮᠦᠩᠬᠦ ᠳᠤᠳᠠᠭᠳᠠᠬᠤ ᠪᠠ ᠦᠨᠳᠦᠰᠤᠨ ᠱᠠᠳᠤᠨ᠎ᠤ ᠬᠦᠴᠦᠨ ᠳᠤᠳᠠᠮᠠᠭ᠎ᠢ ᠨᠦᠬᠦᠪᠤᠷᠢᠯᠡᠬᠦ᠂ ᠭᠡᠷ ᠪᠦᠯᠢ ᠵᠢᠨ ᠠᠰᠠᠷᠠᠨ ᠬᠠᠷᠠᠭ᠋ᠠᠯᠵᠠᠬᠤ ᠠ᠋ᠬᠦᠷᠭᠡ ᠬᠠᠷᠢᠭᠤᠴᠠᠯᠭ᠎ᠠ ᠵᠢ ᠳᠤᠳᠤᠷᠬᠠᠢ᠌ᠯᠠᠬᠤ᠂ ᠭᠠᠭᠴᠠ ᠭᠡᠤᠭᠡᠳ᠎ᠲᠠᠢ ᠪᠠ ᠳᠦᠯᠦᠪᠯᠡᠭᠡᠳᠤ ᠦᠷᠡᠵᠢᠯ᠎ᠤᠨ ᠭᠡᠷ ᠪᠦᠯᠢ ᠵᠢᠨ ᠨᠠᠰᠤᠲᠠᠳ᠎ᠢ ᠠᠰᠠᠷᠠᠬᠤ ᠠ᠋ᠷᠴᠢᠮ ᠵᠶ᠋ᠡᠨ ᠴᠢᠩᠭ᠋ᠠᠷᠠᠭᠤᠯᠬᠤ᠂ ᠨᠠᠰᠤᠲᠠᠳ᠎ᠢ ᠭᠡᠷ᠎ᠲᠤ᠎ᠨᠢ ᠠᠰᠠᠷᠠᠬᠤ ᠪᠠᠳᠤᠯᠠᠪᠤᠷᠢ ᠵᠢᠨ ᠠᠷᠭ᠎ᠠ ᠭᠡᠮᠵᠢᠶ᠎ᠡ ᠵᠢ ᠨᠠᠷᠢᠯᠢᠭᠵᠢᠭᠤᠯᠬᠤ᠂ ᠨᠠᠰᠤᠳᠠᠢ᠌ᠴᠤᠳ᠎ᠤᠨ 《ᠬᠤᠶᠠᠷ ᠨᠦᠬᠦᠪᠤᠷᠢ ᠬᠤᠶᠠᠷ ᠳᠠᠭ᠋ᠠᠳᠬᠠᠯ》᠎ᠤᠨ ᠠᠰᠠᠷᠠᠮᠵᠢ ᠵᠢᠨ ᠳᠦᠷᠢᠮ᠎ᠢ ᠳᠡᠬᠦᠯᠳᠡᠷᠵᠢᠬᠦᠯᠬᠦ᠂ ᠨᠠᠰᠤᠳᠠᠢ᠌ᠴᠤᠳ᠎ᠢ ᠬᠠᠷᠠᠭ᠋ᠠᠯᠵᠠᠬᠤ ᠳᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ᠂ ᠮᠠᠯᠵᠢᠬᠤ ᠳᠠᠷᠢᠶᠠᠯᠠᠬᠤ ᠤᠷᠤᠨ᠎ᠤ ᠨᠠᠰᠤᠲᠠᠳ᠎ᠢ ᠠᠰᠠᠷᠠᠬᠤ ᠳᠦᠷᠢᠮ ᠳᠤᠭᠳᠠᠭ᠋ᠠᠯ᠎ᠢ ᠳᠡᠬᠦᠯᠳᠡᠷᠵᠢᠬᠦᠯᠬᠦ᠂ ᠬᠦᠴᠢᠷᠳᠡᠯ᠎ᠲᠠᠢ ᠨᠠᠰᠤᠲᠠᠳ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ᠎ᠳᠤ ᠤᠷᠤᠭᠤᠯᠬᠤ ᠵᠢ ᠠᠬᠢᠭᠤᠯᠬᠤ᠎ᠳᠤ ᠴᠢᠬᠤᠯᠠ ᠪᠠᠷᠢᠮᠳᠠᠯᠠᠯ ᠪᠤᠯᠵᠠᠢ᠃
     《ᠳᠦᠷᠢᠮ》᠎ᠨᠢ ᠦᠪᠡᠷᠳᠡᠭᠡᠨ ᠵᠠᠰᠠᠬᠤ ᠤᠷᠤᠨ᠎ᠤ ᠨᠠᠰᠤᠵᠢᠯ᠎ᠢ ᠢᠳᠡᠪᠬᠢᠳᠡᠢ ᠠᠷᠭ᠋ᠠᠴᠠᠬᠤ ᠴᠢᠬᠤᠯᠠ ᠬᠠᠤᠯᠢ ᠴᠠᠭ᠋ᠠᠵᠠ ᠵᠢᠨ ᠠᠷᠭ᠎ᠠ ᠭᠡᠮᠵᠢᠶ᠎ᠡ ᠪᠤᠯᠬᠤ ᠪᠦᠭᠡᠳ ᠳᠡᠷᠡ᠎ᠨᠢ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠦᠢ᠍ᠯᠡᠰ᠎ᠢ ᠠ᠋ᠷᠡᠬᠦᠯ ᠵᠶ᠋ᠡᠷ ᠬᠦᠭᠵᠢᠬᠦᠯᠬᠦ᠎ᠳᠤ ᠴᠢᠬᠤᠯᠠ ᠦᠢ᠍ᠯᠡᠳᠤᠯ ᠦᠵᠡᠬᠦᠯᠬᠦ ᠪᠤᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠨᠳᠦᠰᠤᠨ ᠱᠠᠳᠤᠨ᠎ᠤ ᠵᠠᠰᠠᠭ᠎ᠤᠨ ᠠ᠋ᠷᠭᠡ ᠪᠤᠯᠤᠨ ᠨᠡᠢ᠌ᠭᠡᠮ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠤᠨ᠎ᠬᠢᠨ ᠨᠡᠢ᠌ᠭᠡᠮ ᠳᠤᠭᠤᠷᠢᠭ᠎ᠤᠨ ᠠᠵᠢᠯ᠎ᠢ ᠪᠠᠢ᠌ᠴᠠᠭ᠋ᠠᠨ ᠵᠢᠯᠤᠭᠤᠳᠪᠠ
ᠬᠦᠨᠳᠡᠯᠡᠨ ᠳᠤᠭᠤᠷᠢᠭ᠎ᠤᠨ᠎ᠬᠢᠨ ᠨᠡᠢ᠌ᠭᠡᠮ ᠳᠤᠭᠤᠷᠢᠭ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠨᠡᠢ᠌ᠭᠡᠮ᠎ᠤᠨ ᠠᠵᠢᠯ᠎ᠤᠨ ᠴᠢᠳᠠᠪᠤᠷᠢᠳᠠᠨ ᠬᠠᠮᠳᠤᠪᠠᠷ ᠬᠦᠳᠡᠯᠦᠯᠴᠡᠬᠦ ᠳᠤᠷᠰᠢᠯᠳᠠ ᠵᠢ ᠠ᠋ᠬᠢᠯᠡᠬᠦᠯᠬᠦ ᠠᠵᠢᠯᠯᠠᠭ᠎ᠠ ᠵᠢᠴᠢ 《ᠮᠡᠷᠭᠡᠨ ᠠᠷᠭ᠎ᠠ》 ᠵᠢᠨ ᠤᠷᠤᠯᠳᠤᠭ᠋ᠠᠨ᠎ᠤ ᠱᠠᠩᠨᠠᠯ ᠤᠯᠭᠤᠬᠤ ᠶᠤᠰᠤᠯᠠᠯ ᠬᠢᠪᠡ
ᠠᠯᠠᠱ᠌ᠠ ᠠᠢ᠌ᠮᠠᠭ᠎ᠲᠤ ᠰᠢᠨ᠎ᠠ᠎ᠪᠠᠷ 11 ᠤᠨᠴᠠᠭ᠋ᠠᠢ ᠠᠷᠠᠳ ᠨᠡᠮᠡᠭᠳᠡᠪᠡ
ᠬᠦᠯᠦᠨ ᠪᠤᠢ᠌ᠷ ᠬᠤᠳᠠ ᠨᠠᠰᠤᠳᠠᠢ᠌ᠴᠤᠳ᠎ᠢ ᠠ᠋ᠨᠳᠡᠭᠳᠡᠯ᠎ᠤᠨ ᠳᠠᠭ᠋ᠠᠳᠬᠠᠯ᠎ᠳᠤ ᠤᠷᠤᠭᠤᠯᠬᠤ ᠵᠢ ᠢᠳᠡᠪᠬᠢᠳᠡᠢ ᠠᠬᠢᠭᠤᠯᠵᠤ ᠪᠠᠢ᠌ᠨ᠎ᠠ
ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ ᠳᠤᠭᠤᠷᠢᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠠ
 
            